5 ᠰᠠᠷ᠎ᠠ ᠶᠢᠨ 31 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠨᠭᠡᠷ ᠰᠢᠶᠠᠨ ᠤ | ᠬᠤᠷᠢᠶ᠎ᠠ᠂ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠭᠤᠤᠯᠯᠠᠨ ᠡᠷᠭᠢᠯᠡᠭᠰᠡᠨ ᠬᠤᠷᠢᠨᠭᠡᠷ ᠤᠨ | ᠠᠷᠪᠠᠨ ᠲᠠᠪᠤᠳᠤᠭᠠᠷ ᠬᠤᠭᠤᠴᠠᠭᠠᠨ ᠤ ᠴᠠᠨ᠎ᠠ ᠴᠡᠴᠡᠭ ᠤᠨ ᠰᠣᠶᠣᠯ ᠵᠢᠭᠤᠯᠴᠢᠯᠠᠯ ᠤᠨ ᠨᠠᠶᠢᠷ ᠡᠬᠢᠯᠡᠪᠡ᠃ | | | | | | ᠬᠥᠬᠡᠬᠤᠲᠠ ᠶᠢᠨ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ ᠼᠤᠤ ᡁᠢ᠂ ᠵᠠᠰᠠᠭ ᠤᠨ | ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠸᠠᠩ ᠶᠣᠤ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠯᠢᠦ | ᠰᠢᠶᠤᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠰᠢᠶᠠᠨ ᠤ ᠳᠠᠷᠤᠭ᠎ᠠ ᠵᠠᠩ ᡁᠢ ᠺᠦᠶ᠂ | ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠣᠪᠴᠢᠶᠠᠨ ᠳᠠᠷᠤᠭ᠎ᠠ ᠶᠢᠨ ᠯᠸᠢ᠂ ᠰᠢᠶᠠᠨ ᠤ ᠳᠥᠷᠪᠡᠨ ᠶᠡᠭᠡ ᠤᠳᠤᠷᠢᠳᠬᠤ ᠪᠠᠭ ᠤᠨ ᠰᠢᠶᠠᠨ ᠳᠤ ᠪᠠᠶᠢᠭ᠎ᠠ | ᠤᠳᠤᠷᠢᠳᠤᠯᠭ᠎ᠠ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | | | | | | ᠡᠬᠢᠯᠡᠯᠲᠡ ᠶᠢᠨ ᠶᠣᠰᠣᠯᠠᠯ ᠨᠢ ︽ᠱᠧᠩ ᠯᠧ ᠶᠢᠨ ᠵᠣᠨ ᠤ ᠲᠡᠷᠢᠭᠦᠨ ᠰᠠᠷ᠎ᠠ ᠶᠢᠨ ᠦᠳᠡᠰᠢ᠂ ︿ᠴᠠᠨ᠎ᠠ | ᠴᠡᠴᠡᠭ﹀ ᠰᠢᠨ᠎ᠡ ᠤᠷᠤᠰᠬᠠᠯ ᠤᠨ ᠳᠤᠮᠳᠠ ᠮᠢᠷᠠᠯᠵᠠᠨ ᠴᠡᠴᠡᠭᠯᠡᠨ᠎ᠡ — ᠴᠠᠨ᠎ᠠ ᠴᠡᠴᠡᠭ ᠤᠨ ᠤᠴᠠᠷᠠᠯ ᠪᠠᠷᠢᠯᠳᠤᠯ | ᠤᠨ ᠤᠯᠠᠷᠢᠯ︾ ᠭᠡᠬᠦ ᠭᠤᠣᠯ ᠰᠡᠳᠦᠪ ᠢᠶᠠᠷ ᠬᠤᠷᠢᠨᠭᠡᠷ ᠰᠢᠶᠠᠨ ᠤ ᠲᠡᠦᠬᠡ ᠰᠣᠶᠣᠯ ᠤᠨ ᠰᠠᠭᠤᠷᠢ ᠵᠢᠴᠢ | ᠬᠥᠭᠵᠢᠯᠲᠡ ᠶᠢᠨ ᠰᠤᠳᠠᠰᠤ ᠪᠠᠷ ︽ᠮᠢᠩᠭᠠᠨ ᠵᠢᠯ ᠪᠠᠳᠠᠷᠠᠨ ᠳᠡᠯᠭᠡᠷᠡᠭᠰᠡᠨ︾᠂ ︽ᠬᠥᠭᠵᠢᠯ ᠪᠠᠳᠠᠷᠠᠯ ᠤᠨ | ᠦᠶ᠎ᠡ ᠶᠢᠨ ᠤᠮᠠᠷᠠᠲᠤ ᠬᠢᠯᠢ ᠶᠢᠨ ᠴᠠᠨ᠎ᠠ ᠴᠡᠴᠡᠭ ᠤᠨ ᠪᠠᠶᠢᠳᠠᠯ︾ ᠭᠡᠬᠦ ᠬᠤᠶᠠᠷ ᠬᠡᠰᠡᠭ ᠬᠤᠪᠢᠶᠠᠨ᠂ ᠬᠦᠮᠦᠰ ᠤᠨ | ᠰᠡᠳᠬᠢ ᠳᠤ ᠭᠦᠨ ᠬᠠᠳᠠᠩᠰᠢᠭᠤᠯᠬᠤ ᠮᠠᠶ᠋ᠢᠭ ᠤᠨ ᠡᠷᠲᠡᠨ ᠤ ᠬᠡᠪ ᠰᠤᠷᠲᠠᠯ ᠤᠨ ᠲᠣᠭᠯᠠᠯᠲᠠ ᠨᠢ ᠤᠯᠤᠰ ᠤᠨ | ᠤᠷᠤᠰᠬᠠᠯ ᠤᠨ ᠭᠤᠣᠯ ᠰᠡᠳᠦᠪᠲᠦ ᠲᠣᠭᠯᠠᠯᠲᠠ ᠶᠢ ᠭᠠᠷᠭᠠᠪᠠ᠃ | | | | | | ᠴᠠᠨ᠎ᠠ ᠴᠡᠴᠡᠭ ᠲᠡᠭᠷᠢ ᠳᠤ ︽ᠨᠢᠰᠴᠦ︾᠂ ᠬᠡᠩᠭᠡᠷᠭᠡ ᠶᠢᠨ ︽ᠳᠡᠯᠰᠡᠯᠡᠯᠲᠡ︾ ᠭᠠᠵᠠᠷ ᠳᠣᠷᠭᠢᠭᠤᠯᠤᠨ᠎ᠠ᠃ | ᠲᠣᠭᠯᠠᠯᠲᠠ ᠨᠢ ᠣᠷᠭᠢᠯᠤᠮ᠎ᠠ ᠬᠠᠯᠠᠭᠤᠨ ᠰᠡᠳᠬᠢᠯᠭᠡ ᠪᠠᠷ ᠡᠬᠢᠯᠡᠯᠲᠡ ᠶᠢᠨ ᠳᠠᠭᠤᠤ ᠪᠥᠵᠢᠭ ︽ᠭᠡᠷᠡᠯ | ᠭᠢᠯᠪᠠᠭ᠎ᠠ ᠪᠠᠨ ᠰᠠᠴᠤᠷᠠᠭᠤᠯᠵᠤ᠂ ᠴᠡᠴᠡᠭ ᠲᠠᠢ ᠬᠠᠮᠲᠤ ᠤᠷᠤᠭᠰᠢᠯᠠᠶ᠎ᠠ︾ ᠭᠡᠬᠦ ᠳᠠᠭᠤᠤ ᠶᠢᠨ ᠳᠤᠮᠳᠠ ᠬᠥᠰᠢᠭᠡ ᠪᠠᠨ | ᠰᠡᠬᠦᠪᠡ᠃ ᠳᠠᠷᠠᠭ᠎ᠠ ᠨᠢ᠂ ᠢᠤᠢ ᠯᠦᠩ ᠪᠥᠵᠢᠭ᠂ ᠴᠠᠨ᠎ᠠ ᠴᠡᠴᠡᠭ ᠵᠡᠷᠭᠡ ᠤᠯᠠᠮᠵᠢᠯᠠᠯᠲᠤ ᠪᠥᠵᠢᠭ ᠤᠨ ᠲᠣᠭᠯᠠᠯᠲᠠ | ᠪᠠᠶᠢᠬᠤ ᠪᠠᠷ ᠪᠠᠷᠠᠬᠤ ᠥᠬᠡᠶ᠂ ᠪᠠᠰᠠ ᠣᠯᠠᠨ ᠵᠠᠭᠤᠴᠢᠯᠠᠭᠤᠷ ᠤᠨ ᠰᠢᠯᠦᠭ ᠵᠢᠷᠤᠭ᠂ ᠪᠦᠲᠦᠭᠡᠯᠴᠢ ᠼᠢᠷᠺ᠂ ᠥᠨᠳᠥᠷ | ᠣᠭᠲᠠᠷᠭᠤᠶ ᠶᠢᠨ ᠳᠡᠭᠦᠵᠢᠯᠡᠭᠦᠷ ᠴᠠᠭᠠᠷᠢᠭ᠂ ᠣᠭᠲᠠᠷᠭᠤᠶ ᠳᠤ ᠳᠡᠭᠦᠯᠢᠭᠰᠡᠨ ᠵᠡᠷᠭᠡ ᠲᠣᠭᠯᠠᠯᠲᠠ ᠵᠠᠯᠭᠠᠭ᠎ᠠ ᠪᠠᠷ | ᠶᠠᠪᠤᠭᠳᠠᠵᠤ᠂ ᠣᠯᠠᠨ ᠲᠦᠮᠡᠨ ᠳᠤ ᠴᠣ᠋ ᠰᠢᠨ᠎ᠡ ᠥᠩᠭᠡᠷᠡᠯᠲᠡ ᠶᠢ ᠠᠪᠴᠢᠷᠠᠵᠤ᠂ ᠠᠯᠠᠭ᠎ᠠ ᠲᠡᠰᠢᠯᠲᠡ ᠲᠠᠰᠤᠷᠠᠯᠲᠠ | ᠥᠬᠡᠶ ᠨᠢᠵᠢᠭᠢᠨᠡᠪᠡ᠃ | | | | | | ᠣᠶᠢᠯᠠᠭᠠᠭᠰᠠᠨ ᠢᠶᠠᠷ᠂ ᠲᠣᠰ ᠬᠤᠭᠤᠴᠠᠭᠠᠨ ᠤ ᠴᠠᠨ᠎ᠠ ᠴᠡᠴᠡᠭ ᠤᠨ ᠰᠣᠶᠣᠯ ᠵᠢᠭᠤᠯᠴᠢᠯᠠᠯ ᠤᠨ ᠨᠠᠶᠢᠷ 5 | ᠰᠠᠷ᠎ᠠ ᠶᠢᠨ 31 ᠤ ᠡᠳᠦᠷ ᠡᠬᠢᠯᠡᠭᠰᠡᠨ ᠤ ᠳᠠᠷᠠᠭ᠎ᠠ᠂ ᠭᠤᠤᠯ ᠠᠵᠢᠯᠯᠠᠭ᠎ᠠ ᠨᠢ 11 ᠡᠳᠦᠷ ᠦᠷᠭᠦᠯᠵᠢᠯᠡᠵᠦ᠂ ᠣᠯᠠᠨ | ᠰᠠᠶᠢᠨ ᠦᠵᠡᠮᠵᠢ᠂ ᠵᠤᠭᠠᠴᠠᠨ ᠨᠠᠭᠠᠳᠬᠤ ᠭᠠᠵᠠᠷ ᠢ ᠵᠡᠷᠭᠡ ᠪᠠᠷ ᠬᠤᠯᠪᠣᠭᠠᠯᠠᠨ ᠬᠥᠳᠡᠯᠦᠯᠴᠡᠵᠦ᠂ ᠨᠠᠩ ᠣᠯᠠᠨ | ᠵᠤᠭᠠᠴᠠᠭᠰᠠᠳ ᠨᠠᠶᠢᠵᠠ ᠨᠠᠷ ᠲᠠᠢ ᠪᠠᠨ ᠰᠡᠯᠡᠭᠦᠴᠡᠨ ᠠᠮᠠᠷᠠᠬᠤ ᠶᠢ ᠤᠭᠲᠤᠨ᠎ᠠ︔ ᠰᠢᠷᠢᠰ ᠠᠵᠢᠯᠯᠠᠭ᠎ᠠ ᠨᠢ ᠱᠠᠨ ᠰᠢ | ᠵᠦᠴᠦᠭᠡ᠂ ᠡᠯ ᠷᠧᠨ ᠲᠠᠢ ᠵᠦᠴᠦᠭᠡ ᠵᠡᠷᠭᠡ ᠪᠣᠳᠠᠲᠤ ᠦᠵᠡᠭᠳᠡᠯᠲᠦ ᠵᠦᠴᠦᠭᠡ᠂ ᠲᠠᠶᠢᠰᠠᠲᠤ ᠬᠥᠳᠡᠭᠡ | ᠲᠣᠰᠬᠤᠨ ᠤ ᠠᠷᠠᠳ ᠤᠨ ᠳᠠᠭᠤᠤ ᠬᠥᠭᠵᠢᠮ ᠤᠨ ᠴᠤᠭᠯᠠᠭᠠᠨ ᠵᠡᠷᠭᠡ ᠲᠤᠰᠬᠠᠶ ᠲᠠᠯᠠᠪᠠᠢ ᠲᠣᠭᠯᠠᠯᠲᠠ ᠭᠠᠷᠭᠠᠵᠠᠢ︔ | ᠡᠭᠦᠨ ᠠᠴᠠ ᠭᠠᠳᠠᠨ᠎ᠠ᠂ ᠪᠠᠰᠠ ᠨᠠᠨ ᠱᠠᠨ ᠠᠭᠤᠳᠠᠮ ᠲᠠᠯᠠᠪᠠᠢ ᠶᠢᠨ ᠴᠠᠨ᠎ᠠ ᠴᠡᠴᠡᠭ ᠤᠨ ᠤᠷᠤᠰᠬᠠᠯᠲᠤ ᠭᠤᠣᠯ | ᠰᠡᠳᠦᠪᠲᠦ ᠵᠡᠭᠡᠯᠢ ᠳᠤ ᠤᠯᠤᠰ ᠤᠨ ᠤᠷᠤᠰᠬᠠᠯ ᠤᠨ ᠴᠤᠭᠯᠠᠭᠠᠨ᠂ ᠲᠦᠷᠦᠯ ᠲᠡᠮᠳᠡᠭ ᠢ ᠬᠤᠯᠪᠣᠭᠠᠯᠠᠨ ᠳᠡᠯᠭᠡᠷᠡᠭᠦᠯᠬᠦ᠂ | ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠳᠡᠯᠭᠡᠨ ᠦᠵᠡᠭᠦᠯᠬᠦ ᠵᠡᠷᠭᠡ ᠠᠵᠢᠯᠯᠠᠭ᠎ᠠ ᠶᠢ ᠨᠠᠷᠢᠨ ᠨᠢᠮᠪᠠᠢ | ᠥᠷᠨᠢᠭᠦᠯᠵᠦ᠂ ᠵᠤᠭᠠᠴᠠᠭᠰᠠᠳ ᠪᠠᠰᠠ ︽ᠬᠤᠷᠢᠨᠭᠡᠷ ᠮᠧᠩ ᠰᠢᠶᠠᠨ︾ ᠣᠷᠣᠨ ᠪᠦᠰᠡ ᠶᠢᠨ ᠲᠦᠷᠦᠯ ᠲᠡᠮᠳᠡᠭ ᠤᠨ | ᠣᠨᠴᠠᠯᠢᠭᠲᠤ ᠠᠮᠲᠠᠲᠤ ᠢᠳᠡᠭᠡᠨ ᠢ ᠠᠮᠲᠠᠯᠠᠵᠤ ᠪᠣᠯᠤᠨ᠎ᠠ᠃ | | | | | | ᠴᠠᠨ᠎ᠠ ᠴᠡᠴᠡᠭ ᠪᠣᠯ ᠳᠤᠮᠳᠠᠳᠤ ᠤᠯᠤᠰ ᠤᠨ ᠵᠢᠷᠭᠤᠭᠠᠨ ᠶᠡᠭᠡ ᠨᠡᠷᠡᠲᠦ ᠴᠡᠴᠡᠭ ᠤᠨ ᠨᠢᠭᠡ᠂ ᠥᠪᠥᠷ | ᠮᠣᠩᠭᠤᠯ ᠪᠣᠯ ᠮᠠᠨ ᠤ ᠤᠯᠤᠰ ᠤᠨ ᠤᠮᠠᠷᠠᠲᠤ ᠴᠠᠨ᠎ᠠ ᠴᠡᠴᠡᠭ ᠤᠨ ᠤᠭ ᠭᠠᠷᠤᠯᠲᠠ ᠶᠢᠨ ᠣᠷᠣᠨ ᠤ ᠨᠢᠭᠡ᠂ | ᠬᠤᠷᠢᠨᠭᠡᠷ ᠰᠢᠶᠠᠨ ᠮᠠᠰᠢ ᠡᠷᠲᠡ ᠴᠠᠨ᠎ᠠ ᠴᠡᠴᠡᠭ ᠢᠶᠠᠷ ᠨᠡᠷᠡᠶᠢᠳᠦᠭᠰᠡᠨ ︽ᠶᠡᠭᠡ ᠪᠠᠭ᠎ᠠ ᠴᠠᠨ᠎ᠠ ᠴᠡᠴᠡᠭ ᠤᠨ ᠭᠤᠣ︾ | ᠵᠡᠷᠭᠡ ᠲᠤᠰᠬᠤᠨ ᠪᠣᠢ᠃ ᠬᠤᠷᠢᠨᠭᠡᠷ ᠰᠢᠶᠠᠨ ᠤ ᠴᠠᠨ᠎ᠠ ᠴᠡᠴᠡᠭ ᠤᠨ ᠲᠥᠷᠥᠯ ᠵᠦᠢᠯ ᠡᠯᠪᠡᠭ ᠪᠠᠶᠢᠵᠤ᠂ ᠡᠨᠡ | ᠵᠢᠯ ᠤᠨ ᠴᠠᠨ᠎ᠠ ᠴᠡᠴᠡᠭ ᠤᠨ ᠲᠠᠷᠢᠮᠠᠯ ᠤᠨ ᠬᠡᠪᠴᠢᠶ᠎ᠡ ᠶᠢ ᠥᠷᠭᠡᠳᠬᠡᠨ ︽ᠪᠠᠶᠠᠵᠢᠯ ᠤᠨ ᠴᠡᠴᠡᠭ︾ ᠭᠠᠷᠭᠠᠵᠤ᠂ | ᠲᠠᠷᠢᠭᠰᠠᠨ ᠲᠠᠯᠠᠪᠠᠶ ᠨᠢ ᠮᠢᠩᠭ᠎ᠠ ᠭᠠᠷᠤᠶ ᠮᠥ ᠳᠤ ᠬᠦᠷᠴᠦ᠂ ᠤᠤᠯ ᠤᠨ 120 ᠭᠠᠷᠤᠶ ᠴᠠᠨ᠎ᠠ ᠴᠡᠴᠡᠭ ᠤᠨ | ᠲᠥᠷᠥᠯ ᠵᠦᠢᠯ ᠤᠨ ᠰᠠᠭᠤᠷᠢᠨ ᠳᠡᠭᠡᠷ᠎ᠡ᠂ ᠤᠯᠤᠰ ᠤᠨ ᠳᠣᠲᠣᠭᠠᠳᠤ ᠭᠠᠳᠠᠭᠠᠳᠤ ᠶᠢᠨ ᠰᠢᠨ᠎ᠡ ᠰᠣᠷᠭᠤᠭ ᠴᠡᠴᠡᠭ ᠢ | 9 ᠣᠷᠣᠭᠤᠯᠤᠨ ᠠᠪᠴᠢᠷᠠᠪᠠ᠃ ᠬᠤᠷᠢᠨᠭᠡᠷ ᠲᠤ᠂ ᠣᠯᠠᠨ ᠶᠠᠩᠵᠤ ᠶᠢᠨ ᠬᠡᠯᠪᠡᠷᠢ ᠲᠠᠢ᠂ ᠥᠩᠭᠡ ᠢᠯᠭᠠᠷᠠᠭᠰᠠᠨ | ᠴᠠᠨ᠎ᠠ ᠴᠡᠴᠡᠭ 5 ᠰᠠᠷ᠎ᠠ ᠶᠢᠨ ᠳᠤᠮᠳᠠᠴᠢ ᠠᠴᠠ 6 ᠰᠠᠷ᠎ᠠ ᠶᠢᠨ ᠳᠤᠮᠳᠠᠴᠢ ᠪᠣᠯᠲᠠᠯ᠎ᠠ ᠥᠷᠢᠰᠥᠯᠳᠦᠨ ᠳᠡᠯᠭᠡᠷᠡᠵᠦ᠂ | ᠠᠷᠰᠢ ᠶᠢᠨ ᠣᠷᠣᠨ ᠮᠡᠲᠦ ᠰᠠᠶᠢᠬᠠᠨ ᠬᠠᠷᠠᠭᠳᠠᠨ᠎ᠠ᠃ | | | | | | ᠬᠤᠷᠢᠨᠭᠡᠷ ᠴᠠᠨ᠎ᠠ ᠴᠡᠴᠡᠭ ᠤᠨ ᠰᠣᠶᠣᠯ ᠵᠢᠭᠤᠯᠴᠢᠯᠠᠯ ᠤᠨ ᠨᠠᠶᠢᠷ ᠨᠢ ᠨᠢᠭᠡᠨᠲᠡ ᠠᠷᠪᠠᠨ ᠳᠥᠷᠪᠡᠳᠦᠭᠡᠷ | ᠬᠤᠭᠤᠴᠠᠭᠠᠨ ᠤ ᠠᠵᠢᠯ ᠢᠶᠠᠨ ᠠᠮᠵᠢᠯᠲᠠ ᠲᠠᠢ ᠡᠷᠬᠢᠯᠡᠵᠦ᠂ ᠨᠡᠯᠢᠶᠡᠳ ᠥᠨᠳᠥᠷ ᠠᠯᠳᠠᠷᠰᠢᠯ ᠲᠠᠢ ᠪᠠ ᠨᠥᠯᠥᠭᠡᠯᠡᠬᠦ | ᠬᠦᠴᠦᠨ ᠲᠠᠢ ︽ᠰᠡᠯᠡᠭᠦᠴᠡᠯ ᠵᠢᠭᠤᠯᠴᠢᠯᠠᠯ ᠤᠨ ᠦᠵᠡᠮᠵᠢᠲᠦ ᠣᠷᠣᠨ ᠴᠡᠴᠡᠭ ᠤᠨ ᠳᠠᠯᠠᠢ ᠬᠤᠷᠢᠨᠭᠡᠷ︾ ᠤᠨ ᠠᠮᠢ | ᠠᠬᠤᠢ ᠶᠢᠨ ᠰᠣᠶᠣᠯ ᠵᠢᠭᠤᠯᠴᠢᠯᠠᠯ ᠤᠨ ᠲᠦᠷᠦᠯ ᠲᠡᠮᠳᠡᠭ ᠢ ᠠᠮᠵᠢᠯᠲᠠ ᠲᠠᠢ ᠡᠭᠦᠳᠴᠦ᠂ ᠬᠤᠷᠢᠨᠭᠡᠷ ᠴᠢᠨᠠᠷ | ᠰᠠᠶᠢᠲᠠᠢ ᠬᠥᠭᠵᠢᠯᠲᠡ᠂ ᠰᠠᠶᠢᠨ ᠰᠠᠶᠢᠬᠠᠨ ᠲᠦᠷᠢ ᠲᠥᠷᠬᠦ ᠶᠢ ᠪᠤᠢ ᠪᠣᠯᠭᠠᠭᠰᠠᠨ ᠴᠣᠩᠬᠤ ᠪᠠ ᠦᠵᠡᠰᠬᠦᠯᠡᠩᠲᠦ | ᠰᠠᠶᠢᠬᠠᠨ ᠨᠡᠷ᠎ᠡ ᠶᠢᠨ ᠬᠠᠭᠤᠳᠠᠰᠤ ᠶᠢ ᠡᠭᠦᠳᠴᠡᠢ᠃ | | ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ |