ᠰᠤᠷᠪᠤᠯᠵᠢᠯᠠᠬᠴᠢ ᠳᠤᠮᠳᠠᠳᠤ ᠤᠯᠤᠰ ᠤᠨ ᠲᠡᠮᠦᠷ ᠵᠠᠮ ᠤᠨ ᠭᠦᠭᠡᠬᠤᠲᠠ ᠶᠢᠨ ᠲᠣᠪᠴᠢᠶ᠎ᠠ ᠶᠢᠨ | ᠪᠦᠯᠦᠭᠯᠡᠯ ᠤᠨ ᠬᠢᠵᠠᠭᠠᠷᠲᠤ ᠺᠤᠮᠫᠠᠨᠢ ᠠᠴᠠ ᠣᠶᠢᠯᠠᠭᠠᠭᠰᠠᠨ ᠢᠶᠠᠷ᠂ 6 ᠰᠠᠷ᠎ᠠ ᠶᠢᠨ 15 ᠤ ᠡᠳᠦᠷ ᠠᠴᠠ ᠡᠬᠢᠯᠡᠨ | ᠪᠦᠭᠦ ᠤᠯᠤᠰ ᠤᠨ ᠲᠡᠮᠦᠷ ᠵᠠᠮ ᠤᠨ ᠬᠢᠨ ᠭᠠᠯᠲᠤ ᠲᠡᠷᠭᠡᠨ ᠤ ᠰᠢᠨ᠎ᠡ ᠠᠶᠠᠯᠠᠯ ᠤᠨ ᠵᠢᠷᠤᠭ ᠢ ᠬᠡᠷᠡᠭᠵᠢᠭᠦᠯᠵᠦ᠂ | ᠳᠤᠮᠳᠠᠳᠤ ᠤᠯᠤᠰ ᠤᠨ ᠲᠡᠮᠦᠷ ᠵᠠᠮ ᠤᠨ ᠭᠦᠭᠡᠬᠤᠲᠠ ᠶᠢᠨ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠤᠮᠫᠠᠨᠢ | ᠬᠡᠰᠡᠭ ᠠᠶᠠᠨᠴᠢᠳ ᠤᠨ ᠭᠠᠯᠲᠤ ᠲᠡᠷᠭᠡ ᠶᠢ ᠨᠡᠮᠡᠨ ᠲᠣᠬᠢᠷᠠᠭᠤᠯᠵᠤ᠂ ᠣᠷᠭᠢᠯ ᠤᠨ ᠱᠤᠭᠤᠮ ᠤᠨ ᠠᠶᠠᠨᠴᠢᠳ ᠤᠨ | ᠭᠠᠯᠲᠤ ᠲᠡᠷᠭᠡ ᠨᠡᠪᠲᠡᠷᠡᠬᠦ ᠲᠥᠰᠥᠯ ᠢ ᠰᠢᠯᠢᠳᠡᠭᠵᠢᠭᠦᠯᠵᠦ᠂ ᠪᠠᠷᠠᠭᠠᠨ ᠤ ᠲᠡᠭᠡᠭᠡᠪᠦᠷᠢ ᠶᠢᠨ ᠦᠢᠯᠡᠴᠢᠯᠡᠭᠡᠨ ᠤ ᠶᠠᠰᠤ | ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ | ᠡᠷᠭᠢᠯᠲᠡ ᠶᠢ ᠪᠠᠲᠤᠯᠠᠬᠤ ᠪᠠᠷ ᠪᠤᠢ᠃ | | | ᠲᠣᠰ ᠤᠳᠠᠭᠠᠨ ᠤ ᠠᠶᠠᠯᠠᠯ ᠤᠨ ᠵᠢᠷᠤᠭ ᠤᠨ ᠲᠣᠬᠢᠷᠠᠭᠤᠯᠤᠯᠲᠠ ᠳᠤ ᠭᠦᠭᠡᠬᠤᠲᠠ ᠬᠢᠭᠡᠳ ᠢᠷᠭᠠᠢ ᠶᠢᠨ | ᠬᠤᠭᠤᠷᠣᠨᠳᠣᠭᠢ K193/4 ᠤᠳᠠᠭ᠎ᠠ ᠶᠢᠨ ᠠᠶᠠᠨᠴᠢᠳ ᠤᠨ ᠭᠠᠯᠲᠤ ᠲᠡᠷᠭᠡ ᠶᠢ 1 ᠬᠤᠣᠰ ᠰᠢᠨ᠎ᠡ ᠪᠠᠷ ᠨᠡᠮᠡᠵᠦ᠂ | ᠦᠬᠠᠢ ᠶᠢᠨ ᠪᠠᠷᠠᠭᠤᠨ ᠬᠢᠭᠡᠳ ᠰᠢ ᠠᠨ ᠤ ᠬᠤᠭᠤᠷᠣᠨᠳᠣᠭᠢ K1686/7᠂ K1688/5 ᠤᠳᠠᠭ᠎ᠠ ᠶᠢᠨ ᠭᠠᠯᠲᠤ | ᠲᠡᠷᠭᠡ ᠶᠢ ᠪᠠᠷᠠᠭᠤᠨᠰᠢ ᠤᠷᠲᠤᠳᠬᠠᠭᠠᠳ ᠪᠦᠦ ᠵᠢᠢ ᠳᠤ ᠬᠦᠷᠭᠡᠵᠦ᠂ ᠰᠢᠶᠠᠨ ᠶᠠᠩ᠂ ᠦ᠋ ᠭᠦᠩ᠂ ᠶᠠᠩ ᠯᠢᠩ᠂ ᠼᠠᠢ | ᠵᠢᠶᠠ ᠫᠥᠸᠧ᠂ ᠪᠦᠦ ᠵᠢᠢ ᠥᠷᠲᠡᠭᠡ ᠶᠢ ᠨᠡᠮᠡᠵᠦ᠂ ᠥᠪᠥᠷ ᠮᠣᠩᠭᠤᠯ ᠱᠠᠨᠰᠢ ᠬᠤᠶᠠᠷ ᠭᠠᠵᠠᠷ ᠤᠨ ᠠᠶᠠᠨᠴᠢᠳ ᠤᠨ | ᠶᠠᠪᠤᠯᠴᠠᠭ᠎ᠠ ᠳᠤ ᠤᠯᠠᠮ ᠨᠢᠭᠡ ᠠᠯᠬᠤᠮ ᠲᠥᠭᠦᠮ ᠦᠵᠡᠭᠦᠯᠭᠦ ᠪᠣᠯᠣᠨ᠎ᠠ᠃ ᠲᠡᠮᠦᠷ ᠵᠠᠮ ᠤᠨ ᠰᠠᠯᠠᠭ᠎ᠠ ᠮᠥᠴᠢᠷ ᠤᠳ | ᠭᠦᠭᠡᠬᠤᠲᠠ ᠬᠢᠭᠡᠳ ᠪᠡᠭᠡᠵᠢᠩ ᠤᠨ ᠬᠤᠭᠤᠷᠣᠨᠳᠣᠭᠢ ᠲᠦᠷᠭᠡᠨ ᠤ ᠲᠡᠮᠦᠷ ᠵᠠᠮ ᠬᠥᠳᠡᠯᠭᠡᠬᠦ ᠬᠦᠴᠦᠨᠲᠦ ᠭᠠᠯᠲᠤ | ᠲᠡᠷᠭᠡᠨ ᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠶ᠎ᠡ ᠨᠠᠶᠢᠷᠠᠮᠳᠠᠭᠤ ᠨᠡᠷᠡᠮᠵᠢᠲᠦ ︽D︾ | ᠥᠰᠥᠭ ᠲᠠᠢ 3 ᠬᠤᠣᠰ ᠬᠥᠳᠡᠯᠭᠡᠬᠦ ᠬᠦᠴᠦᠨᠲᠦ ᠭᠠᠯᠲᠤ ᠲᠡᠷᠭᠡ ᠶᠢ ᠹᠦ᠋ ᠰᠢᠩ ᠨᠡᠷᠡᠮᠵᠢᠲᠦ ︽G︾ ᠥᠰᠥᠭ ᠲᠠᠢ | ᠬᠥᠳᠡᠯᠭᠡᠬᠦ ᠬᠦᠴᠦᠨᠲᠦ ᠭᠠᠯᠲᠤ ᠲᠡᠷᠭᠡ ᠪᠣᠯᠭᠠᠨ ᠰᠢᠯᠢᠳᠡᠭᠵᠢᠭᠦᠯᠦᠨ᠎ᠡ᠃ ᠭᠦᠭᠡᠬᠤᠲᠠ ᠬᠢᠭᠡᠳ ᠣᠷᠳᠣᠰ ᠤᠨ | ᠬᠤᠭᠤᠷᠣᠨᠳᠣᠭᠢ ᠭᠠᠷᠠᠭ ᠤᠨ ᠰᠡᠭᠦᠯᠴᠢ ᠶᠢᠨ ᠱᠤᠭᠤᠮ ᠤᠨ ᠬᠤᠲᠠ ᠶᠢᠨ ᠬᠤᠭᠤᠷᠣᠨᠳᠣᠭᠢ ᠬᠥᠳᠡᠯᠭᠡᠬᠦ ᠬᠦᠴᠦᠨᠲᠦ | ᠭᠠᠯᠲᠤ ᠲᠡᠷᠭᠡ ᠶᠢ 1 ᠬᠤᠣᠰ ᠨᠡᠮᠡᠭᠳᠡᠭᠦᠯᠵᠦ᠂ ᠭᠠᠷᠠᠭ ᠪᠦᠷᠢ ᠶᠢᠨ ᠲᠠᠪᠤᠨ᠂ ᠵᠢᠷᠭᠤᠭᠠᠨ᠂ ᠡᠳᠦᠷ᠂ ᠨᠢᠭᠡᠨ ᠵᠢᠴᠢ | ᠠᠶᠠᠨᠴᠢᠳ ᠤᠨ ᠣᠷᠭᠢᠯ ᠤᠨ ᠡᠳᠦᠷ ᠤᠨ ᠠᠶᠠᠯᠠᠯ ᠢ ᠡᠬᠢᠯᠡᠭᠦᠯᠦᠨ᠎ᠡ᠃ ᠭᠦᠭᠡᠬᠤᠲᠠ ᠬᠢᠭᠡᠳ ᠯᠢᠨᠾᠧ ᠶᠢᠨ | ᠬᠤᠭᠤᠷᠣᠨᠳᠣᠭᠢ ᠣᠷᠭᠢᠯ ᠤᠨ ᠱᠤᠭᠤᠮ ᠤᠨ ᠬᠤᠲᠠ ᠶᠢᠨ ᠬᠤᠭᠤᠷᠣᠨᠳᠣᠭᠢ ᠬᠥᠳᠡᠯᠭᠡᠬᠦ ᠬᠦᠴᠦᠨᠲᠦ ᠭᠠᠯᠲᠤ | ᠲᠡᠷᠭᠡ ᠶᠢ 1 ᠬᠤᠣᠰ ᠨᠡᠮᠡᠭᠳᠡᠭᠦᠯᠵᠦ᠂ ᠣᠷᠭᠢᠯ ᠤᠨ ᠬᠤᠭᠤᠴᠠᠭ᠎ᠠ᠂ ᠬᠠᠯᠠᠮᠰᠢᠯ ᠣᠷᠣᠨ ᠪᠦᠰᠡ ᠶᠢᠨ ᠬᠤᠭᠤᠷᠣᠨᠳᠣᠭᠢ | ᠵᠥᠭᠡᠭᠡᠪᠦᠷᠢ ᠶᠢᠨ ᠴᠢᠳᠠᠪᠤᠷᠢ ᠶᠢᠨ ᠭᠦᠢᠴᠡᠳ ᠪᠠᠶᠢᠬᠤ ᠶᠢ ᠪᠠᠲᠤᠯᠠᠨ᠎ᠠ᠃ | | |