ᠤᠮᠠᠷᠠᠲᠤ ᠬᠢᠯᠢ ᠶᠢᠨ ᠰᠣᠶᠣᠯ ᠢ ᠮᠠᠨᠳᠤᠭᠤᠯᠵᠤ ᠳᠤᠮᠳᠠᠳᠤ ᠶᠢᠨ ᠰᠣᠶᠣᠯ ᠤᠨ ᠰᠤᠳᠠᠰᠤ ᠶᠢ ᠵᠠᠯᠭᠠᠮᠵᠢᠯᠠᠶ᠎ᠠ —— ᠬᠤᠷᠢᠨᠭᠡᠷ ᠰᠢᠶᠠᠨ ᠤ ᠲᠦ᠋ ᠴᠧᠩ ᠽᠢ ᠶᠢᠨ ᠪᠠᠭᠤᠷᠢ᠄ ᠨᠢᠭᠡᠳᠦᠭᠰᠡᠨ ᠣᠯᠠᠨ ᠦᠨᠳᠦᠰᠦᠲᠡᠨ ᠪᠦᠬᠦᠢ ᠤᠯᠤᠰ ᠪᠦᠷᠢᠯᠳᠦᠵᠦ ᠬᠥᠭᠵᠢᠬᠦ ᠴᠢᠬᠤᠯᠠ ᠨᠤᠲᠠᠯᠠᠯ
ᠨᠡᠶᠢᠲᠡᠯᠡᠭᠰᠡᠨ ᠴᠠᠭ᠄
2024/6/24
     ᠬᠥᠬᠡᠬᠤᠲᠠ ᠶᠢᠨ ᠬᠤᠷᠢᠨᠭᠡᠷ ᠰᠢᠶᠠᠨ ᠳᠤ ᠣᠳᠣ ᠠᠴᠠ ᠬᠤᠶᠠᠷ ᠮᠢᠩᠭ᠎ᠠ ᠭᠠᠷᠤᠶ ᠵᠢᠯ ᠵᠠᠶᠢᠲᠠᠶ ᠡᠷᠲᠡᠨ ᠤ ᠬᠤᠲᠠ ᠶᠢᠨ ᠪᠠᠭᠤᠷᠢ᠂ ᠲᠦ᠋ ᠴᠧᠩ ᠽᠢ ᠶᠢᠨ ᠪᠠᠭᠤᠷᠢ᠂ ᠵᠦᠩ ᠡᠯ ᠲᠡᠨᠦᠭᠦᠴᠢᠯᠡᠭᠰᠡᠨ᠂ ᠬᠤ᠋ ᠶᠢᠨ ᠬᠤᠪᠴᠠᠰᠤ ᠪᠠ ᠨᠠᠮᠨᠠᠭ᠎ᠠ ᠵᠡᠷᠭᠡ ᠦᠯᠢᠭᠡᠷ ᠨᠢ ᠪᠦᠷ ᠠᠳᠡ ᠡᠭᠦᠰᠴᠦ᠂ ᠡᠯ᠎ᠡ ᠦᠨᠳᠦᠰᠦᠲᠡᠨ ᠤ ᠠᠳᠡᠬᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠨᠢ ᠨᠢᠭᠡᠳᠦᠭᠰᠡᠨ ᠣᠯᠠᠨ ᠦᠨᠳᠦᠰᠦᠲᠡᠨ ᠤ ᠤᠯᠤᠰ ᠤᠨ ᠪᠥᠷᠢᠯᠳᠦᠯ ᠪᠠ ᠬᠥᠭᠵᠢᠯᠲᠡ ᠶᠢ ᠭᠡᠷᠡᠴᠢᠯᠡᠵᠦ ᠪᠠᠶᠢᠨ᠎ᠠ᠃
     ᠬᠦᠬᠡᠬᠤᠲᠠ ᠶᠢᠨ ᠬᠤᠷᠢᠨᠭᠡᠷ ᠰᠢᠶᠠᠨ ᠤ ᠵᠡᠭᠡᠯᠢ ᠠᠴᠠ ᠭᠠᠷᠴᠤ᠂ ᠨᠢᠭᠡ ᠵᠠᠮ ᠤᠮᠠᠷᠠᠰᠢ 12 ᠺᠢᠯᠣᠮᠧᠲᠷ ᠪᠠᠶᠢᠷᠢᠰᠢᠵᠤ ᠪᠠᠶᠢᠭ᠎ᠠ ᠨᠢ ᠬᠤᠷᠢᠨᠭᠡᠷ ᠤᠨ ᠲᠦ᠋ ᠴᠧᠩ ᠽᠢ ᠶᠢᠨ ᠪᠠᠭᠤᠷᠢ ᠪᠣᠯᠤᠨ᠎ᠠ᠂ ᠡᠨᠡ ᠪᠣᠯ ᠬᠠᠲᠤᠨ ᠭᠤᠣᠯ ᠤᠨ ᠰᠠᠪᠠ ᠭᠠᠵᠠᠷ ᠤᠨ ᠬᠠᠮᠤᠭ ᠤᠨ ᠲᠣᠮᠣ ᠡᠷᠲᠡᠨ ᠤ ᠬᠤᠲᠠ ᠶᠢᠨ ᠪᠠᠭᠤᠷᠢ ᠪᠣᠯᠬᠤ ᠪᠥᠭᠡᠳ ᠪᠠᠰᠠ ᠴᠦ ᠲᠠᠯ᠎ᠠ ᠨᠤᠲᠤᠭ ᠤᠨ ᠲᠣᠷᠭᠠᠨ ᠵᠠᠮ ᠳᠡᠭᠡᠷᠡᠬᠢ ᠴᠢᠬᠤᠯᠠ ᠵᠠᠩᠭᠢᠯᠠᠭ᠎ᠠ ᠪᠣᠯᠤᠨ᠎ᠠ᠃
     ᠪᠦᠬᠦ ᠬᠤᠳᠠ ᠶᠢᠨ ᠪᠠᠭᠤᠷᠢ ᠶᠢᠨ ᠲᠡᠭᠰᠢ ᠲᠥᠷᠪᠡᠯᠵᠢᠨ ᠺᠢᠯᠤᠮᠧᠲᠷ ᠨᠢ ᠪᠠᠷᠤᠭ 4 ᠲᠡᠭᠰᠢ ᠳᠦᠷᠪᠡᠯᠵᠢᠨ ᠺᠢᠯᠤᠮᠧᠲᠷ ᠲᠠᠯᠠᠪᠠᠢ ᠲᠠᠢ ᠪᠠᠶᠢᠵᠤ᠂ ᠪᠠᠷᠤᠭ 2000 ᠭᠠᠷᠤᠢ ᠵᠢᠯ ᠬᠡᠷᠡᠭᠯᠡᠭᠳᠡᠭᠰᠡᠨ ᠪᠠᠶᠢᠨ᠎ᠠ᠃ ᠤᠳᠠᠯ ᠦᠭᠡᠢ ᠠᠳᠡ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠪᠠᠶᠢᠭᠤᠯᠬᠤ ᠪᠣᠯᠤᠨ᠎ᠠ᠃
     ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠤᠮᠠᠷᠠᠲᠤ ᠬᠢᠯᠢ ᠶᠢᠨ ᠰᠣᠶᠣᠯ ᠤᠨ ᠥᠪ ᠤᠨ ᠰᠤᠳᠤᠯᠭᠠᠨ ᠤ ᠲᠥᠪ ᠤᠨ ᠡᠷᠬᠢᠯᠡᠭᠴᠢ ᠴᠧᠨ ᠶᠦᠩ ᡁᠢ ᠬᠤᠷᠢᠨᠭᠡᠷ ᠲᠦ᠋ ᠴᠧᠩ ᠽᠢ ᠶᠢᠨ ᠡᠷᠲᠡᠨ ᠤ ᠬᠤᠲᠠ ᠶᠢᠨ ᠰᠣᠶᠣᠯ ᠤᠨ ᠵᠢᠭᠰᠠᠯ ᠪᠠ ᠰᠤᠳᠠᠰᠤ ᠪᠣᠯ ᠳᠤᠮᠳᠠᠳᠤ ᠤᠯᠤᠰ ᠤᠨ ᠤᠮᠠᠷᠠᠲᠤ ᠶᠢᠨ ᠬᠠᠮᠤᠭ ᠤᠨ ᠪᠦᠷᠢᠨ ᠪᠦᠲᠦᠨ ᠬᠤᠪᠣᠷ ᠨᠠᠨᠳᠢᠨ ᠰᠣᠶᠣᠯ ᠤᠨ ᠦᠯᠡᠳᠡᠭᠳᠡᠯ ᠪᠣᠯᠤᠨ᠎ᠠ᠃ ᠴᠦᠨ ᠴᠢᠤ ᠶᠢᠨ ᠦᠶ᠎ᠡ ᠠᠴᠠ ᠠᠪᠤᠭᠠᠳ ᠴᠢᠩ ᠤᠯᠤᠰ ᠤᠨ ᠦᠶ᠎ᠡ ᠬᠦᠷᠲᠡᠯ᠎ᠡ ᠠᠳᠠᠯᠢ ᠪᠤᠰᠤ ᠲᠡᠦᠬᠡᠨ ᠱᠠᠲᠤᠨ ᠳᠤ ᠪᠢᠳᠡ ᠴᠥᠮ ᠠᠳᠠᠯᠢ ᠪᠤᠰᠤ ᠰᠣᠶᠣᠯ ᠤᠨ ᠦᠯᠡᠳᠡᠭᠳᠡᠯ ᠢ ᠣᠯᠵᠤ ᠮᠡᠳᠡᠵᠡᠢ᠃ ᠪᠢᠳᠡ ᠳᠤᠮᠳᠠᠳᠤ ᠤᠯᠤᠰ ᠤᠨ ᠤᠮᠠᠷᠠᠲᠤ ᠶᠢᠨ ᠬᠢᠯᠢ ᠬᠢᠵᠠᠭᠠᠷ ᠣᠷᠤᠨ ᠤ ᠠᠳᠠᠯᠢ ᠪᠤᠰᠤ ᠦᠨᠳᠦᠰᠦᠲᠡᠨ ᠤ ᠴᠢᠨᠠᠷ ᠢ ᠦᠨᠡᠨ ᠪᠤᠳᠠᠲᠠᠶ ᠪᠠᠷ ᠣᠯᠵᠤ ᠦᠵᠡᠵᠦ ᠪᠤᠯᠤᠨ᠎ᠠ᠃
     ᠴᠦᠨ ᠴᠢᠦ ᠪᠠᠶᠢᠯᠳᠤᠭᠠᠨᠲᠤ ᠤᠯᠤᠰ ᠠᠴᠠ ᠯᠢᠶᠣᠤ ᠤᠯᠤᠰ ᠪᠠ ᠶᠤᠸᠠᠨ ᠤᠯᠤᠰ ᠤᠨ ᠦᠶ᠎ᠡ ᠳᠤ ᠳᠤᠮᠳᠠᠳᠤ ᠣᠷᠣᠨ ᠤ ᠸᠠᠩᠲᠤ ᠲᠥᠷᠥ ᠤᠷᠢᠳ ᠬᠤᠵᠢᠳ ᠠᠳᠡ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠪᠠᠶᠢᠭᠤᠯᠤᠮᠵᠢ ᠪᠠᠶᠢᠭᠤᠯᠤᠭᠰᠠᠨ ᠪᠥᠭᠡᠳ ᠨᠡᠶᠢᠰᠯᠡᠯ ᠬᠤᠲᠠ ᠶᠢ ᠪᠠᠶᠢᠭᠤᠯᠵᠠᠢ᠃ ᠳ᠋ᠢᠩ ᠰᠢᠶᠠᠩ ᠵᠢᠶᠦ᠋ᠨ᠂ ᠴᠧᠩ ᠯᠧ ᠰᠢᠶᠠᠨ᠂ ᠱᠧᠩ ᠯᠧ ᠨᠠᠷ ᠪᠤᠯ ᠪᠦᠷ ᠡᠷᠲᠡᠨ ᠤ ᠬᠤᠲᠠ ᠶᠢᠨ ᠨᠡᠷ᠎ᠡ᠃ ᠬᠤᠳᠠ ᠶᠢᠨ ᠭᠠᠳᠠᠨᠠᠬᠢ ᠤᠩᠭᠤᠨ ᠠᠴᠠ ᠤᠯᠳᠠᠭᠰᠠᠨ ᠤᠯᠠᠩᠬᠢ ᠭᠠᠤᠯᠢᠨ ᠰᠡᠯᠡᠮ᠎ᠡ ᠶᠢᠨ ᠬᠡᠯᠪᠡᠷᠢ ᠬᠢᠴᠡ ᠨᠢ ᠴᠦᠮ ᠶᠤᠸᠠᠢ ᠸᠠᠩ ᠭᠸᠥ ᠵᠢᠶᠠᠨ ᠤ ᠬᠢ ᠲᠠᠢ ᠠᠳᠠᠯᠢ ᠪᠠᠶᠢᠳᠠᠭ᠃ ᠬᠠᠮᠤᠭ ᠨᠡᠷᠡᠲᠡᠢ ᠰᠡᠯᠡᠮ᠎ᠡ ᠪᠣᠯ ︽ᠡᠯ ᠶᠢᠨ ᠠᠯᠪᠠᠨ ᠰᠡᠯᠡᠮ᠎ᠡ︾ ᠭᠡᠳᠡᠭ᠃ ᠡᠨᠡ ᠨᠢ ᠴᠦᠨ ᠴᠢᠦ ᠲᠠᠪᠤᠨ ᠡᠵᠡᠷᠬᠡᠭᠴᠢ ᠪᠣᠯᠬᠤ ᠶᠢᠨ ᠸᠧᠨ ᠬᠦᠩ ᠤᠨ ᠰᠡᠯᠡᠮ᠎ᠡ ᠪᠣᠯᠤᠨ᠎ᠠ᠃ ᠲᠤᠬᠠᠢ ᠶᠢᠨ ᠦᠶ᠎ᠡ ᠳᠤ ᠳᠤᠮᠳᠠᠳᠤ ᠣᠷᠣᠨ ᠤ ᠬᠦᠭᠵᠢᠭᠰᠡᠨ ᠲᠡᠷᠢᠭᠦᠨ ᠤ ᠵᠡᠰ ᠪᠣᠯᠪᠠᠰᠤᠷᠠᠭᠤᠯᠬᠤ ᠮᠡᠷᠭᠡᠵᠢᠯ᠂ ᠬᠦᠷᠡᠯ ᠵᠡᠪᠰᠡᠭ ᠤᠨ ᠪᠣᠯᠪᠠᠰᠤᠨ ᠠᠭᠠᠵᠢᠮ ᠢᠶᠠᠷ ᠤᠮᠠᠷᠠᠰᠢ ᠰᠢᠯᠵᠢᠵᠠᠢ᠃
      ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠤᠮᠠᠷᠠᠲᠤ ᠬᠢᠯᠢ ᠶᠢᠨ ᠰᠣᠶᠣᠯ ᠤᠨ ᠥᠪ ᠤᠨ ᠰᠤᠳᠤᠯᠭᠠᠨ ᠤ ᠲᠥᠪ ᠤᠨ ᠡᠷᠬᠢᠯᠡᠭᠴᠢ ᠴᠧᠨ ᠶᠦᠩ ᡁᠢ ᠡᠭᠦᠨ ᠠᠴᠠ ᠳᠤᠮᠳᠠᠳᠤ ᠤᠯᠤᠰ ᠤᠨ ᠸᠠᠩᠲᠤ ᠲᠥᠷᠥ ᠶᠢᠨ ᠳᠤᠮᠳᠠᠳᠤ ᠤᠯᠤᠰ ᠤᠨ ᠤᠮᠠᠷᠠᠲᠤ ᠬᠢᠯᠢ ᠶᠢᠨ ᠪᠦᠲᠦᠮᠵᠢᠲᠡᠶ ᠬᠠᠮᠢᠶᠠᠷᠤᠯᠲᠠ ᠪᠠ ᠨᠡᠭᠡᠭᠡᠯᠲᠡ ᠬᠢᠭᠰᠡᠨ ᠡᠨᠡ ᠬᠦ ᠲᠡᠦᠬᠡᠨ ᠪᠣᠳᠠᠲᠤ ᠬᠡᠷᠡᠭ ᠢ ᠣᠯᠵᠤ ᠬᠠᠷᠠᠵᠠᠢ᠃ ᠡᠨᠡ ᠨᠢ ᠦᠨᠡᠨ ᠳᠡᠭᠡᠨ ᠮᠠᠨ ᠤ ᠤᠯᠤᠰ ᠤᠨ ᠨᠢᠭᠡᠳᠦᠭᠰᠡᠨ ᠣᠯᠠᠨ ᠦᠨᠳᠦᠰᠦᠲᠡᠨ ᠲᠠᠢ ᠤᠯᠤᠰ ᠤᠨ ᠪᠦᠷᠢᠯᠳᠦᠭᠰᠡᠨ ᠨᠢᠭᠡᠨ ᠴᠢᠬᠤᠯᠠ ᠪᠤᠳᠠᠲᠤ ᠪᠤᠳᠠᠰ ᠤᠨ ᠵᠢᠱᠢᠶ᠎ᠡ ᠪᠣᠯᠣᠨ᠎ᠠ᠃ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号