ᠣᠶᠢᠷ᠎ᠠ ᠶᠢᠨ ᠵᠢᠯ ᠳᠤ᠂ ᠭᠦᠭᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠬᠠᠲᠤᠨ ᠭᠤᠣᠯ ᠤᠨ ᠰᠠᠪᠠ | ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠬᠠᠲᠤᠨ ᠭᠤᠣᠯ ᠤᠨ ᠰᠠᠪᠠ ᠭᠠᠵᠠᠷ ᠲᠤ ᠣᠷᠣᠰᠢᠵᠤ ᠪᠠᠶᠢᠭ᠎ᠠ ᠡᠯᠡᠰᠦᠷᠬᠡᠭᠵᠢᠯ ᠤᠨ ᠠᠰᠠᠭᠤᠳᠠᠯ᠂ | ᠦᠶᠡᠷ ᠤᠰᠤᠨ ᠤ ᠭᠠᠮᠰᠢᠭ᠂ ᠬᠤᠵᠢᠷᠰᠢᠯ ᠤᠨ ᠠᠰᠠᠭᠤᠳᠠᠯ᠂ ᠲᠠᠷᠢᠶᠠᠨ ᠭᠠᠵᠠᠷ ᠤᠨ ᠬᠠᠯᠬᠠᠪᠴᠢ ᠣᠶ᠂ ᠨᠤᠲᠤᠭ | ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ᠂ ᠭᠤᠣᠯ ᠮᠥᠷᠡᠨ ᠨᠠᠭᠤᠷ ᠴᠦᠭᠦᠷᠦᠮ ᠨᠤᠭᠤ ᠭᠠᠵᠠᠷ ᠢ | ᠬᠠᠮᠠᠭᠠᠯᠠᠬᠤ ᠵᠡᠷᠭᠡ ᠵᠢᠷᠭᠤᠭᠠᠨ ᠶᠡᠭᠡ ᠠᠮᠢ ᠠᠬᠤᠢ ᠶᠢᠨ ᠠᠰᠠᠭᠤᠳᠠᠯ ᠢ ᠰᠢᠢᠳᠪᠦᠷᠢᠯᠡᠬᠦ ᠲᠠᠢ ᠤᠶᠠᠯᠳᠤᠭᠤᠯᠤᠨ᠂ | ︽ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ︾ ᠶᠢ ᠨᠢᠭᠡ | ᠴᠣᠭᠴᠠᠵᠢᠭᠤᠯᠤᠨ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠡᠳ᠋ ᠤᠨ ᠵᠠᠰᠠᠭ ᠤᠨ ᠡᠭᠦᠷᠭᠡ ᠴᠢᠳᠠᠪᠤᠷᠢ ᠪᠠᠨ | ᠢᠳᠡᠪᠬᠢᠲᠡᠢ ᠪᠠᠳᠠᠷᠠᠭᠤᠯᠤᠨ᠂ ᠪᠡᠯᠡ ᠮᠥᠩᠭᠦ ᠶᠢᠨ ᠣᠷᠣᠭᠤᠯᠤᠯᠲᠠ ᠪᠠᠨ ᠨᠡᠮᠡᠭᠳᠡᠭᠦᠯᠵᠦ᠂ ᠬᠠᠲᠤᠨ ᠭᠤᠣᠯ ᠤᠨ︽ᠶᠡᠭᠡ | ᠲᠣᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠶᠢ ᠪᠦᠭᠦ ᠬᠦᠴᠦ ᠪᠠᠷ ᠳᠡᠮᠵᠢᠵᠦ ᠪᠤᠢ᠃ | ᠬᠠᠲᠤᠨ ᠭᠤᠣᠯ ᠤᠨ ︽ᠶᠡᠭᠡ ᠲᠣᠬᠤᠢ︾ ᠶᠢᠨ ᠣᠷᠣᠨ ᠪᠣᠯ ᠮᠠᠨ ᠤ ᠤᠯᠤᠰ ᠤᠨ ᠤᠮᠠᠷᠠᠲᠤ ᠶᠢᠨ ᠴᠢᠬᠤᠯᠠ | ᠠᠮᠢ ᠠᠬᠤᠢ ᠶᠢᠨ ᠬᠡᠪᠡᠷᠡᠭ ᠣᠷᠣᠨ᠂ ᠬᠠᠲᠤᠨ ᠭᠤᠣᠯ ᠤᠨ ᠳᠤᠮᠳᠠᠳᠤ ᠳᠣᠣᠷᠠᠳᠤ ᠤᠷᠤᠰᠬᠠᠯ ᠤᠨ ᠡᠯᠡᠰᠦ ᠰᠢᠪᠠᠷ | ᠤᠨ ᠴᠢᠬᠤᠯᠠ ᠢᠷᠡᠯᠲᠡ ᠶᠢᠨ ᠭᠠᠵᠠᠷ ᠪᠣᠯᠣᠨ᠎ᠠ᠃ ᠡᠭᠦᠨ ᠤ ᠬᠠᠮᠲᠤ ᠪᠠᠰᠠ ᠴᠤ ᠮᠠᠨ ᠤ ᠤᠯᠤᠰ ᠤᠨ ᠴᠢᠬᠤᠯᠠ | ᠲᠠᠷᠢᠶᠠᠯᠠᠩ ᠤᠨ ᠦᠢᠯᠡᠳᠪᠦᠷᠢᠯᠡᠯ ᠤᠨ ᠣᠷᠣᠨ ᠪᠠᠶᠢᠵᠤ᠂ ᠤᠷᠤᠰᠬᠠᠯ ᠳᠠᠭᠠᠤ ᠶᠢᠨ ᠵᠣᠩᠬᠢᠯᠠᠬᠤ ᠤᠯᠠᠨ ᠭᠠᠵᠠᠷ | ᠣᠷᠣᠨ ᠨᠢ ᠴᠥᠮ ᠬᠥᠭᠵᠢᠯᠲᠡ ᠪᠠᠷ ᠤᠳᠠᠭᠠᠪᠲᠤᠷ ᠭᠠᠵᠠᠷ ᠣᠷᠣᠨ ᠪᠣᠯᠣᠨ᠎ᠠ᠃ ᠬᠠᠳᠤᠨ ᠭᠤᠣᠯ ᠤᠨ ︽ᠶᠡᠭᠡ | ᠲᠣᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠨᠢ ᠠᠮᠢ ᠠᠬᠤᠢ ᠶᠢᠨ ᠠᠮᠤᠷ ᠲᠦᠪᠰᠢᠨ | ᠢ ᠬᠠᠮᠠᠭᠠᠯᠠᠬᠤ᠂ ᠬᠠᠳᠤᠨ ᠭᠤᠣᠯ ᠤᠨ ᠰᠠᠪᠠ ᠭᠠᠵᠠᠷ ᠤᠨ ᠠᠮᠤᠷ ᠲᠦᠪᠰᠢᠨ ᠢ ᠪᠠᠲᠤᠯᠠᠬᠤ᠂ ᠤᠯᠤᠰ ᠤᠨ ᠠᠮᠤ | ᠪᠤᠳᠠᠭᠠᠨ ᠤ ᠠᠮᠤᠷ ᠲᠦᠪᠰᠢᠨ ᠢ ᠬᠠᠮᠠᠭᠠᠯᠠᠬᠤ᠂ ᠣᠷᠣᠨ ᠪᠦᠰᠡ ᠶᠢᠨ ᠲᠡᠩᠴᠡᠭᠦᠷᠢᠲᠡᠢ ᠪᠥᠭᠡᠳ ᠵᠣᠬᠢᠴᠠᠩᠭᠤᠢ | ᠬᠥᠭᠵᠢᠯᠲᠡ ᠶᠢ ᠠᠬᠢᠭᠤᠯᠬᠤ᠂ ᠠᠷᠠᠳ ᠲᠦᠮᠡᠨ ᠤ ᠠᠮᠢᠳᠤᠷᠠᠯ ᠢ ᠠᠵᠠ ᠵᠢᠷᠭᠠᠯ ᠲᠠᠢ ᠪᠠᠶᠢᠯᠭᠠᠬᠤ ᠳᠤ ᠴᠥᠮ ᠲᠤᠶᠢᠯ | ᠤᠨ ᠴᠢᠬᠤᠯᠠ ᠠᠴᠢ ᠬᠤᠯᠪᠣᠭᠳᠠᠯ ᠲᠠᠢ ᠶᠤᠮ᠃ | 2021 ᠣᠨ ᠠᠴᠠ ᠨᠠᠭᠠᠰᠢ᠂ ᠭᠦᠭᠡᠬᠤᠲᠠ ︽ᠥᠪᠥᠷ ᠮᠣᠩᠭᠤᠯ ᠤᠨ ᠭᠦᠭᠡᠬᠤᠲᠠ ᠶᠢᠨ ᠴᠢᠩ ᠱᠦᠢ ᠾᠧ | ᠭᠤᠣᠯ ᠤᠨ ᠬᠡᠰᠡᠭ ᠤᠨ ᠬᠠᠲᠤᠨ ᠭᠤᠣᠯ ᠤᠨ ᠭᠤᠣᠯᠳᠠᠯᠭ᠎ᠠ ᠲᠠᠢ ᠠᠮᠢ ᠠᠬᠤᠢ ᠶᠢᠨ ᠣᠷᠣᠨ ᠤ ᠤᠯᠤᠰ ᠤᠨ ᠭᠠᠵᠠᠷ | ᠰᠢᠷᠣᠢ ᠶᠢᠨ ᠨᠣᠭᠤᠭᠠᠷᠠᠭᠤᠯᠤᠯᠲᠠ︾ ᠶᠢᠨ ᠲᠥᠪ ᠤᠨ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠭᠦ ᠲᠥᠷᠥᠯ | ᠵᠦᠢᠯ ᠢ ᠠᠮᠵᠢᠯᠲᠠ ᠲᠠᠢ ᠬᠡᠷᠡᠭᠵᠢᠭᠦᠯᠵᠦ᠂ ᠨᠡᠶᠢᠲᠡ 3.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ᠂ | ᠲᠥᠷᠥᠯ ᠵᠦᠢᠯ ᠤᠨ ᠨᠣᠭᠤᠭᠠᠷᠠᠭᠤᠯᠤᠯᠲᠠ ᠶᠢᠨ ᠶᠡᠷᠦᠩᠬᠡᠢ ᠲᠠᠯᠠᠪᠠᠶ 45.44 ᠲᠦᠮᠡᠨ ᠮᠦ ᠳᠤ ᠭᠦᠷᠪᠡ᠃ 2023 | ᠣᠨ ᠳᠤ ᠪᠠᠰᠠ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ ᠶᠢ ᠵᠠᠰᠠᠬᠤ ᠲᠥᠪ ᠤᠨ ᠵᠢᠱᠢᠶ᠎ᠡ | ᠦᠵᠡᠭᠦᠯᠭᠦ ᠲᠥᠷᠥᠯ ᠵᠦᠢᠯ ᠢ ᠠᠮᠵᠢᠯᠲᠠ ᠲᠠᠢ ᠭᠤᠶᠤᠴᠢᠯᠠᠨ ᠮᠡᠳᠡᠭᠦᠯᠵᠦ᠂ ᠶᠡᠷᠦᠩᠬᠡᠢ ᠪᠡᠯᠡ ᠣᠷᠣᠭᠤᠯᠤᠯᠲᠠ ᠨᠢ 5. | 64 ᠳ᠋ᠦᠩᠰᠢᠭᠤᠷ ᠲᠥᠭᠦᠷᠢᠭ ᠲᠤ ᠬᠦᠷᠴᠦ᠂ ᠭᠤᠷᠪᠠᠨ ᠵᠢᠯ ᠤᠨ ᠬᠤᠭᠤᠴᠠᠭᠠᠨ ᠳᠤ ᠪᠦᠭᠦ ᠬᠤᠲᠠ ᠶᠢᠨ ᠣᠲᠣ | ᠪᠠᠶᠢᠭ᠎ᠠ 467 ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ ᠶᠢᠨ ᠵᠢᠷᠤᠭ ᠤᠨ ᠲᠣᠯᠪᠤ ᠶᠢ | ᠰᠢᠢᠳᠪᠦᠷᠢᠯᠡᠨ᠂ 2767.62 ᠾᠧᠺᠲ᠋ᠠᠷ ᠠᠮᠢ ᠠᠬᠤᠢ ᠶᠢᠨ ᠲᠠᠯᠠᠪᠠᠶ ᠶᠢ ᠵᠠᠰᠠᠨ ᠰᠡᠷᠭᠦᠭᠡᠬᠦ ᠪᠠᠷ ᠲᠥᠯᠥᠪᠯᠡᠵᠦ ᠪᠤᠶ᠃ | | ᠬᠠᠲᠤᠨ ᠭᠤᠣᠯ ᠤᠨ ᠭᠤᠣᠯ ᠤᠷᠤᠰᠬᠠᠯ ᠤᠨ ᠳᠡᠭᠡᠳᠦ ᠳᠣᠣᠷᠠᠳᠤ ᠤᠷᠤᠰᠬᠠᠯ ᠤᠨ ᠬᠥᠨᠳᠡᠯᠡᠨ ᠴᠢᠭᠯᠡᠯ ᠤᠨ | ᠠᠮᠢ ᠠᠬᠤᠢ ᠶᠢᠨ ᠨᠥᠬᠦᠪᠦᠷᠢ ᠥᠭᠬᠦ ᠲᠣᠭᠲᠠᠴᠠ ᠶᠢ ᠬᠠᠶᠢᠨ ᠰᠦᠪᠡᠭᠴᠢᠯᠡᠵᠦ᠂ ︽ᠭᠦᠭᠡᠬᠤᠲᠠ ᠶᠢᠨ | ᠭᠤᠣᠯᠳᠠᠯᠭ᠎ᠠ ᠲᠠᠢ ᠭᠤᠣᠯ ᠮᠥᠷᠡᠨ ᠤ ᠤᠰᠤᠨ ᠤ ᠬᠢᠨᠠᠨ ᠰᠢᠯᠭᠠᠯᠲᠠ ᠶᠢᠨ ᠣᠭᠲᠣᠯᠣᠭᠠᠰᠤ ᠶᠢᠨ ᠤᠰᠤᠨ ᠤ ᠴᠢᠨᠠᠷ | ᠤᠨ ᠪᠣᠬᠢᠷᠳᠤᠯ ᠳᠤ ᠨᠥᠬᠦᠪᠦᠷᠢ ᠥᠭᠬᠦ ᠲᠥᠰᠥᠯ︾ ᠢ ᠲᠣᠭᠲᠠᠭᠠᠨ᠂ ︽ᠬᠡᠨ ᠪᠣᠬᠢᠷᠲᠤᠭᠤᠯᠪᠠᠯ ᠬᠡᠨ ᠵᠠᠰᠠᠬᠤ᠂ ᠬᠡᠨ | ᠬᠠᠮᠠᠭᠠᠯᠠᠪᠠᠯ ᠬᠡᠨ ᠠᠰᠢᠭ ᠭᠦᠷᠳᠡᠭᠦ︾ᠤᠰᠤᠨ ᠤ ᠴᠢᠨᠠᠷ ᠤᠨ ᠪᠣᠬᠢᠷᠳᠤᠯ ᠳᠤ ᠨᠥᠬᠦᠪᠦᠷᠢ ᠥᠭᠬᠦ ᠲᠣᠭᠲᠠᠴᠠ ᠶᠢ | ᠤᠯᠠᠮ ᠪᠦᠷᠢᠨᠰᠢᠭᠦᠯᠦᠨ ᠪᠠᠬᠢᠵᠢᠭᠦᠯᠪᠡ᠃ ᠥᠪᠡᠷᠲᠡᠭᠡᠨ ᠵᠠᠰᠠᠬᠤ ᠣᠷᠣᠨ ᠤ ᠬᠢᠨᠠᠨ ᠰᠢᠯᠭᠠᠯᠲᠠ ᠪᠠᠷ ᠳᠡᠮᠵᠢᠨ | ᠭᠦᠭᠡᠬᠤᠲᠠ 2022 ᠣᠨ ᠪᠠ 2023 ᠣᠨ ᠳᠤ ᠴᠥᠮ ᠬᠢᠨᠠᠨ ᠰᠢᠯᠭᠠᠬᠤ ᠱᠠᠭᠠᠷᠳᠠᠯᠭ᠎ᠠ ᠳᠤ ᠬᠦᠷᠴᠦ᠂ ᠨᠡᠶᠢᠲᠡ | 636 ᠲᠦᠮᠡᠨ ᠲᠥᠭᠦᠷᠢᠭ ᠤᠨ ᠱᠠᠩᠨᠠᠯ ᠤᠨ ᠮᠥᠩᠭᠦ ᠣᠯᠵᠤ᠂ ᠪᠦᠭᠦ ᠲᠤᠰᠬᠠᠢ ᠵᠦᠢᠯ ᠢ ᠰᠠᠪᠠ ᠭᠠᠵᠠᠷ ᠤᠨ | ᠳᠣᠲᠣᠷᠠᠬᠢ ᠭᠤᠣᠯᠳᠠᠯᠭ᠎ᠠ ᠲᠠᠢ ᠭᠤᠣᠯ ᠮᠥᠷᠡᠨ ᠤ ᠤᠰᠤᠨ ᠤ ᠴᠢᠨᠠᠷ ᠢ ᠰᠠᠶᠢᠵᠢᠷᠠᠭᠤᠯᠤᠨ ᠳᠡᠭᠡᠭᠰᠢᠯᠡᠭᠦᠯᠭᠦ | ᠲᠥᠷᠥᠯ ᠵᠦᠢᠯ ᠳᠤ ᠬᠡᠷᠡᠭᠯᠡᠪᠡ᠃ | ︽ᠭᠦᠭᠡᠬᠤᠲᠠ ᠶᠢᠨ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠠᠮᠠᠷᠠᠭᠤᠯᠬᠤ ᠳᠦᠷᠢᠮ︾ ᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠵᠢᠴᠢ ᠬᠡᠷᠡᠭᠵᠢᠭᠦᠯᠬᠦ ᠲᠥᠰᠥᠯ ᠤᠨ ᠡᠭᠦᠷᠭᠡ ᠱᠠᠭᠠᠷᠳᠠᠯᠭ᠎ᠠ ᠶᠢᠨ | ᠲᠣᠭᠤᠷᠢᠨ ᠳᠤ᠂ ᠪᠡᠯᠡ ᠮᠥᠩᠭᠦ ᠶᠢᠨ ᠪᠠᠲᠤᠯᠠᠭ᠎ᠠ ᠶᠢ ᠰᠠᠶᠢᠲᠤᠷ ᠬᠢᠵᠦ᠂ 2023 ᠣᠨ ᠳᠤ ᠨᠡᠶᠢᠲᠡ 2785 | ᠲᠦᠮᠡᠨ ᠲᠥᠭᠦᠷᠢᠭ ᠤᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠣᠷᠣᠭᠤᠯᠵᠤ᠂ | ᠦᠴᠦᠸᠠᠨ ᠰᠢᠶᠠᠨ ᠭᠦᠭᠡᠬᠤᠲᠠ ᠶᠢᠨ ᠠᠩᠬᠠᠨ ᠤ ᠪᠦᠯᠦᠭ ᠤᠨ ︽ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ | ᠮᠠᠯᠵᠢᠬᠤ ᠶᠢ ᠰᠢᠢᠳᠪᠦᠷᠢᠯᠡᠬᠦ ᠲᠤᠷᠰᠢᠯᠲᠠ ᠶᠢᠨ ᠴᠡᠭ ᠤᠨ ᠰᠢᠶᠠᠨ︾ ᠢ ᠪᠠᠶᠢᠭᠤᠯᠬᠤ ᠶᠢ ᠳᠡᠮᠵᠢᠬᠦ ᠳᠤ ᠬᠡᠷᠡᠭᠯᠡᠵᠦ᠂ | ᠪᠦᠭᠦ ᠵᠢᠯ ᠳᠤ ᠪᠦᠭᠦ ᠰᠢᠶᠠᠨ ᠤ ᠬᠡᠪᠴᠢᠶᠡᠨ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠶᠢ ᠬᠡᠷᠡᠭᠵᠢᠭᠦᠯᠪᠡ᠃ | ᠭᠦᠭᠡᠬᠤᠲᠠ 2022 ︱ 2023 ᠣᠨ ᠳᠤ ᠨᠡᠶᠢᠲᠡ 9858 ᠲᠦᠮᠡᠨ ᠲᠥᠭᠦᠷᠢᠭ ᠤᠨ ᠪᠡᠯᠡ | ᠣᠷᠣᠭᠤᠯᠵᠤ᠂ ᠬᠠᠲᠤᠨ ᠭᠤᠣᠯ ᠤᠨ ᠰᠠᠪᠠ ᠭᠠᠵᠠᠷ ᠤᠨ ᠬᠠᠷᠠᠤ᠋ᠰᠤ ᠨᠠᠭᠤᠷ ᠤᠨ ᠠᠮᠢ ᠠᠬᠤᠢ ᠶᠢᠨ ᠵᠠᠪᠰᠠᠷ ᠤᠨ | ᠪᠦᠰᠡ ᠶᠢ ᠵᠠᠰᠠᠨ ᠰᠡᠷᠭᠦᠭᠡᠬᠦ ᠵᠢᠴᠢ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠪᠡ᠃ ᠨᠤᠭᠤ | ᠭᠠᠵᠠᠷ ᠢ ᠬᠠᠮᠠᠭᠠᠯᠠᠬᠤ ᠠᠵᠢᠯ ᠤᠨ ᠵᠠᠷᠤᠳᠠᠯ ᠢ ᠬᠤᠲᠠ ᠶᠢᠨ ᠲᠣᠰ ᠱᠠᠲᠤᠨ ᠤ ᠪᠠ ᠡᠯ᠎ᠡ ᠬᠤᠰᠢᠭᠤ ᠰᠢᠶᠠᠨ | ᠲᠣᠭᠤᠷᠢᠭ ᠤᠨ ᠲᠥᠰᠥᠪ ᠲᠤ ᠣᠷᠣᠭᠤᠯᠤᠨ ᠪᠠᠲᠤᠯᠠᠵᠤ᠂ ᠬᠤᠲᠠ ᠶᠢᠨ ᠲᠣᠰ ᠱᠠᠲᠤᠨ ᠤ ᠲᠥᠰᠥᠪ ᠤᠨ | ᠲᠣᠬᠢᠷᠠᠭᠤᠯᠤᠯᠲᠠ ᠶᠢᠨ ᠬᠡᠪᠴᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠂ 2024 ᠣᠨ ᠳᠤ ᠨᠡᠶᠢᠲᠡ | 249 ᠲᠦᠮᠡᠨ ᠲᠥᠭᠦᠷᠢᠭ ᠲᠣᠬᠢᠷᠠᠭᠤᠯᠵᠤ᠂ ᠳᠡᠭᠡᠷ᠎ᠡ ᠵᠢᠯ ᠤᠨ ᠬᠢ ᠠᠴᠠ 45% ᠪᠠᠷ ᠨᠡᠮᠡᠭᠳᠡᠭᠦᠯᠪᠡ᠃ | ᠡᠳ᠋ ᠤᠨ ᠵᠠᠰᠠᠭ ᠤᠨ ᠲᠤᠰᠠᠯᠠᠮᠵᠢ ᠶᠢᠨ ᠪᠡᠯᠡ ᠮᠥᠩᠭᠦ ᠶᠢᠨ ᠳᠡᠮᠵᠢᠨ ᠳᠠᠶᠢᠴᠢᠯᠠᠬᠤ ᠦᠢᠯᠡᠳᠦᠯ ᠢ | ᠪᠠᠳᠠᠷᠠᠭᠤᠯᠵᠤ᠂ ᠭᠦᠭᠡᠬᠤᠲᠠ ᠶᠢᠨ ᠴᠢᠩ ᠱᠦᠢ ᠾᠧ ᠭᠤᠣᠯ ᠤᠨ ᠬᠠᠶᠢᠲᠠᠩ ᠵᠢᠮᠢᠰ᠂ ᠬᠤᠷᠢᠨᠭᠡᠷ ᠰᠢᠶᠠᠨ ᠤ | ᠴᠢᠴᠠᠷᠭᠠᠨ᠎ᠠ᠂ ᠦᠴᠦᠸᠠᠨ ᠤ ᠡᠪᠡᠰᠦᠨ ᠡᠮ ᠤᠨ ᠮᠠᠲ᠋ᠧᠷᠢᠶᠠᠯ ᠵᠡᠷᠭᠡ ᠣᠨᠴᠠᠯᠢᠭᠲᠤ ᠣᠶ ᠵᠢᠮᠢᠰ ᠤᠨ ᠦᠢᠯᠡᠰ ᠤᠨ | ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ 2023 ᠣᠨ ᠳᠤ ᠥᠪᠡᠷᠲᠡᠭᠡᠨ ᠵᠠᠰᠠᠬᠤ | ᠣᠷᠣᠨ ᠤ ᠣᠶ ᠰᠢᠭᠤᠢ ᠶᠢᠨ ᠠᠵᠤ ᠦᠶᠢᠯᠡᠰᠵᠢᠯᠲᠡ ᠶᠢᠨ ᠲᠤᠰᠬᠠᠢ ᠪᠡᠯᠡ ᠮᠥᠩᠭᠦ ᠶᠢ ᠨᠡᠶᠢᠲᠡ 400 ᠲᠦᠮᠡᠨ | ᠲᠥᠭᠦᠷᠢᠭ ᠣᠯᠵᠤ᠂ ᠦᠴᠦᠸᠠᠨ ᠰᠢᠶᠠᠨ ᠤ 4000 ᠮᠦ ᠡᠪᠡᠰᠦᠨ ᠡᠮ ᠤᠨ ᠰᠠᠭᠤᠷᠢᠨ ᠤ ᠪᠦᠲᠦᠭᠡᠨ | ᠪᠠᠶᠢᠭᠤᠯᠤᠯᠲᠠ ᠳᠤ ᠬᠡᠷᠡᠭᠯᠡᠨ᠂ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠶᠢ ᠳᠠᠶᠢᠴᠢᠯᠠᠪᠠ᠃ | |