ᠵᠢᠯ ᠪᠦᠷᠢ 2000 ᠲᠥᠭᠦᠷᠢᠭ ᠤᠨ ᠪᠠᠷᠢᠮᠵᠢᠶ᠎ᠠ ᠪᠠᠷ ᠰᠤᠷᠤᠯᠭ᠎ᠠ ᠶᠢᠨ ᠵᠠᠷᠤᠳᠠᠯ ᠢ ᠬᠡᠯᠲᠦᠷᠢᠭᠦᠯᠪᠡ︕ ᠲᠤᠰᠠᠯᠠᠮᠵᠢ ᠶᠢᠨ ᠲᠥᠷᠥ ᠶᠢᠨ ᠪᠣᠳᠣᠯᠭ᠎ᠠ ᠪᠠᠰᠠ ᠪᠠᠶᠢᠨ᠎ᠠ→
ᠨᠡᠶᠢᠲᠡᠯᠡᠭᠰᠡᠨ ᠴᠠᠭ᠄
2024/6/4
     ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠰᠤᠷᠤᠯᠭ᠎ᠠ ᠶᠢᠨ ᠲᠡᠳᠬᠦᠮᠵᠢ ᠶᠢᠨ ᠲᠥᠪ ᠠᠴᠠ ᠪᠥᠬᠦ ᠣᠷᠣᠨ ᠤ ᠠᠩᠬ᠎ᠠ ᠳᠤᠮᠳᠠᠳᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠳ ᠲᠤ ᠲᠣᠰ ᠲᠣᠰ ᠬᠤᠶᠠᠷ ᠬᠤᠪᠢ ᠢᠯᠡ ᠵᠠᠬᠢᠳᠠᠯ ᠪᠢᠴᠢᠵᠦ᠂ ᠵᠠᠬᠢᠳᠠᠯ ᠳᠠᠭᠠᠨ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠤᠰᠠᠯᠠᠮᠵᠢ ᠶᠢᠨ ᠲᠥᠷᠥ ᠶᠢᠨ ᠪᠣᠳᠣᠯᠭ᠎ᠠ ᠶᠢ ᠲᠣᠰ ᠲᠣᠰ ᠨᠠᠷᠢᠨ ᠲᠠᠨᠢᠯᠴᠠᠭᠤᠯᠪᠠ᠃ ᠡᠭᠦᠨ ᠤ ᠬᠠᠮᠲᠤ᠂ ᠰᠤᠷᠤᠭᠴᠢᠳ ᠲᠤ ᠴᠠᠬᠢᠯᠭᠠᠨ ᠬᠤᠯᠪᠣᠭ᠎ᠠ᠂ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠶᠢ ᠠᠩᠬᠠᠷᠬᠤ ᠬᠡᠷᠡᠭᠲᠡᠢ ᠭᠡᠵᠦ ᠰᠠᠨᠠᠭᠤᠯᠪᠠ᠃ ᠬᠡᠷᠪᠡ ᠴᠢ ᠠᠷᠠᠳ ᠠᠴᠠ ᠡᠷᠬᠢᠯᠡᠭᠰᠡᠨ ᠰᠤᠷᠭᠠᠭᠤᠯᠢ ᠳᠤ ᠰᠤᠷᠤᠯᠴᠠᠵᠤ ᠪᠠᠶᠢᠭ᠎ᠠ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠪᠣᠯ ᠰᠤᠷᠤᠯᠭ᠎ᠠ ᠶᠢᠨ ᠰᠦᠢᠳᠬᠡᠯ ᠢ ᠨᠢ ᠪᠦᠬᠦᠨ ᠢ ᠬᠡᠯᠲᠦᠷᠢᠭᠦᠯᠦᠨ᠎ᠡ᠃ ᠶᠠᠳᠠᠭᠤ ᠠᠴᠠ ᠠᠩᠭᠢᠵᠢᠷᠠᠭᠰᠠᠨ ᠲᠣᠭᠲᠠᠭᠤᠨ ᠪᠤᠰᠤ ᠭᠡᠷ ᠪᠦᠯᠢ ᠳᠤ ᠬᠠᠷᠢᠶᠠᠯᠠᠭᠳᠠᠬᠤ ᠰᠤᠷᠤᠭᠴᠢ᠂ ᠬᠤᠶᠠᠷ ᠤᠨ ᠬᠤᠭᠤᠷᠣᠨᠳᠣ ᠪᠠᠶᠢᠭ᠎ᠠ ᠠᠮᠠᠷᠬᠠᠨ ᠶᠠᠳᠠᠭᠤᠷᠠᠬᠤ ᠭᠡᠷ ᠪᠦᠯᠢ ᠶᠢᠨ ᠰᠤᠷᠤᠭᠴᠢ᠂ ᠭᠡᠨᠡᠳᠲᠡ ᠶᠢᠨ ᠬᠦᠨᠳᠦ ᠨᠣᠴᠢᠲᠠᠢ ᠬᠦᠴᠢᠷᠳᠡᠯᠲᠡᠢ ᠭᠡᠷ ᠪᠦᠯᠢ ᠶᠢᠨ ᠰᠤᠷᠤᠭᠴᠢ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠰᠤᠷᠤᠭᠴᠢ᠂ ᠣᠨᠴᠠ ᠬᠦᠴᠢᠷᠳᠡᠯᠲᠡᠢ ᠰᠤᠷᠤᠭᠴᠢᠳ ᠢ ᠠᠰᠠᠷᠠᠨ ᠲᠡᠵᠢᠭᠡᠵᠦ ᠪᠠᠶᠢᠭ᠎ᠠ ᠰᠤᠷᠤᠭᠴᠢ᠂ ᠥᠨᠥᠴᠢᠨ ᠬᠡᠦᠬᠡᠳ ︵ᠦᠨᠡᠨ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ︶ ᠤᠨ ᠰᠤᠷᠤᠭᠴᠢ᠂ ᠦᠷᠡᠭᠳᠡᠭᠰᠡᠨ ᠪᠠᠭᠠᠲᠤᠷᠴᠤᠳ ᠤᠨ ᠦᠷ᠎ᠡ ᠬᠡᠦᠬᠡᠳ᠂ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠵᠡᠮᠳᠡᠭ ᠰᠤᠷᠤᠭᠴᠢ᠂ ᠵᠡᠮᠳᠡᠭᠴᠦᠳ ᠤᠨ ᠦᠷ᠎ᠡ ᠬᠡᠦᠬᠡᠳ ᠵᠢᠴᠢ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠪᠤᠰᠤᠳ ᠰᠤᠷᠤᠭᠴᠢᠳ ᠴᠦᠮ ᠪᠠᠶᠢᠭ᠎ᠠ ᠰᠤᠷᠭᠠᠭᠤᠯᠢ ᠠᠴᠠ ᠪᠠᠨ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢ ᠭᠤᠶᠤᠴᠢᠯᠠᠵᠤ ᠪᠣᠯᠤᠨ᠎ᠠ᠃ ᠬᠡᠷᠪᠡ ᠴᠢ ᠠᠯᠪᠠᠨ ᠠᠴᠠ ᠡᠷᠬᠢᠯᠡᠭᠰᠡᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠰᠤᠷᠤᠯᠴᠠᠪᠠᠯ᠂ ᠰᠤᠷᠤᠯᠭ᠎ᠠ ᠶᠢᠨ ᠰᠦᠢᠳᠬᠡᠯ ᠢ ᠪᠦᠬᠦᠨ ᠢ ᠬᠡᠯᠲᠦᠷᠢᠭᠦᠯᠦᠨ᠎ᠡ ︵ᠣᠨᠴᠠᠭᠠᠶ ᠲᠥᠷᠥᠯ ᠤᠨ ᠲᠤᠰᠬᠠᠶ ᠮᠡᠷᠭᠡᠵᠢᠯ ᠤᠨ ᠰᠤᠷᠤᠭᠴᠢᠳ ᠤᠨ ᠰᠤᠷᠤᠯᠭ᠎ᠠ ᠶᠢᠨ ᠵᠠᠷᠤᠳᠠᠯ ᠢ 2000 ᠲᠥᠭᠦᠷᠢᠭ ᠤᠨ ᠪᠠᠷᠢᠮᠵᠢᠶᠠᠲᠤ ᠬᠡᠰᠡᠭ ᠠᠴᠠ ᠲᠣᠰ ᠬᠥᠮᠦᠨ ᠨᠢ ᠡᠭᠦᠷᠭᠡᠯᠡᠨ᠎ᠡ︶᠂ ᠰᠤᠷᠬᠤ ᠪᠢᠴᠢᠭ ᠢ ᠰᠦᠢᠳᠬᠡᠯ ᠬᠤᠷᠢᠶᠠᠬᠤ ᠦᠭᠡᠢ ᠪᠠᠷ ᠬᠠᠩᠭᠠᠨ᠎ᠠ︔ ᠬᠡᠷᠪᠡ ᠴᠢ ᠠᠷᠠᠳ ᠠᠴᠠ ᠡᠷᠬᠢᠯᠡᠭᠰᠡᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠰᠤᠷᠤᠯᠴᠠᠪᠠᠯ᠂ ᠵᠢᠯ ᠪᠦᠷᠢ 2000 ᠲᠥᠭᠦᠷᠢᠭ ᠤᠨ ᠪᠠᠷᠢᠮᠵᠢᠶ᠎ᠠ ᠪᠠᠷ ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠬᠦ ᠶᠢᠨ ᠬᠠᠮᠲᠤ ᠬᠢᠴᠢᠶᠡᠯ ᠤᠨ ᠪᠢᠴᠢᠭ ᠢ ᠰᠦᠢᠳᠬᠡᠯ ᠬᠤᠷᠢᠶᠠᠬᠤ ᠦᠭᠡᠢ ᠪᠠᠷ ᠬᠠᠩᠭᠠᠨ᠎ᠠ᠃ ᠲᠠᠷᠢᠶᠠᠯᠠᠬᠤ ᠮᠠᠯᠵᠢᠬᠤ ᠣᠷᠣᠨ ︵ᠰᠢᠶᠠᠨ ᠪᠠᠯᠭᠠᠰᠤ ᠪᠠᠭᠲᠠᠨ᠎ᠠ︶ ᠤ ᠰᠤᠷᠤᠭᠴᠢ᠂ ᠬᠤᠲᠠ ᠶᠢᠨ ᠲᠠᠷᠢᠶᠠᠯᠠᠩ ᠳᠤ ᠬᠤᠯᠪᠣᠭᠳᠠᠬᠤ ᠲᠤᠰᠬᠠᠶ ᠮᠡᠷᠭᠡᠵᠢᠯ ᠪᠣᠯᠤᠨ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠪᠠᠶᠢᠭ᠎ᠠ ᠰᠤᠷᠭᠠᠭᠤᠯᠢ ᠠᠴᠠ ᠪᠠᠨ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠭᠤᠶᠤᠴᠢᠯᠠᠵᠤ ᠪᠣᠯᠤᠨ᠎ᠠ᠂ ᠪᠠᠶᠢᠷᠢ ᠳᠤ ᠰᠠᠭᠤᠭ᠎ᠠ ᠰᠤᠷᠤᠭᠴᠢᠳ ᠪᠠᠰᠠ ᠪᠠᠶᠢᠷᠢ ᠳᠤ ᠰᠠᠭᠤᠬᠤ ᠰᠦᠢᠳᠬᠡᠯ ᠤᠨ ᠲᠤᠰᠠᠯᠠᠮᠵᠢ ᠬᠦᠷᠲᠡᠵᠦ ᠪᠣᠯᠤᠨ᠎ᠠ᠃ ᠰᠤᠷᠤᠯᠭ᠎ᠠ ᠶᠢᠨ ᠬᠢᠷᠢ ᠪᠦᠲᠦᠮᠵᠢ ᠨᠢ ᠰᠢᠯᠢᠳᠡᠭ᠂ ᠮᠡᠷᠭᠡᠵᠢᠯ ᠤᠨ ᠴᠢᠳᠠᠪᠤᠷᠢ ᠨᠢ ᠲᠣᠪᠤᠶᠢᠮ᠎ᠠ ᠪᠠᠶᠢᠭ᠎ᠠ ᠬᠠᠮᠲᠤ ᠰᠤᠷᠤᠭᠴᠢᠳ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠭᠤᠶᠤᠴᠢᠯᠠᠵᠤ ᠪᠣᠯᠤᠨ᠎ᠠ᠃      ᠪᠦᠬᠦ ᠣᠷᠣᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠳ ᠲᠤ ᠪᠢᠴᠢᠭᠰᠡᠨ ᠵᠠᠬᠢᠳᠠᠯ ᠳᠠᠭᠠᠨ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠦᠷ᠎ᠡ ᠬᠡᠦᠬᠡᠳ ᠪᠠ ᠥᠨᠥᠴᠢᠨ ᠬᠡᠦᠬᠡᠳ ᠲᠤ ᠰᠤᠷᠭᠠᠭᠤᠯᠢ ᠳᠤ ᠣᠷᠣᠬᠤ ᠠᠴᠠ ᠡᠮᠦᠨ᠎ᠡ ᠲᠤᠬᠠᠶ ᠶᠢᠨ ᠭᠠᠵᠠᠷ ᠤᠨ ᠰᠤᠷᠭᠠᠨ ᠬᠥᠮᠦᠵᠢᠯ ᠤᠨ ᠲᠣᠪᠴᠢᠶᠠᠨ ᠤ ᠡᠳ᠋ ᠮᠥᠩᠭᠦ ᠪᠠᠷ ᠲᠤᠰᠠᠯᠠᠬᠤ ᠲᠥᠪ ᠲᠤ ᠥᠪᠡᠷᠲᠡᠭᠡᠨ ᠵᠠᠰᠠᠬᠤ ᠣᠷᠣᠨ ᠤ ᠡᠩ ᠤᠨ ᠳᠡᠭᠡᠳᠦ ᠰᠤᠷᠭᠠᠭᠤᠯᠢ ᠶᠢᠨ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠤᠨ ᠰᠤᠷᠭᠠᠭᠤᠯᠢ ᠳᠤ ᠣᠷᠣᠬᠤ ᠪᠠᠷ ᠭᠤᠶᠤᠴᠢᠯᠠᠵᠤ ᠪᠣᠯᠤᠨ᠎ᠠ᠃ ᠪᠤᠰᠤᠳ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠲᠤ ᠪᠣᠯ᠂ ᠶᠡᠭᠡ ᠰᠤᠷᠭᠠᠭᠤᠯᠢ ᠳᠤ ᠬᠦᠷᠴᠦ ᠡᠯᠰᠡᠬᠦ ᠮᠡᠳᠡᠭᠳᠡᠯ ᠤᠨ ᠪᠢᠴᠢᠭ ᠢ ᠠᠪᠤᠭᠰᠠᠨ ᠤ ᠳᠠᠷᠠᠭ᠎ᠠ᠂ ᠬᠡᠷᠪᠡ ᠰᠤᠷᠤᠯᠭ᠎ᠠ ᠶᠢᠨ ᠰᠦᠢᠳᠬᠡᠯ ᠪᠠ ᠪᠠᠶᠢᠷᠢ ᠳᠤ ᠰᠠᠭᠤᠬᠤ ᠰᠦᠢᠳᠬᠡᠯ ᠲᠤᠰᠢᠶᠠᠬᠤ ᠳᠤ ᠬᠦᠴᠢᠷᠳᠡᠯ ᠲᠠᠢ ᠪᠣᠯ᠂ ᠲᠤᠬᠠᠶ ᠶᠢᠨ ᠭᠠᠵᠠᠷ ᠤᠨ ᠰᠤᠷᠭᠠᠨ ᠬᠥᠮᠦᠵᠢᠯ ᠤᠨ ᠲᠣᠪᠴᠢᠶᠠᠨ ᠤ ᠲᠤᠰᠠᠯᠠᠮᠵᠢ ᠶᠢᠨ ᠲᠥᠪ ᠲᠤ ᠰᠤᠷᠤᠭᠴᠢ ᠶᠢᠨ ᠢᠷᠡᠯᠲᠡ ᠶᠢᠨ ᠭᠠᠵᠠᠷ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢ ᠭᠤᠶᠤᠴᠢᠯᠠᠨ ᠭᠦᠢᠴᠡᠳᠬᠡᠵᠦ ᠪᠣᠯᠤᠨ᠎ᠠ᠃ ᠣᠨᠴᠠ ᠬᠦᠴᠢᠷᠳᠡᠯᠲᠡᠶ ᠰᠢᠨ᠎ᠡ ᠰᠤᠷᠤᠭᠴᠢ ᠳᠤ ᠪᠠᠰᠠ ᠰᠢᠨ᠎ᠡ ᠰᠤᠷᠤᠭᠴᠢ ᠰᠤᠷᠭᠠᠭᠤᠯᠢ ᠳᠤ ᠣᠷᠣᠬᠤ ᠶᠢᠨ ᠡᠳ᠋ ᠮᠥᠩᠭᠦ ᠪᠠᠷ ᠲᠤᠰᠠᠯᠠᠬᠤ ᠲᠥᠷᠥᠯ ᠵᠦᠢᠯ ᠢ ᠭᠤᠶᠤᠴᠢᠯᠠᠵᠤ ᠪᠣᠯᠬᠤ ᠪᠥᠭᠡᠳ ᠵᠠᠮ ᠤᠨ ᠵᠠᠷᠤᠳᠠᠯ ᠪᠣᠯᠤᠨ ᠣᠬᠤᠷ ᠬᠤᠭᠤᠴᠠᠭᠠᠨ ᠤ ᠠᠮᠢᠳᠤᠷᠠᠯ ᠤᠨ ᠰᠦᠢᠳᠬᠡᠯ ᠥᠭᠬᠦ ᠳᠤ ᠬᠡᠷᠡᠭᠯᠡᠵᠦ ᠪᠣᠯᠤᠨ᠎ᠠ᠃ ᠰᠤᠷᠭᠠᠭᠤᠯᠢ ᠳᠤ ᠣᠷᠣᠬᠤ ᠣᠢᠶ᠎ᠠ ᠳᠤ᠂ ︽ᠰᠠᠭᠠᠳ ᠦᠭᠡᠢ ᠨᠡᠪᠲᠡᠷᠡᠬᠦ ᠵᠠᠮ︾ ᠨᠢ ᠴᠢᠨᠦ ᠤᠷᠤᠭᠰᠢᠲᠠᠢ ᠨᠡᠷ᠎ᠡ ᠮᠡᠳᠡᠭᠦᠯᠵᠦ ᠰᠤᠷᠭᠠᠭᠤᠯᠢ ᠳᠤ ᠣᠷᠣᠬᠤ ᠶᠢ ᠪᠠᠲᠤᠯᠠᠨ᠎ᠠ᠃ ᠪᠦᠬᠦ ᠤᠯᠤᠰ ᠤᠨ ᠶᠡᠭᠡ ᠳᠡᠭᠡᠳᠦ ᠰᠤᠷᠭᠠᠭᠤᠯᠢ ᠨᠤᠭᠤᠳ ᠴᠥᠮ ᠰᠢᠨ᠎ᠡ ᠰᠤᠷᠤᠭᠴᠢᠳ ᠤᠨ ᠰᠤᠷᠭᠠᠭᠤᠯᠢ ᠳᠤ ᠣᠷᠣᠬᠤ ︽ᠰᠠᠭᠠᠳ ᠦᠭᠡᠢ ᠨᠡᠪᠲᠡᠷᠡᠬᠦ ᠵᠠᠮ︾ ᠢ ᠨᠡᠭᠡᠭᠡᠵᠦ᠂ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠤᠷᠤᠭᠴᠢᠳ ᠤᠨ ᠰᠤᠷᠤᠯᠭ᠎ᠠ ᠶᠢᠨ ᠰᠦᠢᠳᠬᠡᠯ ᠢ ᠪᠦᠷᠢᠨ ᠴᠤᠭᠯᠠᠭᠤᠯᠤᠭᠰᠠᠨ ᠦᠭᠡᠢ ᠴᠤ ᠭᠡᠰᠡᠨ ︽ᠰᠠᠭᠠᠳ ᠦᠭᠡᠢ ᠨᠡᠪᠲᠡᠷᠡᠬᠦ ᠵᠠᠮ︾ ᠢᠶᠠᠷ ᠳᠠᠮᠵᠢᠭᠤᠯᠤᠨ ᠤᠷᠢᠳ ᠢᠶᠠᠷ ᠰᠤᠷᠭᠠᠭᠤᠯᠢ ᠳᠤ ᠣᠷᠣᠭᠤᠯᠵᠤ ᠪᠣᠯᠣᠨ᠎ᠠ᠃ ᠰᠤᠷᠭᠠᠭᠤᠯᠢ ᠳᠤ ᠣᠷᠣᠭᠰᠠᠨ ᠤ ᠳᠠᠷᠠᠭ᠎ᠠ ᠂ ᠣᠯᠠᠨ ᠱᠠᠩᠨᠠᠯ ᠲᠤᠰᠯᠠᠬᠤ ᠵᠦᠢᠯ ᠨᠢ ᠲᠠᠨ ᠤ ᠰᠤᠷᠤᠯᠭ᠎ᠠ ᠶᠢ ᠠᠮᠵᠢᠯᠲᠠ ᠲᠠᠢ ᠪᠡᠶᠡᠯᠡᠭᠦᠯᠬᠦ ᠪᠣᠯᠣᠨ᠎ᠠ᠃ ᠤᠯᠤᠰ ᠠᠴᠠ ᠵᠣᠷᠢᠭᠵᠢᠭᠤᠯᠬᠤ ᠰᠤᠷᠤᠯᠭ᠎ᠠ ᠶᠢᠨ ᠱᠠᠩᠨᠠᠯ ᠤᠨ ᠮᠥᠩᠭᠦ ᠪᠣᠯᠤᠨ ᠥᠪᠡᠷᠲᠡᠭᠡᠨ ᠵᠠᠰᠠᠬᠤ ᠣᠷᠣᠨ ᠠᠴᠠ ᠵᠣᠷᠢᠭᠵᠢᠭᠤᠯᠬᠤ ᠰᠤᠷᠤᠯᠭ᠎ᠠ ᠶᠢᠨ ᠱᠠᠩᠨᠠᠯ ᠤᠨ ᠮᠥᠩᠭᠦ ᠪᠠᠷ ᠰᠢᠯᠢᠳᠡᠭ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠢ ᠱᠠᠩᠨᠠᠵᠤ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢᠨ ᠠᠮᠢᠳᠤᠷᠠᠯ ᠤᠨ ᠰᠦᠢᠳᠬᠡᠯ ᠢ ᠨᠥᠬᠦᠪᠥᠷᠢᠯᠡᠵᠦ᠂ ᠲᠦᠷ ᠴᠠᠭ ᠤᠨ ᠬᠦᠴᠢᠷᠳᠡᠯ ᠤᠨ ᠲᠤᠰᠠᠯᠠᠮᠵᠢ ᠨᠢ ᠭᠡᠨᠡᠳᠲᠡ ᠶᠢᠨ ᠴᠢᠨᠠᠷᠲᠠᠶ ᠬᠦᠴᠢᠷᠳᠡᠯ ᠢ ᠨᠠᠮᠳᠠᠭᠤᠯᠵᠤ᠂ ᠠᠵᠢᠯ ᠢᠶᠠᠷ ᠰᠤᠷᠤᠯᠭ᠎ᠠ ᠶᠢ ᠲᠡᠳᠬᠦᠬᠦ ᠳᠤ ᠠᠵᠤ ᠠᠬᠤᠶ ᠶᠢᠨ ᠠᠰᠠᠭᠤᠳᠠᠯ ᠢ ᠰᠢᠢᠳᠪᠦᠷᠢᠯᠡᠬᠦ ᠪᠠᠷ ᠪᠠᠷᠠᠬᠤ ᠦᠭᠡᠶ ᠪᠠᠰᠠ ᠦᠢᠯᠡᠳᠦᠯᠭᠡ ᠶᠢᠨ ᠴᠢᠳᠠᠪᠤᠷᠢ ᠶᠢ ᠨᠢ ᠪᠣᠯᠪᠠᠰᠤᠷᠠᠭᠤᠯᠤᠨ᠎ᠠ ᠃ ᠬᠡᠷᠪᠡ ᠣᠨᠴᠠ ᠰᠠᠶᠢᠨ ᠬᠢᠷᠢ ᠪᠦᠲᠦᠮᠵᠢ ᠣᠯᠤᠭᠰᠠᠨ ᠪᠣᠯ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠪᠣᠯᠤᠨ ᠥᠪᠡᠷᠲᠡᠭᠡᠨ ᠵᠠᠰᠠᠬᠤ ᠣᠷᠣᠨ ᠤ ᠰᠤᠷᠤᠯᠭ᠎ᠠ ᠶᠢᠨ ᠱᠠᠩᠨᠠᠯ ᠤᠨ ᠮᠥᠩᠭᠦ ᠶᠢ ᠬᠦᠷᠲᠡᠬᠦ ᠵᠠᠪᠰᠢᠶᠠᠨ ᠲᠠᠢ᠃ ᠴᠡᠷᠢᠭ ᠤᠨ ᠠᠯᠪᠠ ᠬᠠᠭᠠᠬᠤ ᠪᠤᠶᠤ ᠦᠨᠳᠦᠰᠦᠨ ᠱᠠᠲᠤᠨ ᠳᠤ ᠣᠴᠢᠵᠤ ᠠᠵᠢᠯ ᠣᠯᠬᠤ ᠳᠤ ᠪᠠᠰᠠ ᠰᠤᠷᠤᠯᠭ᠎ᠠ ᠶᠢᠨ ᠰᠦᠢᠳᠬᠡᠯ ᠤᠨ ᠨᠥᠬᠦᠪᠥᠷᠢ ᠪᠠ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢ ᠣᠷᠣᠯᠠᠨ ᠲᠥᠯᠥᠵᠦ ᠪᠣᠯᠤᠨ᠎ᠠ᠃ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ
 
ᠢᠷᠡᠯᠲᠡ᠄ ᠬᠤᠷᠢᠨᠭᠡᠷ ᠰᠢᠶᠠᠨ ᠤ ᠸᠢᠴᠠᠲ ᠲᠠᠪᠴᠠᠩ huoli-helingeer
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号