ᠪᠦᠬᠦ ᠰᠢᠶᠠᠨ ᠤ ᠤᠳᠤᠷᠢᠳᠬᠤ ᠺᠠᠳ᠋ᠷᠴᠤᠳ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/25
     6 ᠰᠠᠷ᠎ᠠ ᠶᠢᠨ 21 ᠤ ᠡᠳᠦᠷ᠂ ᠪᠦᠬᠦ ᠰᠢᠶᠠᠨ ᠤ ᠤᠳᠤᠷᠢᠳᠬᠤ ᠺᠠᠳ᠋ᠷ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠵᠤ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠯᠢᠦ ᠰᠢᠶᠤᠤ ᠬᠤᠷᠠᠯ ᠢ ᠡᠷᠬᠢᠯᠡᠪᠡ᠃      ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠱᠧᠨ ᠰᠢᠶᠤᠤ ᠳ᠋ᠦᠩ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠤᠯᠠᠮᠵᠢᠯᠠᠵᠤ᠂ ᠪᠦᠬᠦ ᠰᠢᠶᠠᠨ ᠤ ᠰᠠᠬᠢᠯᠭ᠎ᠠ ᠪᠠᠲᠤ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠪᠣᠯᠤᠨ ᠰᠠᠬᠢᠯᠭ᠎ᠠ ᠪᠠᠲᠤ ᠶᠢ ᠬᠢᠨᠠᠨ ᠪᠠᠶᠢᠴᠠᠭᠠᠭᠰᠠᠨ ᠪᠠᠶᠢᠳᠠᠯ ᠢ ᠮᠡᠳᠡᠭᠳᠡᠵᠦ᠂ ᠬᠤᠷᠠᠯ ᠳᠤ ᠣᠷᠣᠯᠴᠠᠭᠰᠠᠳ ᠬᠠᠮᠲᠤᠪᠠᠷ ᠰᠡᠷᠡᠮᠵᠢᠯᠡᠭᠦᠯᠬᠦ ᠬᠥᠮᠦᠵᠢᠯ ᠤᠨ ᠹᠢᠯᠢᠮ ︽ᠭᠡᠮᠰᠢᠯ ᠪᠠ ᠰᠡᠷᠡᠮᠵᠢᠯᠡᠯ︾ ᠭᠡᠬᠦ ᠹᠢᠯᠢᠮ ᠢ ᠦᠵᠡᠪᠡ᠃      ᠬᠤᠷᠠᠯ ᠠᠴᠠ᠂ ᠪᠦᠬᠦ ᠰᠢᠶᠠᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠠᠬᠢᠯᠭ᠎ᠠ ᠪᠠᠲᠤ ᠶᠣᠰᠣ ᠲᠦᠷᠢᠮ ᠢ ᠦᠨᠡᠨᠬᠦ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ᠂ ᠠᠵᠢᠯᠯᠠᠭᠠᠨ ᠤ ᠤᠬᠠᠮᠰᠠᠷ ᠪᠣᠯᠭᠠᠨ ᠬᠤᠪᠢᠷᠠᠭᠤᠯᠵᠤ᠂ ᠪᠣᠳᠠᠲᠤ ᠠᠵᠢᠯᠯᠠᠭ᠎ᠠ ᠪᠣᠯᠤᠨ ᠦᠷ᠎ᠡ ᠪᠦᠲᠦᠮᠵᠢ ᠪᠠᠷ ᠢᠶᠠᠨ ︽ᠬᠤᠶᠠᠷ ᠢ ᠲᠣᠭᠲᠠᠭᠠᠭᠰᠠᠨ︾ ᠢ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠡᠭᠦᠨ ᠢᠶᠠᠷ ᠰᠤᠷᠭᠠᠮᠵᠢ ᠪᠣᠯᠭᠠᠵᠤ᠂ ᠬᠡᠷᠡᠭ ᠢᠶᠠᠷ ᠰᠤᠷᠤᠯᠴᠠᠯᠭ᠎ᠠ ᠶᠢ ᠠᠬᠢᠭᠤᠯᠬᠤ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠢ ᠪᠦᠬᠦ ᠲᠠᠯ᠎ᠠ ᠪᠠᠷ ᠡᠵᠡᠮᠰᠢᠵᠦ᠂ ᠴᠢᠩᠭ᠎ᠠ ᠵᠢᠷᠤᠮᠯᠠᠵᠤ᠂ ᠶᠠᠭᠤ ᠬᠢᠵᠦ ᠳᠡᠶᠢᠯᠬᠦ᠂ ᠶᠠᠭᠤ ᠬᠢᠵᠦ ᠪᠣᠯᠬᠤ ᠦᠭᠡᠢ ᠭᠡᠳᠡᠭ ᠢ ᠦᠨᠡᠨ ᠬᠦ ᠲᠣᠳᠣᠷᠬᠠᠢ ᠣᠶᠢᠯᠠᠭᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠠᠶᠢᠩᠭᠤ ᠶᠢᠨ ᠴᠢᠨᠠᠷᠲᠠᠢ ᠠᠵᠢᠯ ᠪᠣᠯᠭᠠᠨ ᠠᠳᠬᠤᠵᠤ᠂ ᠨᠠᠮ ᠤᠨ ᠭᠡᠰᠢᠭᠦᠨ ᠺᠠᠳ᠋ᠷᠴᠤᠳ ᠲᠤ ᠪᠦᠬᠦ ᠲᠠᠯ᠎ᠠ ᠶᠢᠨ ᠬᠠᠮᠢᠶᠠᠷᠤᠯᠲᠠ ᠪᠠ ᠪᠠᠶᠢᠩᠭᠤ ᠶᠢᠨ ᠴᠢᠨᠠᠷᠲᠠᠢ ᠬᠢᠨᠠᠯᠲᠠ ᠲᠠᠯᠪᠢᠬᠤ ᠶᠢ ᠦᠨᠡᠨᠬᠦ ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷᠴᠤᠳ ᠢ ᠰᠡᠳᠬᠢᠯ ᠳᠡᠭᠡᠨ ᠡᠮᠢᠶᠡᠯ ᠲᠠᠢ᠂ ᠬᠡᠯᠡᠬᠦ ᠳᠤ ᠴᠡᠭᠡᠷ ᠲᠠᠢ᠂ ᠬᠢᠬᠦ ᠳᠤ ᠬᠤᠷᠢᠭ᠎ᠠ ᠲᠠᠢ ᠪᠣᠯᠭᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ᠃ ᠺᠠᠳ᠋ᠷ ᠤᠨ ᠬᠠᠷᠢᠭᠤᠴᠠᠯᠭ᠎ᠠ ᠡᠭᠦᠷᠭᠡᠯᠡᠬᠦ ᠶᠢ ᠵᠣᠷᠢᠭᠵᠢᠭᠤᠯᠤᠨ ᠨᠠᠶᠢᠳᠠᠪᠤᠷᠢᠵᠢᠭᠤᠯᠬᠤ ᠲᠣᠭᠲᠠᠴᠠ ᠪᠠ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠵᠤ᠂ ᠺᠠᠳ᠋ᠷᠴᠤᠳ ᠤᠨ ᠰᠡᠳᠬᠢᠯ ᠰᠠᠨᠠᠭ᠎ᠠ ᠪᠠ ᠤᠶᠤᠨ ᠴᠢᠳᠠᠯ ᠢᠶᠠᠨ ᠠᠵᠢᠯ ᠬᠢᠵᠦ ᠦᠢᠯᠡᠰ ᠪᠤᠰᠬᠠᠬᠤ ᠳᠡᠭᠡᠷ᠎ᠡ ᠲᠠᠯᠪᠢᠵᠤ᠂ ᠪᠦᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠤᠪᠢ ᠶᠢᠨ ᠠᠰᠢᠭ ᠢᠶᠠᠨ ᠪᠤᠳᠤᠬᠤ ᠦᠭᠡᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠪᠣᠳᠠᠲᠤ ᠠᠮᠵᠢᠯᠲᠠ ᠪᠦᠲᠦᠮᠵᠢ ᠪᠠᠷ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ᠲᠥᠪ ᠬᠤᠳᠠ ᠶᠢᠨ ᠳᠡᠳ᠋ ᠲᠥᠪ ᠢ ᠪᠦᠳᠦᠭᠡᠨ ᠪᠠᠶᠢᠭᠤᠯᠬᠤ ᠳᠤᠮᠳᠠ ᠬᠤᠷᠢᠨᠭᠡᠷ ᠤᠨ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠬᠡᠷᠡᠭᠲᠡᠢ ᠴᠢᠩᠭᠠᠳᠬᠠᠭᠰᠠᠨ ᠪᠠᠶᠢᠨ᠎ᠠ᠃      ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠪᠣᠯᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠰᠠᠶᠢᠲᠤᠷ ᠬᠢᠬᠦ ᠶᠢᠨ ᠲᠦᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ︽ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ︾ ᠦᠨᠳᠦᠰᠦᠨ ᠬᠤᠷᠢᠭ᠎ᠠ ᠱᠤᠭᠤᠮ ᠢ ᠪᠠᠲᠤ ᠡᠵᠡᠮᠳᠡᠵᠦ᠂ ᠠᠮᠤᠷ ᠲᠦᠪᠰᠢᠨ ᠤ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠡᠯ᠎ᠡ ᠵᠦᠢᠯ ᠤᠨ ᠠᠵᠢᠯ ᠢ ᠤᠷᠢᠳᠴᠢᠯᠠᠨ ᠪᠣᠳᠣᠯᠬᠢᠯᠠᠵᠤ᠂ ᠡᠮᠦᠨ᠎ᠡ ᠨᠢ ᠲᠥᠯᠥᠪᠵᠢᠭᠦᠯᠵᠦ᠂ ᠤᠷᠢᠳᠠᠪᠠᠷ ᠬᠢᠵᠦ᠂ ᠨᠠᠷᠢᠨ ᠨᠢᠮᠪᠠᠢ ᠵᠢᠭᠰᠠᠭᠠᠨ ᠪᠠᠶᠢᠴᠠᠭᠠᠵᠤ᠂ ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠵᠦ᠂ ᠴᠢᠩᠭ᠎ᠠ ᠰᠡᠷᠭᠡᠶᠢᠯᠡᠨ ᠰᠠᠬᠢᠵᠤ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠠᠮᠤᠷ ᠲᠦᠪᠰᠢᠨ ᠤ ᠠᠳᠡᠯ ᠪᠣᠯᠤᠨ ᠦᠶᠡᠷ ᠤᠰᠤᠲᠤᠯ ᠤᠨ ᠭᠠᠮᠰᠢᠭ ᠡᠭᠦᠰᠬᠦ ᠶᠢ ᠡᠷᠡᠰ ᠬᠤᠷᠢᠭᠯᠠᠵᠤ᠂ ᠥᠷᠭᠡᠨ ᠤᠯᠠᠨ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠪᠦᠬᠦ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ    
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号