ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ 2024 ᠣᠨ ᠤ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠰᠤᠷᠭᠠᠨ ᠬᠥᠮᠦᠵᠢᠯ ᠤᠨ ᠪᠠᠯᠠ ᠮᠥᠩᠭᠦ ᠶᠢ 463 ᠲᠦᠮᠡᠨ ᠲᠥᠭᠦᠷᠢᠭ ᠪᠠᠭᠤᠯᠭᠠᠵᠠᠢ
ᠨᠡᠶᠢᠲᠡᠯᠡᠭᠰᠡᠨ ᠴᠠᠭ᠄
2024/6/5
     ︵ᠰᠤᠷᠪᠤᠯᠵᠢᠯᠠᠭᠴᠢ ᠰᠦᠩ ᠰᠢᠶᠠᠩ ᠬᠤᠸᠠ︶ ᠨᠠᠰᠤᠲᠠᠶᠢᠴᠤᠳ ᠤᠨ ᠰᠤᠷᠭᠠᠨ ᠬᠥᠮᠦᠵᠢᠯ ᠤᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠨᠠᠰᠤᠲᠠᠶᠢᠴᠤᠳ ᠤᠨ ᠰᠤᠷᠭᠠᠨ ᠬᠥᠮᠦᠵᠢᠯ ᠢ ᠨᠠᠰᠤᠨ ᠲᠤᠷᠰᠢᠳᠠ ᠶᠢᠨ ᠰᠤᠷᠭᠠᠨ ᠬᠥᠮᠦᠵᠢᠯ ᠤᠨ ᠪᠦᠬᠦᠯᠢ ᠴᠣᠭᠴᠠ ᠶᠢᠨ ᠲᠥᠯᠥᠪᠵᠢᠭᠦᠯᠭᠡ ᠳᠤ ᠣᠷᠣᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ ᠤᠨ ᠬᠠᠮᠢᠶ᠎ᠠ ᠪᠥᠬᠦᠶ ᠮᠡᠳᠡᠭᠳᠡᠯ ᠤᠨ ᠱᠠᠭᠠᠷᠳᠠᠯᠭ᠎ᠠ ᠶᠢ ᠦᠨᠳᠦᠰᠦᠯᠡᠨ᠂ ᠣᠶᠢᠷ᠎ᠠ ᠳᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ 2024 ᠣᠨ ᠤ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠰᠤᠷᠭᠠᠨ ᠬᠥᠮᠦᠵᠢᠯ ᠤᠨ ᠪᠠᠯᠠ ᠮᠥᠩᠭᠦ ᠶᠢ 463 ᠲᠦᠮᠡᠨ ᠲᠥᠭᠦᠷᠢᠭ ᠪᠠᠭᠤᠯᠭᠠᠪᠠ᠃      ᠲᠤᠰ ᠲᠦᠷᠦᠯ ᠤᠨ ᠪᠡᠯᠡ ᠮᠥᠩᠭᠦ ᠶᠢ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ ᠨᠠᠰᠤᠲᠠᠶᠢᠴᠤᠳ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ᠂ ᠵᠢᠱᠢᠶ᠎ᠡ ᠦᠵᠡᠭᠦᠯᠬᠦ ᠴᠢᠨᠠᠷᠲᠠᠶ ᠨᠠᠰᠤᠲᠠᠶᠢᠴᠤᠳ ᠤᠨ ᠰᠤᠷᠭᠠᠨ ᠬᠥᠮᠦᠵᠢᠯ ᠤᠨ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ ᠢ ᠪᠤᠶᠢᠵᠢᠭᠤᠯᠬᠤ᠂ ᠪᠦᠬᠦ ᠠᠷᠠᠳ ᠢᠶᠠᠷ ᠢᠶᠠᠨ ᠨᠠᠰᠤᠨ ᠲᠤᠷᠰᠢᠳᠠ ᠰᠤᠷᠤᠯᠴᠠᠬᠤ ᠭᠠᠷᠠᠭ ᠤᠨ ᠠᠵᠢᠯᠯᠠᠭ᠎ᠠ ᠶᠢ ᠡᠷᠬᠢᠯᠡᠬᠦ᠂ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ᠂ ᠨᠠᠰᠤᠲᠠᠶᠢᠴᠤᠳ ᠤᠨ ᠰᠤᠷᠭᠠᠨ ᠬᠥᠮᠦᠵᠢᠯ ᠵᠢᠴᠢ ᠳᠡᠭᠡᠳᠦ ᠵᠡᠷᠭᠡ ᠶᠢᠨ ᠰᠤᠷᠤᠯᠭ᠎ᠠ ᠶᠢᠨ ᠨᠠᠮᠲᠠᠷ ᠤᠨ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠬᠢᠵᠦ ᠪᠠᠶᠢᠴᠠᠭᠠᠨ ᠰᠤᠳᠤᠯᠤᠯᠲᠠ ᠬᠢᠬᠦ ᠵᠡᠷᠭᠡ ᠳᠤ ᠬᠡᠷᠡᠭᠯᠡᠨ᠎ᠡ᠃ ᠡᠨᠡ ᠬᠦ ᠪᠠᠯᠠ ᠮᠥᠩᠭᠦ ᠶᠢ ᠪᠠᠭᠤᠯᠭᠠᠭᠰᠠᠨ ᠨᠢ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠳᠥᠯᠭᠢᠨ ᠠᠬᠢᠭᠤᠯᠵᠤ᠂ ᠨᠠᠰᠤᠲᠠᠶᠢᠴᠤᠳ ᠤᠨ ᠣᠯᠠᠨ ᠶᠠᠩᠵᠤ ᠶᠢᠨ ᠰᠤᠷᠤᠯᠴᠠᠬᠤ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠥᠬᠡᠶ ᠬᠠᠩᠭᠠᠵᠤ᠂ ᠪᠥᠬᠦ ᠠᠷᠠᠳ ᠤᠨ ᠨᠠᠰᠤᠨ ᠲᠤᠷᠰᠢᠳᠠ ᠰᠤᠷᠤᠯᠴᠠᠬᠤ ᠰᠤᠷᠤᠯᠴᠠᠬᠤ ᠬᠡᠯᠪᠡᠷᠢ ᠶᠢᠨ ᠨᠡᠶᠢᠭᠡᠮ ᠳᠤ ᠬᠦᠴᠦᠨ ᠨᠡᠮᠡᠷᠢᠯᠡᠬᠦ ᠳᠤ ᠢᠳᠡᠪᠬᠢᠲᠡᠶ ᠠᠬᠢᠭᠤᠯᠬᠤ ᠦᠢᠯᠡᠳᠦᠯ  ᠦᠵᠡᠭᠦᠯᠬᠦ ᠪᠣᠯᠣᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号