ᠬᠤᠷᠢᠨᠭᠡᠷ ᠰᠢᠶᠠᠨ ᠤᠢ ᠰᠢᠭᠤᠢ ᠶᠢᠨ ᠳᠠᠷᠤᠭ᠎ᠠ ᠶᠢᠨ ᠲᠦᠷᠢᠮ ᠵᠢᠴᠢ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/25
     6 ᠰᠠᠷ᠎ᠠ ᠶᠢᠨ 23 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠰᠢᠶᠠᠨ ᠤ ᠳᠠᠷᠤᠭ᠎ᠠ ᠵᠠᠩ ᡁᠢ ᠺᠦᠢ ᠬᠤᠷᠢᠨᠭᠡᠷ ᠰᠢᠶᠠᠨ ᠤ ᠤᠢ ᠰᠢᠭᠤᠢ ᠶᠢᠨ ᠳᠠᠷᠤᠭ᠎ᠠ ᠶᠢᠨ ᠲᠦᠷᠢᠮ ᠵᠢᠴᠢ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ 2 ᠳ᠋ᠤᠭᠠᠷ ᠲᠣᠭᠠᠲᠤ ᠶᠡᠷᠦᠩᠬᠡᠶ ᠣᠶ ᠶᠢᠨ ᠳᠠᠷᠤᠭ᠎ᠠ ᠶᠢᠨ ᠵᠠᠷᠯᠢᠭ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠠᠯᠪᠠᠨ ᠬᠡᠷ ᠤᠨ ᠣᠶᠢᠲᠤ ᠭᠠᠵᠠᠷ ᠨᠤᠲᠤᠭ ᠪᠡᠯᠴᠢᠭᠡᠷ ᠢ ᠬᠠᠭᠠᠯᠪᠤᠷᠢᠯᠠᠭᠰᠠᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠬᠠᠶ ᠮᠡᠳᠡᠭᠳᠡᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ 2024 ᠣᠨ ᠤ ᠣᠶ ᠰᠢᠭᠤᠶ ᠶᠢᠨ ᠳᠠᠷᠤᠭ᠎ᠠ ᠶᠢᠨ ᠲᠦᠷᠢᠮ ᠵᠢᠴᠢ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠭᠤᠤᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠤᠢ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠪᠦᠳᠦᠬᠡᠨ ᠪᠠᠶᠢᠭᠤᠯᠤᠯᠲᠠ ᠪᠣᠯᠤᠨ ᠬᠠᠮᠠᠭᠠᠯᠠᠯᠲᠠ ᠶᠢ ᠰᠠᠶᠢᠲᠤᠷ ᠠᠳᠬᠤᠵᠤ᠂ ᠤᠢ ᠰᠢᠭᠤᠢ ᠶᠢᠨ ᠳᠠᠷᠤᠭ᠎ᠠ ᠶᠢᠨ ᠲᠦᠷᠢᠮ ᠵᠢᠴᠢ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷᠯᠡᠭᠦᠯᠬᠦ ᠶᠢ ᠵᠣᠭᠰᠣᠭᠠᠬᠤ ᠠᠵᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠪᠣᠯ ᠮᠠᠨ ᠤ ᠴᠢᠬᠤᠯᠠ ᠶᠡᠭᠡ ᠡᠭᠦᠷᠭᠡ ᠬᠠᠷᠢᠭᠤᠴᠠᠯᠭ᠎ᠠ ᠪᠣᠯᠤᠨ᠎ᠠ᠃ ᠣᠶ ᠰᠢᠭᠤᠶ ᠶᠢᠨ ᠡᠬᠢ ᠪᠠᠶᠠᠯᠢᠭ ᠤᠨ ᠬᠠᠮᠠᠭᠠᠯᠠᠯᠲᠠ ᠬᠠᠮᠢᠶᠠᠷᠤᠯᠲᠠ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ︽ᠭᠤᠷᠪᠠᠨ ᠤᠮᠠᠷᠠᠲᠤ ᠵᠢᠷᠭᠤᠳᠤᠭᠠᠷ ᠬᠤᠭᠤᠴᠠᠭ᠎ᠠ︾ ᠶᠢᠨ ᠢᠨᠵᠧᠨᠧᠷᠢᠩ ᠵᠡᠷᠭᠡ ᠣᠶ ᠰᠢᠭᠤᠶ ᠡᠪᠡᠰᠦ ᠪᠡᠯᠴᠢᠭᠡᠷ ᠤᠨ ᠠᠮᠢ ᠠᠬᠤᠶ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠡᠷᠡ ᠬᠡᠪ ᠢᠶᠠᠷ ᠨᠢ ᠰᠠᠶᠢᠲᠤᠷ ᠠᠳᠬᠤᠬᠤ ᠬᠡᠷᠡᠭᠲᠡᠶ︔ ᠠᠮᠢ ᠠᠬᠤᠢ ᠶᠢᠨ ᠠᠮᠤᠷ ᠲᠦᠪᠰᠢᠨ ᠤ ᠤᠬᠠᠮᠰᠠᠷ ᠢ ᠪᠠᠲᠤ ᠪᠤᠢ ᠪᠣᠯᠭᠠᠵᠤ᠂ ᠤᠳᠤ ᠦᠶ᠎ᠡ ᠶᠢᠨ ᠤᠢ ᠰᠢᠭᠤᠢ ᠶᠢᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠤᠢ ᠰᠢᠭᠤᠢ ᠶᠢᠨ ᠳᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ︽ᠳᠠᠭᠠᠭᠤᠯᠬᠤ ᠦᠢᠯᠡᠳᠦᠯ︾᠂ ︽ᠬᠡᠷᠡᠭᠵᠢᠭᠦᠯᠬᠦ ᠦᠢᠯᠡᠳᠦᠯ︾ ᠢ ᠭᠦᠢᠴᠡᠳ ᠪᠠᠳᠠᠷᠠᠭᠤᠯᠵᠤ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠨᠢᠭᠲᠠ ᠬᠠᠮᠵᠢᠯᠴᠠᠵᠤ᠂ ᠤᠢ ᠰᠢᠭᠤᠢ ᠶᠢᠨ ᠳᠠᠷᠤᠭ᠎ᠠ ᠶᠢᠨ ᠲᠦᠷᠢᠮ ᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠷᠢᠭᠤᠴᠠᠯᠭ᠎ᠠ ᠪᠣᠯᠤᠨ ᠠᠵᠢᠯ ᠲᠦᠷᠦᠯ ᠤᠨ ᠬᠠᠷᠢᠭᠤᠴᠠᠯᠭ᠎ᠠ ᠶᠢ ᠦᠨᠡᠨᠬᠦ ᠰᠠᠶᠢᠲᠤᠷ ᠡᠭᠦᠷᠭᠡᠯᠡᠬᠦ ᠬᠡᠷᠡᠭᠲᠡᠢ︔ ᠤᠢ ᠰᠢᠭᠤᠢ ᠶᠢᠨ ᠳᠠᠷᠤᠭ᠎ᠠ ᠶᠢᠨ ᠲᠦᠷᠢᠮ ᠢ ᠪᠦᠲᠦᠮᠵᠢᠲᠡᠢ ᠬᠡᠷᠡᠭᠵᠢᠭᠦᠯᠬᠦ ᠶᠢ ᠠᠬᠢᠭᠤᠯᠬᠤ ᠬᠡᠷᠡᠭᠲᠡᠢ︔ ᠤᠢ ᠰᠢᠭᠤᠢ ᠶᠢᠨ ᠳᠠᠷᠤᠭ᠎ᠠ ᠶᠢᠨ ᠲᠦᠷᠢᠮ ᠤᠨ ᠵᠢᠱᠢᠶ᠎ᠡ ᠦᠵᠡᠭᠦᠯᠬᠦ ᠴᠡᠭ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠰᠢᠨ᠎ᠡ ᠶᠢ ᠡᠭᠦᠳᠦᠭᠰᠡᠨ ᠠᠷᠭ᠎ᠠ ᠬᠢᠳᠡᠯ ᠵᠢᠴᠢ ᠲᠤᠷᠰᠢᠯᠭ᠎ᠠ ᠶᠢᠨ ᠦᠷ᠎ᠡ ᠪᠦᠲᠦᠮᠵᠢ ᠶᠢ ᠳ᠋ᠦᠩᠨᠡᠬᠦ ᠶᠢ ᠴᠢᠬᠤᠯᠠᠴᠢᠯᠠᠬᠤ ᠬᠡᠷᠡᠭᠲᠡᠢ︔ ᠰᠣᠨᠢᠨ ᠮᠡᠳᠡᠭᠡᠨ ᠤ ᠤᠬᠠᠭᠤᠯᠭ᠎ᠠ ᠪᠣᠯᠤᠨ ᠶᠠᠷᠢᠶ᠎ᠠ ᠬᠡᠯᠡᠯᠴᠡᠭᠡᠨ ᠤ ᠵᠢᠯᠣᠭᠤᠳᠤᠮᠵᠢ ᠶᠢᠨ ᠡᠷᠴᠢᠮ ᠢ ᠴᠢᠩᠭᠠᠷᠠᠭᠤᠯᠵᠤ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠦ ᠴᠢᠩᠭᠠᠳᠬᠠᠭᠰᠠᠨ ᠪᠠᠶᠢᠨ᠎ᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号