ᠰᠢᠨ᠎ᠡ ᠪᠠᠷ ᠠᠵᠢᠯ ᠳᠤ ᠣᠷᠣᠬᠤ ᠬᠠᠤᠯᠢᠴᠢ ᠬᠤᠷᠢᠨᠭᠡᠷ ᠰᠢᠶᠠᠨ ᠤ ᠴᠧᠩ ᠭᠤᠸᠠᠨ ᠬᠠᠤᠯᠢ ᠴᠠᠭᠠᠵᠠ ᠶᠢᠨ ᠭᠠᠵᠠᠷ ᠲᠤ ᠣᠴᠢᠭᠤᠯᠤᠨ ᠦᠢᠯᠡᠳᠦᠯᠭᠡᠵᠢᠭᠦᠯᠦᠨ ᠪᠣᠯᠪᠠᠰᠣᠷᠠᠭᠤᠯᠪᠠ
ᠨᠡᠶᠢᠲᠡᠯᠡᠭᠰᠡᠨ ᠴᠠᠭ᠄
2024/6/25
     ︽ᠰᠢᠨ᠎ᠡ ᠪᠠᠷ ᠠᠵᠢᠯ ᠳᠤ ᠣᠷᠣᠬᠤ ᠬᠠᠤᠯᠢᠴᠢ ᠶᠢ ᠬᠠᠤᠯᠢ ᠴᠠᠭᠠᠵᠠ ᠶᠢᠨ ᠭᠠᠵᠠᠷ ᠲᠤ ᠣᠴᠢᠭᠤᠯᠤᠨ ᠦᠢᠯᠡᠳᠦᠯᠭᠡᠵᠢᠭᠦᠯᠦᠨ ᠪᠣᠯᠪᠠᠰᠤᠷᠠᠭᠤᠯᠬᠤ ᠲᠤᠷᠰᠢᠯᠲᠠ ᠶᠢᠨ ᠠᠵᠢᠯ ᠢ ᠥᠷᠨᠢᠭᠦᠯᠬᠦ ᠲᠤᠬᠠᠶ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠮᠡᠳᠡᠭᠳᠡᠯ︾ ᠤᠨ ᠱᠠᠭᠠᠷᠳᠠᠯᠭ᠎ᠠ ᠵᠢᠴᠢ ᠠᠵᠢᠯ ᠤᠨ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠪᠠᠷ ᠠᠵᠢᠯ ᠳᠤ ᠣᠷᠣᠬᠤ ᠬᠠᠤᠯᠢᠴᠢ ᠶᠢ ᠬᠠᠤᠯᠢ ᠴᠠᠭᠠᠵᠠ ᠶᠢᠨ ᠭᠠᠵᠠᠷ ᠲᠤ ᠣᠴᠢᠭᠤᠯᠤᠨ ᠦᠢᠯᠡᠳᠦᠯᠭᠡᠵᠢᠭᠦᠯᠦᠨ ᠪᠣᠯᠪᠠᠰᠤᠷᠠᠭᠤᠯᠬᠤ ᠠᠵᠢᠯ ᠤᠨ ᠲᠣᠭᠲᠠᠴᠠ ᠶᠢ ᠲᠦᠷᠭᠡᠪᠴᠢᠯᠡᠨ ᠪᠠᠶᠢᠭᠤᠯᠬᠤ ᠶᠢᠨ ᠲᠤᠰᠠᠳᠠ᠂ 2024 ᠣᠨ ᠤ 6 ᠰᠠᠷ᠎ᠠ ᠶᠢᠨ 19 ᠤ ᠡᠳᠦᠷ᠂ ᠥᠪᠥᠷ ᠮᠣᠩᠭᠤᠯ ᠤᠨ ᠵᠢᠩ ᠸᠧᠢ ᠲᠢᠶᠠᠨ ᠷᠦᠩ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠰᠢᠨ᠎ᠡ ᠪᠠᠷ ᠠᠵᠢᠯ ᠳᠤ ᠣᠷᠣᠬᠤ ᠬᠠᠤᠯᠢᠴᠢ ᠶᠢ ᠳᠠᠭᠠᠭᠤᠯᠤᠨ ᠬᠤᠷᠢᠨᠭᠡᠷ ᠰᠢᠶᠠᠨ ᠤ ᠴᠧᠩ ᠭᠤᠸᠠᠨ ᠬᠠᠤᠯᠢ ᠴᠠᠭᠠᠵᠠ ᠶᠢᠨ ᠭᠠᠵᠠᠷ ᠲᠤ ᠨᠡᠷ᠎ᠡ ᠮᠡᠳᠡᠭᠦᠯᠵᠦ᠂ ᠨᠢᠭᠡ ᠵᠢᠯ ᠤᠨ ᠬᠤᠭᠤᠴᠠᠭ᠎ᠠ ᠲᠠᠢ ᠦᠢᠯᠡᠳᠦᠯᠭᠡ ᠶᠢᠨ ᠳᠠᠪᠲᠠᠯᠲᠠ ᠶᠢᠨ ᠠᠶᠠᠯᠠᠯ ᠢᠶᠠᠨ ᠵᠢᠩᠬᠢᠨᠢ ᠪᠠᠷ ᠡᠬᠢᠯᠡᠭᠦᠯᠪᠡ᠃      ᠮᠠ ᠲᠣᠪᠴᠢᠶᠠᠨ ᠳᠠᠷᠤᠭ᠎ᠠ ᠰᠢᠨ᠎ᠡ ᠪᠠᠷ ᠠᠵᠢᠯ ᠳᠤ ᠤᠷᠤᠭᠰᠠᠨ ᠬᠠᠤᠯᠢᠴᠢ ᠶᠢᠨ ᠬᠦᠷᠦᠯᠴᠡᠨ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠥᠪᠥᠷ ᠮᠣᠩᠭᠤᠯ ᠤᠨ ᠵᠢᠩ ᠸᠧᠢ ᠲᠢᠶᠠᠨ ᠷᠦᠩ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠱᠦᠵᠢ᠂ ᠡᠷᠬᠢᠯᠡᠭᠴᠢ ᠵᠢᠴᠢ ᠪᠤᠰᠤᠳ ᠬᠠᠤᠯᠢᠴᠢ ᠲᠠᠢ ᠰᠠᠨᠠᠯ ᠢᠶᠠᠨ ᠰᠣᠯᠢᠯᠴᠠᠨ ᠶᠠᠷᠢᠯᠴᠠᠪᠠ᠃ ᠬᠠᠤᠯᠢᠴᠢ ᠶᠢᠨ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠠᠵᠢᠯ ᠢ ᠨᠡᠩ ᠭᠦᠨᠵᠡᠭᠡᠢ ᠣᠶᠢᠯᠠᠭᠠᠭᠤᠯᠬᠤ ᠶᠢᠨ ᠲᠤᠰᠠᠳᠠ᠂ ᠬᠠᠤᠯᠢ ᠴᠠᠭᠠᠵᠠ ᠶᠢᠨ ᠭᠠᠵᠠᠷ ᠤᠨ ᠳᠠᠷᠤᠭ᠎ᠠ ᠨᠢ ᠰᠢᠨ᠎ᠡ ᠪᠠᠷ ᠠᠵᠢᠯ ᠳᠤ ᠤᠷᠤᠭᠰᠠᠨ ᠬᠠᠤᠯᠢᠴᠢ ᠳᠤ ᠬᠠᠤᠯᠢ ᠴᠠᠭᠠᠵᠠ ᠶᠢᠨ ᠭᠠᠵᠠᠷ ᠤᠨ ᠦᠨᠳᠦᠰᠦᠨ ᠪᠠᠶᠢᠳᠠᠯ ᠵᠢᠴᠢ ᠠᠵᠢᠯ ᠤᠨ ᠠᠭᠤᠯᠭ᠎ᠠ ᠪᠣᠯᠤᠨ ᠲᠤᠰᠢᠶᠠᠯ ᠬᠠᠷᠢᠭᠤᠴᠠᠯᠭ᠎ᠠ ᠶᠢ ᠲᠠᠨᠢᠯᠴᠠᠭᠤᠯᠵᠤ᠂ ᠡᠭᠦᠨ ᠳᠤ ᠤᠯᠠᠨ ᠲᠦᠮᠡᠨ ᠤ ᠰᠤᠷᠪᠤᠯᠵᠢᠯᠠᠭ᠎ᠠ ᠶᠢ ᠬᠦᠯᠢᠶᠡᠨ ᠠᠪᠬᠤ᠂ ᠬᠠᠤᠯᠢ ᠴᠠᠭᠠᠵᠠ ᠶᠢᠨ ᠵᠥᠪᠯᠡᠯᠭᠡ ᠥᠭᠬᠦ ᠶᠢ ᠬᠠᠷᠢᠭᠤᠯᠬᠤ᠂ ᠵᠢᠭᠤᠷᠠᠯᠳᠤᠭᠠᠨ ᠢ ᠡᠶᠡᠳᠡᠭᠦᠯᠬᠦ ᠳᠤ ᠣᠷᠣᠯᠴᠠᠬᠤ ᠵᠡᠷᠭᠡ ᠶᠢ ᠪᠠᠭᠲᠠᠭᠠᠵᠠᠢ᠃ ᠰᠢᠨ᠎ᠡ ᠪᠠᠷ ᠠᠵᠢᠯ ᠳᠤ ᠤᠷᠤᠭᠰᠠᠨ ᠬᠠᠤᠯᠢᠴᠢ ᠣᠷᠭᠢᠯᠤᠮ᠎ᠠ ᠬᠠᠯᠠᠭᠤᠨ ᠰᠡᠳᠬᠢᠯᠭᠡ ᠪᠠ ᠯᠠᠪᠳᠠᠭᠤᠨ ᠪᠠᠲᠤᠲᠠᠶ ᠲᠤᠰᠬᠠᠶ ᠮᠡᠷᠭᠡᠵᠢᠯ ᠤᠨ ᠮᠡᠳᠡᠯᠭᠡ ᠪᠠᠷ ᠢᠶᠠᠨ ᠦᠨᠳᠦᠰᠦᠨ ᠱᠠᠲᠤᠨ ᠤ ᠣᠯᠠᠨ ᠲᠦᠮᠡᠨ ᠳᠤ ᠴᠢᠨᠠᠷ ᠰᠠᠶᠢᠲᠠᠶ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠵᠤ᠂ ᠲᠡᠳᠡᠨ ᠢ ᠬᠠᠪᠰᠤᠷᠤᠨ ᠬᠠᠤᠯᠢ ᠴᠠᠭᠠᠵᠠ ᠶᠢᠨ ᠠᠰᠠᠭᠤᠳᠠᠯ ᠢ ᠨᠢ ᠰᠢᠢᠳᠪᠦᠷᠢᠯᠡᠵᠦ᠂ ᠲᠡᠳᠡᠨ ᠤ ᠬᠠᠤᠯᠢ ᠶᠣᠰᠣᠨ ᠤ ᠡᠷᠬᠡ ᠠᠰᠢᠭ ᠢ ᠨᠢ ᠬᠠᠮᠠᠭᠠᠯᠠᠬᠤ ᠶᠢ ᠬᠦᠰᠡᠵᠦ ᠪᠠᠶᠢᠨ᠎ᠠ ᠭᠡᠵᠡᠢ᠃      ᠲᠣᠰ ᠤᠳᠠᠭᠠᠨ ᠤ ᠰᠢᠨ᠎ᠡ ᠪᠠᠷ ᠠᠵᠢᠯ ᠳᠤ ᠤᠷᠤᠭᠰᠠᠨ ᠬᠠᠤᠯᠢᠴᠢ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠭᠠᠵᠠᠷ ᠲᠤ ᠬᠦᠷᠴᠦ ᠦᠢᠯᠡᠳᠦᠯᠭᠡᠵᠢᠭᠦᠯᠦᠨ ᠪᠣᠯᠪᠠᠰᠤᠷᠠᠭᠤᠯᠬᠤ ᠠᠷᠭ᠎ᠠ ᠬᠡᠮᠵᠢᠶ᠎ᠡ ᠨᠢ ᠬᠠᠤᠯᠢᠴᠢ ᠶᠢᠨ ᠡᠩᠨᠡᠭᠡᠨ ᠤ ᠪᠦᠬᠦᠯᠢ ᠴᠣᠭᠴᠠ ᠶᠢᠨ ᠬᠡᠪ ᠴᠢᠨᠠᠷ ᠪᠠ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠳᠤ ᠠᠰᠢᠭᠲᠠᠶ ᠪᠥᠭᠡᠳ ᠪᠠᠰᠠ ᠦᠨᠳᠦᠰᠦᠨ ᠱᠠᠲᠤᠨ ᠤ ᠣᠯᠠᠨ ᠲᠦᠮᠡᠨ ᠳᠤ ᠨᠠᠩ ᠴᠢᠨᠠᠷ ᠰᠠᠶᠢᠲᠠᠶ᠂ ᠥᠨᠳᠥᠷ ᠪᠦᠲᠦᠮᠵᠢᠲᠡᠶ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠬᠤ ᠪᠣᠯᠤᠨ᠎ᠠ᠃ ᠬᠠᠤᠯᠢ ᠴᠠᠭᠠᠵᠠ ᠶᠢᠨ ᠭᠠᠵᠠᠷ ᠴᠤ ᠰᠢᠨ᠎ᠡ ᠪᠠᠷ ᠠᠵᠢᠯ ᠳᠤ ᠤᠷᠤᠭᠰᠠᠨ ᠬᠠᠤᠯᠢᠴᠢ ᠶᠢ ᠪᠥᠬᠦ ᠬᠦᠴᠦᠨ ᠢᠶᠠᠷ ᠢᠶᠠᠨ ᠳᠡᠮᠵᠢᠨ ᠬᠠᠪᠰᠤᠷᠴᠤ᠂ ᠪᠢᠳᠡ ᠰᠢᠨ᠎ᠡ ᠪᠠᠷ ᠠᠵᠢᠯ ᠳᠤ ᠤᠷᠤᠭᠰᠠᠨ ᠬᠠᠤᠯᠢᠴᠢ ᠶᠢᠨ ᠴᠧᠩ ᠭᠤᠸᠠᠨ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ ᠤᠨ ᠦᠢᠯᠡᠳᠦᠯᠭᠡ ᠶᠢᠨ ᠪᠣᠯᠪᠠᠰᠣᠷᠠᠭᠤᠯᠤᠯ ᠳᠤᠮᠳᠠ ᠰᠢᠯᠢᠳᠡᠭ ᠠᠮᠵᠢᠯᠲᠠ ᠣᠯᠵᠤ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠦᠢᠯᠡᠰ ᠲᠤ ᠨᠠᠩ ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠪᠡ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号