ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠮᠠᠨ ᠤ ᠰᠢᠶᠠᠨ ᠳᠤ ᠭᠦᠨᠵᠡᠭᠡᠶᠢᠷᠡᠨ ︽ᠬᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ︾ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/6/5
 
         6 ᠰᠠᠷ᠎ᠠ ᠶᠢᠨ 3 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠨᠡᠷ ᠬᠤᠷᠢᠨᠭᠡᠷ ᠰᠢᠶᠠᠨ ᠤ ᠬᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠤᠨ ᠲᠤᠬᠠᠶ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠵᠦ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠤᠳᠤᠷᠢᠳᠤᠯᠭ᠎ᠠ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃      ᠪᠠᠶᠢᠴᠠᠭᠠᠨ ᠰᠤᠳᠤᠯᠬᠤ ᠳᠤᠭᠤᠶᠢᠯᠠᠩ ᠡᠩ ᠲᠡᠷᠢᠭᠦᠨ ᠳᠤ ᠴᠧᠩ ᠭᠤᠸᠠᠨ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠬᠦᠷᠴᠦ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠬᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡᠨ ᠤ ᠪᠦᠯᠬᠦᠮ ᠢ ᠵᠣᠬᠢᠶᠠᠨ ᠪᠠᠶᠢᠭᠤᠯᠬᠤ᠂ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠵᠤ ᠭᠡᠷ᠎ᠡ ᠲᠣᠭᠲᠠᠭᠰᠠᠨ ᠲᠠᠩᠰᠠ ᠡᠪᠬᠡᠮᠡᠯ ᠪᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠥᠷᠨᠢᠭᠦᠯᠦᠭᠰᠡᠨ ᠪᠠᠶᠢᠳᠠᠯ ᠵᠢᠴᠢ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠨᠠᠷᠢᠨ ᠣᠶᠢᠯᠠᠭᠠᠬᠤ ᠶᠢᠨ ᠬᠠᠮᠲᠤ ︽ᠬᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠤᠭᠰᠠᠨ ᠪᠠᠶᠢᠳᠠᠯ︾ ᠭᠡᠬᠦ ᠲᠤᠰᠬᠠᠶ ᠰᠡᠳᠦᠪᠲᠦ ᠶᠠᠷᠢᠯᠴᠠᠬᠤ ᠬᠤᠷᠠᠯ ᠥᠷᠨᠢᠭᠦᠯᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠵᠤ ᠦᠢᠯᠡᠴᠢᠯᠡᠬᠦ ᠳᠠᠪᠠᠭᠤᠯᠢᠭ ᠪᠣᠯᠤᠨ ᠳᠥᠭᠦᠮ ᠳᠥᠲᠡ ᠪᠠᠶᠢᠳᠠᠯ ᠢ ᠨᠡᠩ ᠤᠯᠠᠨ ᠤᠯᠠᠨ ᠲᠦᠮᠡᠨ ᠳᠤ ᠣᠶᠢᠯᠠᠭᠠᠭᠤᠯᠵᠤ᠂ ᠤᠯᠠᠨ ᠨᠡᠶᠢᠲᠡ ᠶᠢᠨ ᠮᠡᠳᠡᠷᠡᠮᠵᠢ ᠶᠢᠨ ᠬᠡᠮᠵᠢᠶ᠎ᠡ ᠪᠣᠯᠤᠨ ᠬᠦᠯᠢᠶᠡᠨ ᠠᠪᠬᠤ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ︔ ᠭᠡᠷ᠎ᠡ ᠲᠣᠭᠲᠠᠵᠤ ᠦᠢᠯᠡᠴᠢᠯᠡᠬᠦ ᠬᠥᠮᠦᠨ᠂ ᠵᠣᠭᠤᠰ ᠮᠥᠩᠭᠦ᠂ ᠪᠣᠳᠠᠰ ᠤᠨ ᠪᠠᠲᠤᠯᠠᠭ᠎ᠠ ᠶᠢ ᠪᠠᠬᠢᠵᠢᠭᠦᠯᠵᠦ᠂ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠤᠯᠠᠨ ᠲᠡᠰ ᠳᠠᠪᠬᠤᠷᠭ᠎ᠠ᠂ ᠤᠯᠠᠨ ᠶᠠᠩᠵᠤ ᠶᠢᠨ ᠡᠮᠴᠢᠯᠡᠭᠡᠨ ᠤ ᠦᠢᠯᠡᠴᠢᠯᠡᠭᠡᠨ ᠤ ᠬᠡᠷᠡᠭᠴᠡᠭᠡ ᠶᠢ ᠬᠠᠩᠭᠠᠵᠤ᠂ ᠰᠠᠨᠠᠭᠠᠴᠢᠯᠠᠭ᠎ᠠ ᠠᠴᠠ ᠪᠠᠨ ᠭᠡᠷ᠎ᠡ ᠲᠣᠭᠲᠠᠬᠤ ᠶᠢ ᠪᠡᠶᠡᠯᠡᠭᠦᠯᠵᠦ᠂ ᠭᠡᠷ᠎ᠡ ᠲᠣᠭᠲᠠᠬᠤ ᠳᠤ ᠨᠢᠭᠡ ᠬᠥᠮᠦᠨ ᠪᠠᠶᠢᠪᠠᠯ ᠨᠢᠭᠡ ᠬᠥᠮᠦᠨ ᠢ ᠪᠣᠳᠠᠲᠠᠶᠢᠵᠢᠭᠤᠯᠤᠨ᠎ᠠ ᠃ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠵᠤ ᠦᠢᠯᠡᠴᠢᠯᠡᠬᠦ ᠠᠵᠢᠯ ᠢ ᠦᠷᠭᠦᠯᠵᠢᠯᠡᠨ ᠠᠩᠬᠠᠷᠤᠨ ᠳᠡᠮᠵᠢᠵᠦ᠂ ᠤᠯᠤᠰ ᠲᠦᠷᠦ ᠶᠢᠨ ᠵᠥᠪᠯᠡᠯᠭᠡᠨ ᠤ ︽ᠤᠯᠠᠨ ᠲᠦᠮᠡᠨ ᠲᠠᠢ ᠣᠶᠢᠷᠠᠲᠤᠬᠤ᠂ ᠠᠷᠠᠳ ᠤᠨ ᠪᠠᠶᠢᠳᠠᠯ ᠢ ᠣᠶᠢᠯᠠᠭᠠᠬᠤ᠂ ᠠᠷᠠᠳ ᠤᠨ ᠵᠣᠪᠠᠨᠢᠯ ᠢ ᠰᠢᠢᠳᠪᠦᠷᠢᠯᠡᠬᠦ᠂ ᠠᠷᠠᠳ ᠤᠨ ᠰᠡᠳᠬᠢᠯ ᠢ ᠨᠢᠭᠲᠠᠷᠠᠭᠤᠯᠬᠤ︾ ᠴᠢᠬᠤᠯᠠ ᠲᠠᠪᠴᠠᠩ ᠤᠨ ᠦᠢᠯᠡᠳᠦᠯ ᠢ ᠦᠨᠡᠨ ᠬᠦ ᠪᠠᠳᠠᠷᠠᠭᠤᠯᠵᠤ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠠᠷᠠᠳ ᠤᠨ ᠰᠠᠨᠠᠭ᠎ᠠ ᠶᠢ ᠴᠠᠭ ᠲᠤᠬᠠᠢ ᠳᠤᠨᠢ ᠰᠢᠩᠭᠡᠭᠡᠨ ᠠᠪᠴᠤ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠬᠡᠷᠡᠭᠲᠡᠢ ᠭᠡᠵᠦ ᠱᠠᠭᠠᠷᠳᠠᠪᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号