ᠪᠦᠭᠦ ᠤᠯᠤᠰ ᠢᠶᠠᠷ ᠢᠶᠠᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢ 1 . 5 ᠲᠦᠮᠡᠨ ᠳ᠋ᠦᠩᠰᠢᠭᠤᠷ ᠲᠥᠭᠦᠷᠢᠭ ᠲᠠᠷᠬᠠᠭᠠᠪᠠ
ᠨᠡᠶᠢᠲᠡᠯᠡᠭᠰᠡᠨ ᠴᠠᠭ᠄
2024/6/6
     ︽ᠠᠮᠤᠭᠤᠯᠠᠩ ᠰᠠᠭᠤᠴᠠ ᠶᠢᠨ ᠬᠦᠰᠡᠯ ᠵᠡᠭᠦᠳᠦ︾ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠵᠦ᠂ ᠮᠠᠨ ᠤ ᠤᠯᠤᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠳᠦᠷᠢᠮ ᠤᠨ ᠠᠰᠢᠭ ᠦᠷᠭᠦᠯᠵᠢᠯᠡᠨ ᠢᠯᠡᠷᠡᠵᠦ᠂ ᠠᠰᠢᠭ ᠭᠦᠷᠲᠡᠭᠴᠢᠳ ᠤᠨ ᠲᠤᠭ᠎ᠠ ᠲᠠᠰᠤᠷᠠᠯᠲᠠ ᠦᠭᠡᠢ ᠨᠡᠮᠡᠭᠳᠡᠪᠡ᠃      5 ᠰᠠᠷ᠎ᠠ ᠶᠢᠨ 31 ᠤ ᠡᠳᠦᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠠᠮᠲᠤᠷᠠᠨ ᠨᠡᠶᠢᠲᠡᠯᠡᠭᠰᠡᠨ︽ᠪᠦᠭᠦ ᠤᠯᠤᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ 2023 ᠣᠨ ᠤ ᠮᠡᠳᠡᠭᠦᠯᠦᠯᠲᠡ︾ ᠳᠤ ᠢᠯᠡᠷᠡᠭᠦᠯᠦᠭᠰᠡᠨ ᠢᠶᠠᠷ᠂ 2023 ᠣᠨ ᠳᠤ ᠪᠦᠭᠦ ᠤᠯᠤᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠰᠢᠶᠠᠨ ᠬᠠᠳᠠᠭᠠᠯᠠᠭᠤᠯᠤᠭᠰᠠᠨ ᠲᠤᠭ᠎ᠠ 34697 . 69 ᠳ᠋ᠦᠩᠰᠢᠭᠤᠷ ᠲᠥᠭᠦᠷᠢᠭ ᠲᠤ ᠬᠦᠷᠴᠦ᠂ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ  ᠶᠢ 14713 . 06 ᠳ᠋ᠦᠩᠰᠢᠭᠤᠷ ᠲᠥᠭᠦᠷᠢᠭ ᠲᠠᠷᠬᠠᠭᠠᠵᠠᠢ᠃      ᠳᠤᠮᠳᠠ ᠳᠣᠣᠷ᠎ᠠ ᠣᠷᠣᠯᠭ᠎ᠠ ᠲᠠᠢ ᠬᠥᠮᠥᠰ ᠲᠤ ᠳᠣᠣᠷ᠎ᠠ ᠬᠦᠦ ᠲᠠᠢ ᠭᠡᠷ ᠪᠠᠶᠢᠰᠢᠩ ᠬᠤᠳᠠᠯᠳᠤᠨ ᠠᠪᠬᠤ ᠵᠢᠭᠡᠯᠡᠯᠭᠡ ᠬᠠᠩᠭᠠᠬᠤ ᠪᠣᠯ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠭᠤᠣᠯ︽ᠡᠭᠦᠷᠭᠡ︾ ᠶᠢᠨ ᠨᠢᠭᠡ ᠪᠣᠯᠣᠨ᠎ᠠ᠃ ᠬᠤᠳᠠᠯᠳᠤᠭᠠᠨ ᠤ ᠵᠢᠭᠡᠯᠡᠯᠭᠡ ᠲᠠᠢ ᠬᠠᠷᠢᠴᠠᠭᠤᠯᠪᠠᠯ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠨᠢ ᠨᠠᠩ ᠳᠣᠣᠷ᠎ᠠ᠂ ᠬᠥᠮᠥᠰ ᠨᠠᠩ ᠳᠣᠣᠷ᠎ᠠ ᠥᠪᠡᠷ ᠤᠨ ᠥᠷᠲᠡᠭᠲᠦ ᠵᠢᠭᠡᠯᠡᠯᠭᠡ ᠪᠠᠷ ᠭᠡᠷ ᠬᠤᠳᠠᠯᠳᠤᠨ ᠠᠪᠴᠤ ᠪᠣᠯᠣᠨ᠎ᠠ᠃      ᠠᠩᠬᠠᠨ ᠤ ᠣᠷᠣᠨ ᠰᠠᠭᠤᠴᠠ᠂ ᠡᠩ ᠤᠨ ᠣᠷᠣᠨ ᠰᠠᠭᠤᠴᠠ ᠬᠤᠳᠠᠯᠳᠤᠨ ᠠᠪᠬᠤ ᠶᠢ ᠭᠤᠣᠯᠳᠠᠯᠭ᠎ᠠ ᠲᠠᠢ ᠳᠡᠮᠵᠢᠵᠦ᠂ ᠵᠢᠭᠡᠯᠡᠯᠭᠡ ᠵᠢᠭᠡᠯᠡᠭᠰᠡᠨ ᠠᠵᠢᠯᠲᠠᠨ ᠠᠵᠢᠯᠴᠢᠨ ᠤ ᠭᠡᠷ ᠪᠠᠶᠢᠰᠢᠩ ᠬᠤᠳᠠᠯᠳᠤᠨ ᠠᠪᠬᠤ ᠵᠠᠷᠤᠯᠭ᠎ᠠ ᠶᠢᠨ ᠳᠠᠷᠤᠭᠠᠰᠤ ᠶᠢ ᠪᠦᠲᠦᠮᠵᠢᠲᠡᠶ ᠬᠥᠩᠭᠡᠷᠡᠭᠦᠯᠪᠡ᠃ 2023 ᠣᠨ ᠳᠤ᠂ 40 ᠨᠠᠰᠤᠨ ︵ᠪᠠᠭᠲᠠᠭᠠᠨ᠎ᠠ︶ ᠠᠴᠠ ᠳᠣᠷᠣᠭᠰᠢᠬᠢ ᠵᠢᠭᠡᠯᠡᠯᠭᠡ ᠠᠪᠤᠭᠰᠠᠨ ᠠᠵᠢᠯᠲᠠᠨ ᠠᠵᠢᠯᠴᠢᠨ ᠤ ᠡᠵᠡᠯᠡᠬᠦ ᠬᠠᠷᠢᠴᠠᠯ ᠨᠢ 80 % ᠶᠢ ᠳᠠᠪᠠᠪᠠ᠃      ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠦᠢᠯᠡᠳᠦᠯ ᠨᠢ ᠵᠢᠭᠡᠯᠡᠯᠭᠡ ᠪᠠᠷ ᠳᠡᠮᠵᠢᠨ ᠭᠡᠷ ᠪᠠᠶᠢᠰᠢᠩ ᠬᠤᠳᠠᠯᠳᠤᠨ ᠠᠪᠬᠤ ᠶᠢ ᠳᠡᠮᠵᠢᠬᠦ ᠲᠡᠳᠦᠢ ᠪᠢᠰᠢ᠂ ᠲᠡᠭᠦᠨ ᠢ ᠪᠠᠰᠠ ᠭᠡᠷ ᠪᠠᠶᠢᠰᠢᠩ ᠲᠦᠷᠢᠶᠡᠰᠦᠯᠡᠬᠦ᠂ ᠣᠷᠣᠨ ᠰᠠᠭᠤᠴᠠ ᠶᠢᠨ ᠣᠷᠴᠢᠨ ᠨᠥᠬᠦᠴᠡᠯ ᠢ ᠰᠠᠶᠢᠵᠢᠷᠠᠭᠤᠯᠬᠤ ᠵᠡᠷᠭᠡ ᠲᠠᠯ᠎ᠠ ᠳᠤ ᠭᠠᠷᠭᠠᠨ ᠬᠡᠷᠡᠭᠯᠡᠵᠦ ᠪᠣᠯᠣᠨ᠎ᠠ᠃      ᠭᠡᠷ ᠪᠠᠶᠢᠰᠢᠩ ᠲᠦᠷᠢᠶᠡᠰᠦᠯᠡᠬᠦ ᠳᠤ ᠭᠠᠷᠭᠠᠨ ᠠᠪᠴᠤ ᠬᠡᠷᠡᠭᠯᠡᠬᠦ ᠳᠤ ᠳᠡᠮᠵᠢᠯᠭᠡ ᠦᠵᠡᠭᠦᠯᠭᠦ ᠡᠷᠴᠢᠮ ᠢᠶᠠᠨ ᠴᠢᠩᠭᠠᠷᠠᠭᠤᠯᠵᠤ᠂ ᠶᠡᠭᠡ ᠬᠤᠲᠠ ᠶᠢᠨ ᠬᠢᠨ ᠤ ᠰᠢᠨ᠎ᠡ ᠬᠤᠲᠠ ᠶᠢᠨ ᠠᠷᠠᠳ᠂ ᠵᠠᠯᠠᠭᠤᠴᠤᠳ ᠤᠨ ᠰᠠᠷ᠎ᠠ ᠪᠦᠷᠢ ᠲᠤᠰᠢᠶᠠᠨ ᠬᠠᠳᠠᠭᠠᠯᠠᠭᠤᠯᠬᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠨ ᠭᠠᠷᠭᠠᠨ ᠠᠪᠴᠤ ᠭᠡᠷ ᠤᠨ ᠲᠦᠷᠢᠶᠡᠰᠦ ᠪᠠᠨ ᠲᠥᠯᠥᠬᠦ ᠶᠢ ᠵᠣᠷᠢᠭᠵᠢᠭᠤᠯᠵᠤ᠂ ᠪᠦᠭᠦ ᠵᠢᠯ ᠳᠤ ᠨᠡᠶᠢᠲᠡ 1846 . 09 ᠲᠦᠮᠡᠨ ᠬᠥᠮᠥᠨ 2031 . 28 ᠳ᠋ᠦᠩᠰᠢᠭᠤᠷ ᠲᠥᠭᠦᠷᠢᠭ ᠭᠠᠷᠭᠠᠨ ᠠᠪᠴᠤ ᠲᠦᠷᠢᠶᠡᠰᠦᠨ ᠣᠷᠣᠨ ᠰᠠᠭᠤᠴᠠ ᠳᠤ ᠬᠡᠷᠡᠭᠯᠡᠵᠦ᠂ ᠲᠦᠷᠦᠭᠦᠦ ᠵᠢᠯ ᠤᠨ ᠬᠢ ᠠᠴᠠ ᠲᠣᠰ ᠲᠣᠰ 20 . 04 %᠂ 33 . 52 % ᠢᠶᠠᠷ ᠨᠡᠮᠡᠭᠳᠡᠪᠡ᠃      ᠲᠤᠰᠢᠶᠠᠨ ᠬᠠᠳᠠᠭᠠᠯᠠᠭᠤᠯᠤᠭᠴᠢ ᠶᠢᠨ ᠣᠷᠣᠨ ᠰᠠᠭᠤᠴᠠ ᠶᠢᠨ ᠣᠷᠴᠢᠨ ᠨᠥᠬᠦᠴᠡᠯ ᠢ ᠰᠠᠶᠢᠵᠢᠷᠠᠭᠤᠯᠬᠤ ᠶᠢ ᠳᠡᠮᠵᠢᠵᠦ᠂ ᠴᠠᠭᠢᠯᠭᠠᠨ ᠱᠠᠲᠤ ᠨᠡᠮᠡᠵᠦ ᠤᠭᠰᠠᠷᠠᠬᠤ ᠳᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠭᠠᠷᠭᠠᠨ ᠠᠪᠬᠤ ᠲᠥᠷᠥ ᠶᠢᠨ ᠪᠣᠳᠣᠯᠭ᠎ᠠ ᠶᠢᠨ ᠳᠡᠮᠵᠢᠬᠦ ᠬᠡᠪᠴᠢᠶ᠎ᠡ ᠶᠢ ᠲᠣᠰ ᠬᠥᠮᠥᠨ ᠵᠢᠴᠢ ᠬᠤᠯᠪᠤᠰᠤ ᠬᠤᠶᠠᠷ ᠲᠠᠯ᠎ᠠ ᠶᠢᠨ ᠡᠴᠢᠭᠡ ᠡᠬᠡ ᠶᠢᠨ ᠥᠪᠡᠷ ᠢᠶᠠᠨ ᠰᠠᠭᠤᠬᠤ ᠣᠷᠣᠨ ᠰᠠᠭᠤᠴᠠ ᠭᠦᠷᠲᠡᠯ᠎ᠡ ᠥᠷᠭᠡᠳᠬᠡᠵᠦ᠂ ᠪᠦᠭᠦ ᠵᠢᠯ ᠳᠤ ᠨᠡᠶᠢᠲᠡ 4 . 42 ᠲᠦᠮᠡᠨ ᠬᠥᠮᠥᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ 8 . 26 ᠳ᠋ᠦᠩᠰᠢᠭᠤᠷ ᠲᠥᠭᠦᠷᠢᠭ ᠭᠠᠷᠭᠠᠨ ᠠᠪᠴᠤ᠂ ᠴᠠᠭᠢᠯᠭᠠᠨ ᠱᠠᠲᠤ ᠨᠡᠮᠡᠵᠦ ᠤᠭᠰᠠᠷᠠᠬᠤ ᠵᠡᠷᠭᠡ ᠥᠪᠡᠷ ᠢᠶᠠᠨ ᠰᠠᠭᠤᠬᠤ ᠣᠷᠣᠨ ᠰᠠᠭᠤᠴᠠ ᠶᠢ ᠥᠭᠡᠷᠡᠴᠢᠯᠡᠬᠦ ᠳᠤ ᠬᠡᠷᠡᠭᠯᠡᠵᠦ᠂ ᠭᠠᠷᠭᠠᠨ ᠠᠪᠤᠭᠰᠠᠨ ᠬᠥᠮᠥᠨ ᠤ ᠲᠤᠭ᠎ᠠ ᠨᠢ ᠲᠦᠷᠦᠭᠦᠦ ᠵᠢᠯ ᠤᠨ ᠬᠢ ᠠᠴᠠ 313 . 08 % ᠪᠠᠷ ᠨᠡᠮᠡᠭᠳᠡᠪᠡ᠃      ᠣᠳᠣᠬᠠᠨ ᠳᠤ ᠠᠵᠢᠯ ᠣᠯᠭᠤᠯᠲᠠ ᠶᠢᠨ ᠭᠡᠯᠪᠡᠷᠢ ᠨᠠᠩ ᠣᠯᠠᠨ ᠶᠠᠩᠵᠤ ᠶᠢᠨ ᠪᠣᠯᠵᠤ᠂ ᠠᠮᠢᠳᠤᠯᠢᠭ ᠢᠶᠠᠷ ᠠᠵᠢᠯ ᠣᠯᠣᠭᠰᠠᠳ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠳᠦᠷᠢᠮ ᠳᠤ ᠣᠷᠤᠯᠴᠠᠬᠤ ᠲᠤᠷᠰᠢᠯᠲᠠ ᠶᠢᠨ ᠬᠡᠪᠴᠢᠶ᠎ᠡ ᠶᠢ ᠶᠠᠭ ᠲᠣᠭᠲᠠᠭᠤᠨ ᠢᠶᠠᠷ ᠥᠷᠭᠡᠳᠬᠡᠵᠦ ᠪᠠᠶᠢᠨ᠎ᠠ᠃      2023 ᠣᠨ ᠳᠤ᠂ ᠵᠢᠨᠠᠨ᠂ ᠦᠬᠠᠨ᠂ ᠴᠢᠩᠳᠣᠣ᠂ ᠺᠦᠨᠮᠢᠩ᠂ ᠪᠤᠭᠤᠲᠤ᠂ ᠵᠢᠨᠴᠧᠩ᠂ ᠬᠤᠵᠸᠤ ᠵᠡᠷᠭᠡ 7 ᠲᠤᠷᠰᠢᠯᠲᠠ ᠶᠢᠨ ᠴᠡᠭ ᠤᠨ ᠬᠤᠳᠠ ᠶᠢ ᠨᠡᠮᠡᠭᠳᠡᠭᠦᠯᠵᠦ᠂ ᠨᠡᠩ ᠤᠯᠠᠨ ᠠᠮᠢᠳᠤᠯᠢᠭ ᠢᠶᠠᠷ ᠠᠵᠢᠯ ᠣᠯᠣᠭᠰᠠᠳ ᠤᠨ ᠲᠣᠭᠲᠠᠭᠤᠨ ᠢᠶᠠᠷ ᠠᠵᠢᠯᠯᠠᠵᠤ ᠠᠮᠤᠭᠤᠯᠠᠩ ᠰᠠᠭᠤᠷᠢᠰᠢᠬᠤ ᠳᠤ ᠬᠦᠴᠦᠨ ᠨᠡᠮᠡᠷᠢᠯᠡᠪᠡ᠃      ᠮᠡᠳᠡᠭᠦᠯᠦᠯᠲᠡ ᠳᠤ ᠢᠯᠡᠷᠡᠭᠦᠯᠦᠭᠰᠡᠨ ᠢᠶᠠᠷ᠂ 2023 ᠣᠨ ᠤ ᠡᠴᠦᠰ ᠪᠤᠯᠲᠠᠯ᠎ᠠ᠂ 13 ᠲᠤᠷᠰᠢᠯᠲᠠ ᠶᠢᠨ ᠴᠡᠭ ᠤᠨ ᠬᠤᠲᠠ ᠳᠤ 49 . 37 ᠲᠦᠮᠡᠨ ᠠᠮᠢᠳᠤᠯᠢᠭ ᠢᠶᠠᠷ ᠠᠵᠢᠯ ᠣᠯᠣᠭᠰᠠᠳ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠨ ᠬᠠᠳᠠᠭᠠᠯᠠᠵᠤ᠂ ᠲᠦᠷᠦᠭᠦᠦ ᠵᠢᠯ ᠤᠨ ᠡᠴᠦᠰ ᠤᠨ ᠬᠢ ᠠᠴᠠ 124 . 10 % ᠪᠠᠷ ᠨᠡᠮᠡᠭᠳᠡᠪᠡ᠃      ᠴᠦᠩᠴᠢᠩ ᠳᠤ᠂ ᠠᠮᠢᠳᠤᠯᠢᠭ ᠢᠶᠠᠷ ᠠᠵᠢᠯ ᠣᠯᠣᠭᠰᠠᠳ ᠴᠢᠯᠦᠭᠡᠲᠡᠢ ᠪᠠᠷ ᠲᠤᠰᠢᠶᠠᠨ ᠬᠠᠳᠠᠭᠠᠯᠠᠭᠤᠯᠬᠤ᠂ ᠰᠠᠷ᠎ᠠ ᠪᠠᠷ ᠲᠤᠰᠢᠶᠠᠨ ᠬᠠᠳᠠᠭᠠᠯᠠᠭᠤᠯᠬᠤ᠂ ᠨᠢᠭᠡ ᠯᠡ ᠤᠳᠠᠭ᠎ᠠ ᠳᠤ ᠲᠤᠰᠢᠶᠠᠨ ᠬᠠᠳᠠᠭᠠᠯᠠᠭᠤᠯᠬᠤ ᠵᠡᠷᠭᠡ ᠣᠯᠠᠨ ᠵᠦᠢᠯ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠦᠢᠯᠡᠳᠬᠦᠨ ᠢ ᠰᠣᠩᠭᠤᠵᠤ ᠪᠣᠯᠣᠨ᠎ᠠ᠃      ᠰᠦᠵᠧᠦ ᠳᠤ᠂ ᠲᠤᠬᠠᠢ ᠶᠢᠨ ᠭᠠᠵᠠᠷ ᠲᠤ ᠠᠵᠢᠯᠯᠠᠵᠤ ᠪᠠᠶᠢᠭ᠎ᠠ ᠪᠤᠰᠤᠳ ᠭᠠᠵᠠᠷ ᠤᠨ ᠬᠥᠮᠥᠨ᠂ ᠪᠤᠰᠤᠳ ᠭᠠᠵᠠᠷ ᠲᠤ ᠠᠵᠢᠯᠯᠠᠵᠤ ᠪᠠᠶᠢᠭ᠎ᠠ ᠰᠦᠵᠧᠦ ᠶᠢᠨ ᠬᠥᠮᠥᠨ᠂ ᠠᠮᠢᠳᠤᠯᠢᠭ ᠢᠶᠠᠷ ᠠᠵᠢᠯ ᠣᠯᠣᠭᠰᠠᠳ ᠴᠥᠮ ᠲᠤᠰᠢᠶᠠᠨ ᠬᠠᠳᠠᠭᠠᠯᠠᠭᠤᠯᠵᠤ ᠪᠤᠯᠬᠤ ᠪᠥᠭᠡᠳ ︽ᠠᠮᠢᠳᠤᠯᠢᠭ ᠢᠶᠠᠷ ᠲᠤᠰᠢᠶᠠᠵᠤ᠂ ᠴᠠᠭ ᠲᠤᠬᠠᠢ ᠳᠤᠨᠢ ᠲᠣᠬᠢᠷᠠᠭᠤᠯᠵᠤ︾ᠪᠣᠯᠣᠨ᠎ᠠ᠂ ᠰᠠᠷ᠎ᠠ ᠶᠢᠨ ᠲᠤᠰᠢᠶᠠᠨ ᠬᠠᠳᠠᠭᠠᠯᠠᠭᠤᠯᠬᠤ ᠲᠤᠭ᠎ᠠ ᠬᠡᠮᠵᠢᠶ᠎ᠡ ᠳᠤ ᠴᠠᠭ ᠲᠤᠬᠠᠢ ᠳᠤᠨᠢ ᠲᠣᠬᠢᠷᠠᠭᠤᠯᠤᠯᠲᠠ ᠬᠢᠵᠦ ᠪᠤᠯᠬᠤ ᠮᠥᠷᠲᠡᠭᠡᠨ ᠬᠢᠨᠠᠨ ᠬᠠᠷᠭᠤᠭᠤᠯᠬᠤ ᠴᠢᠬᠤᠯᠠ ᠦᠭᠡᠢ᠂ ᠲᠠᠷᠡ ᠳᠠᠷᠤᠢ ᠬᠦᠴᠦᠨ ᠲᠠᠢ ᠪᠣᠯᠣᠨ᠎ᠠ᠃᠁      ᠡᠯ᠎ᠡ ᠭᠠᠵᠠᠷ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠬᠠᠶᠢᠯᠠᠭᠰᠠᠨ ᠠᠵᠢᠯ ᠤᠨ ᠭᠦᠢᠴᠡᠳᠬᠡᠬᠦ ᠭᠤᠭᠴᠤᠭ᠎ᠠ ᠶᠢ ᠪᠠᠭᠠᠰᠬᠠᠵᠤ᠂ ᠴᠢᠬᠤᠯᠠ ᠨᠥᠬᠦᠴᠡᠯ ᠢ ᠪᠠᠭᠠᠰᠬᠠᠵᠤ᠂ ᠴᠠᠭ ᠤᠨ ᠬᠢᠵᠠᠭᠠᠷ ᠢ ᠪᠠᠭᠠᠰᠬᠠᠵᠤ᠂ ᠨᠥᠬᠦᠴᠡᠯ ᠲᠠᠢ ᠭᠠᠵᠠᠷ ᠣᠷᠣᠨ ᠨᠢ ︽ᠪᠦᠭᠦ ᠶᠠᠪᠤᠴᠠ ᠳᠤ ᠰᠦᠯᠵᠢᠶ᠎ᠡ ᠪᠠᠷ ᠭᠦᠢᠴᠡᠳᠬᠡᠬᠦ︾ ᠶᠢ ᠪᠡᠶᠡᠯᠡᠭᠦᠯᠵᠦ᠂ ᠮᠤᠵᠢ ᠠᠯᠤᠰᠯᠠᠨ ᠨᠡᠶᠢᠳᠡᠮ ᠭᠦᠢᠴᠡᠳᠬᠡᠬᠦ ᠵᠦᠢᠯᠡᠰ ᠢ ᠲᠠᠰᠤᠷᠠᠯᠲᠠ ᠦᠭᠡᠢ ᠨᠡᠮᠡᠭᠳᠡᠭᠦᠯᠵᠦ᠂ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号