ᠴᠢᠨᠠᠷ ᠰᠠᠶᠢᠲᠠᠢ ᠬᠥᠬᠡ ᠴᠡᠴᠡᠭᠲᠦ ᠨᠣᠭᠤᠭ᠎ᠠ ᠶᠢᠨ ᠰᠢᠨ᠎ᠡ ᠡᠭᠦᠯᠳᠡᠷ ᠢ ᠰᠣᠩᠭᠤᠨ ᠪᠤᠶᠢᠵᠢᠭᠤᠯᠬᠤ ᠵᠢᠴᠢ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠲᠤᠰᠬᠠᠢ ᠰᠡᠳᠦᠪᠲᠦ ᠪᠣᠯᠪᠠᠰᠤᠷᠠᠭᠤᠯᠤᠯ ᠤᠨ ᠬᠤᠷᠠᠯ ᠬᠤᠷᠢᠨᠭᠡᠷ ᠰᠢᠶᠠᠨ ᠳᠤ ᠬᠤᠷᠠᠯᠳᠤᠪᠠ
ᠨᠡᠶᠢᠲᠡᠯᠡᠭᠰᠡᠨ ᠴᠠᠭ᠄
2024/6/27
     ᠴᠢᠨᠠᠷ ᠰᠠᠶᠢᠲᠠᠢ ᠬᠥᠬᠡ ᠴᠡᠴᠡᠭᠲᠦ ᠨᠣᠭᠤᠭ᠎ᠠ ᠶᠢᠨ ᠰᠢᠨ᠎ᠡ ᠡᠭᠦᠯᠳᠡᠷ ᠢ ᠰᠣᠩᠭᠤᠨ ᠪᠤᠶᠢᠵᠢᠭᠤᠯᠬᠤ ᠲᠦᠷᠦᠯ ᠵᠦᠢᠯ ᠢ 2024 ᠣᠨ ᠳᠤ ᠣᠯᠤᠭᠰᠠᠨ ᠰᠢᠨ᠎ᠡ ᠠᠬᠢᠴᠠ ᠶᠢ ᠳ᠋ᠥᠩᠨᠡᠵᠦ᠂ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠪᠠ ᠮᠡᠷᠭᠡᠵᠢᠯ ᠢ ᠪᠣᠯᠪᠠᠰᠤᠷᠠᠭᠤᠯᠵᠤ᠂ ᠮᠠᠨ ᠤ ᠰᠢᠶᠠᠨ ᠤ ᠰᠢᠯᠢᠳᠡᠭ ᠬᠥᠬᠡ ᠴᠡᠴᠡᠭᠲᠦ ᠨᠣᠭᠤᠭ᠎ᠠ ᠶᠢᠨ ᠰᠢᠨ᠎ᠡ ᠡᠭᠦᠯᠳᠡᠷ ᠢ ᠰᠢᠯᠢᠨ ᠰᠣᠩᠭᠤᠵᠤ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠤᠸᠠᠷ ᠴᠡᠴᠡᠭ ᠢᠳᠡᠰᠢᠨ ᠨᠣᠭᠤᠭ᠎ᠠ ᠶᠢᠨ ᠰᠤᠳᠤᠯᠭᠠᠨ ᠤ ᠭᠠᠵᠠᠷ ᠤᠨ ᠥᠪᠥᠷ ᠮᠣᠩᠭᠤᠯ ᠤᠨ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠲᠤᠷᠰᠢᠯᠲᠠ ᠶᠢᠨ ᠦᠷᠳᠡᠭᠡ ᠶᠢᠨ ᠦᠷ᠎ᠡ ᠪᠤᠶᠢᠵᠢᠭᠤᠯᠬᠤ ᠬᠢᠷᠢ ᠲᠦᠪᠰᠢᠨ ᠪᠠ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠴᠢᠨᠠᠭᠰᠢᠳᠠ ᠳᠡᠭᠡᠭᠰᠢᠯᠡᠭᠦᠯᠬᠦ ᠶᠢᠨ ᠲᠤᠰᠠᠳᠠ᠂ 6 ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨ᠎ᠠ᠂ ᠴᠢᠨᠠᠷ ᠰᠠᠶᠢᠲᠠᠢ ᠬᠥᠬᠡ ᠴᠡᠴᠡᠭᠲᠦ ᠨᠣᠭᠤᠭ᠎ᠠ ᠶᠢᠨ ᠰᠢᠨ᠎ᠡ ᠡᠭᠦᠯᠳᠡᠷ ᠢ ᠰᠣᠩᠭᠤᠨ ᠪᠤᠶᠢᠵᠢᠭᠤᠯᠬᠤ ᠵᠢᠴᠢ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠲᠤᠰᠬᠠᠢ ᠰᠡᠳᠦᠪᠲᠦ ᠪᠣᠯᠪᠠᠰᠤᠷᠠᠭᠤᠯᠤᠯ ᠤᠨ ᠬᠤᠷᠠᠯ ᠮᠠᠨ ᠤ ᠰᠢᠶᠠᠨ ᠳᠤ ᠬᠤᠷᠠᠯᠳᠤᠪᠠ᠃      ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠤᠯᠤᠰ ᠤᠨ ᠶᠡᠭᠡ ᠬᠡᠮᠵᠢᠶᠡᠨ ᠤ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠮᠡᠷᠭᠡᠵᠢᠯ ᠤᠨ ᠰᠢᠰᠲ᠋ᠧᠮ ᠤᠨ ᠬᠥᠬᠡ ᠴᠡᠴᠡᠭᠲᠦ ᠨᠣᠭᠤᠭ᠎ᠠ ᠶᠢᠨ ᠠᠵᠢᠯ ᠤᠨ ᠪᠠᠶᠢᠷᠢ ᠶᠢᠨ ᠲᠤᠰᠬᠠᠢ ᠮᠡᠷᠭᠡᠵᠢᠯᠲᠡᠨ᠂ ᠰᠤᠳᠤᠯᠤᠭᠠᠴᠢ ᠯᠢ ᠵᠠᠨ ᠱᠧᠩ᠂ ᠵᠧᠵᠢᠶᠠᠩ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠢᠳᠡᠰᠢᠨ ᠨᠣᠭᠤᠭ᠎ᠠ ᠶᠢᠨ ᠭᠠᠵᠠᠷ ᠤᠨ ᠳᠡᠳ᠋ ᠳᠠᠷᠤᠭ᠎ᠠ᠂ ᠰᠤᠳᠤᠯᠤᠭᠠᠴᠢ ᠭᠦ᠋ ᠬᠤᠩ ᠬᠤᠢ ᠬᠤᠶᠠᠷ ᠲᠤᠰᠬᠠᠢ ᠮᠡᠷᠭᠡᠵᠢᠯᠲᠡᠨ ᠲᠤᠰ ᠲᠤᠰ ᠬᠥᠬᠡ ᠴᠡᠴᠡᠭᠲᠦ ᠨᠣᠭᠤᠭ᠎ᠠ ᠶᠢᠨ ᠴᠢᠨᠠᠷ ᠰᠠᠶᠢᠲᠠᠢ ᠥᠨᠳᠥᠷ ᠤᠨᠠᠯᠲᠠ ᠲᠠᠢ ᠲᠠᠷᠢᠵᠤ ᠪᠤᠶᠢᠵᠢᠭᠤᠯᠬᠤ ᠮᠡᠷᠭᠡᠵᠢᠯ ᠪᠣᠯᠤᠨ ᠬᠥᠬᠡ ᠴᠡᠴᠡᠭᠲᠦ ᠨᠣᠭᠤᠭ᠎ᠠ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ ᠲᠡᠰ ᠳᠡᠪᠰᠢᠭᠦᠯᠬᠦ ᠲᠤᠰᠬᠠᠢ ᠰᠡᠳᠦᠪᠲᠦ ᠪᠣᠯᠪᠠᠰᠤᠷᠠᠭᠤᠯᠤᠯ ᠢ ᠥᠷᠨᠢᠭᠦᠯᠪᠡ᠃      ᠪᠣᠯᠪᠠᠰᠤᠷᠠᠭᠤᠯᠤᠯ ᠢᠶᠠᠷ ᠳᠡᠮᠵᠢᠨ᠂ ᠪᠣᠯᠪᠠᠰᠤᠷᠠᠭᠤᠯᠤᠯ ᠳᠤ ᠣᠷᠣᠯᠴᠠᠭᠰᠠᠳ ᠬᠥᠬᠡ ᠴᠡᠴᠡᠭᠲᠦ ᠨᠣᠭᠤᠭ᠎ᠠ ᠶᠢᠨ ᠴᠢᠨᠠᠷ ᠰᠠᠶᠢᠲᠠᠶ ᠥᠨᠳᠥᠷ ᠤᠨᠠᠯᠲᠠ ᠲᠠᠢ ᠳᠠᠷᠢᠵᠤ ᠪᠤᠶᠢᠵᠢᠭᠤᠯᠬᠤ ᠮᠡᠷᠭᠡᠵᠢᠯ ᠵᠢᠴᠢ ᠬᠥᠬᠡ ᠴᠡᠴᠡᠭᠲᠦ ᠨᠣᠭᠤᠭ᠎ᠠ ᠶᠢᠨ ᠠᠵᠤ ᠦᠢᠯᠡᠰ ᠤᠨ ᠬᠥᠳᠡᠭᠡ ᠲᠣᠰᠬᠤᠨ ᠤ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ᠂ ᠲᠠᠷᠢᠶᠠᠯᠠᠩ ᠤᠨ ᠣᠳᠣᠬᠢᠴᠢᠯᠠᠯᠲᠠ ᠶᠢᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤᠮᠳᠠᠬᠢ ᠴᠢᠬᠤᠯᠠ ᠦᠢᠯᠡᠳᠦᠯ ᠢ ᠭᠦᠨᠵᠡᠭᠡᠶ ᠣᠶᠢᠯᠠᠭᠠᠵᠤ᠂ ᠣᠯᠠᠨ ᠤ ᠰᠢᠨᠵᠢᠯᠡᠬᠦ ᠤᠬᠠᠭᠠᠨᠴᠢ ᠪᠠᠷ ᠳᠠᠷᠢᠬᠤ ᠤᠬᠠᠮᠰᠠᠷ ᠪᠠ ᠬᠢᠷᠢ ᠲᠦᠪᠰᠢᠨ ᠢ ᠨᠡᠮᠡᠭᠳᠡᠭᠦᠯᠵᠦ᠂ ᠮᠠᠨ ᠤ ᠰᠢᠶᠠᠨ ᠤ ᠬᠥᠬᠡ ᠴᠡᠴᠡᠭᠲᠦ ᠨᠣᠭᠤᠭ᠎ᠠ᠂ ᠪᠥᠭᠡᠷᠡᠩᠬᠡᠶ ᠴᠠᠭᠠᠨ ᠨᠣᠭᠤᠭ᠎ᠠ ᠵᠡᠷᠭᠡ ᠪᠠᠷ ᠭᠤᠤᠯ ᠪᠣᠯᠭᠠᠭᠰᠠᠨ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠬᠠᠮᠲᠤ ᠪᠠᠷ ᠳᠥᠯᠭᠢᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠡᠨᠧᠷᠭᠢ ᠣᠯᠭᠤᠵᠤ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠶᠢ ᠬᠠᠮᠲᠤ ᠪᠠᠷ ᠳᠥᠯᠭᠢᠨ ᠠᠬᠢᠭᠤᠯᠪᠠ᠃      ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠵᠢᠴᠢ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠵᠢᠴᠢ ᠠᠵᠢᠯᠲᠠᠨ᠂ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠨᠠᠮ ᠤᠨ ᠡᠭᠦᠷ ᠤᠨ ᠱᠦᠵᠢ ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠰᠢᠶᠠᠨ ᠳᠤ ᠰᠠᠭᠤᠭ᠎ᠠ ᠬᠠᠮᠢᠶ᠎ᠠ ᠪᠦᠬᠦᠢ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠪᠣᠯᠤᠨ ᠲᠠᠷᠢᠮᠠᠯ ᠤᠨ ᠲᠤᠮᠤ ᠡᠷᠦᠬᠡ ᠪᠣᠯᠪᠠᠰᠤᠷᠠᠭᠤᠯᠤᠯ ᠳᠤ ᠣᠷᠣᠯᠴᠠᠪᠠ᠃    ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号