ᠭᠤᠣᠯ ᠴᠣᠭᠴᠠ ᠶᠢᠨ ᠬᠠᠷᠢᠭᠤᠴᠠᠯᠭ᠎ᠠ ᠶᠢ ᠲᠡᠭᠦᠯᠳᠡᠷᠵᠢᠭᠦᠯᠵᠦ ᠠᠮᠤᠷ ᠲᠦᠪᠰᠢᠨ ᠤ ᠠᠳᠡᠯ ᠢ ᠰᠡᠷᠭᠡᠶᠢᠯᠡᠨ᠎ᠡ — ︽ᠠᠶᠤᠯᠭᠦᠢ ᠦᠢᠯᠡᠳᠪᠦᠷᠢᠯᠡᠯ ᠤᠨ ᠬᠠᠤᠯᠢ︾ ᠵᠢᠴᠢ ᠬᠠᠤᠯᠢ ᠲᠣᠭᠲᠠᠭᠠᠯ ᠤᠨ ᠰᠤᠷᠤᠯᠴᠠᠯᠭ᠎ᠠ ᠶᠢ ᠲᠡᠭᠦᠯᠳᠡᠷᠵᠢᠭᠦᠯᠦᠨ᠎ᠡ
ᠨᠡᠶᠢᠲᠡᠯᠡᠭᠰᠡᠨ ᠴᠠᠭ᠄
2024/7/2
     23 ᠳ᠋ᠤᠭᠠᠷ ᠪᠦᠬᠦ ᠤᠯᠤᠰ ᠤᠨ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢ ᠪᠦᠬᠦ ᠲᠠᠯ᠎ᠠ ᠪᠠᠷ ᠪᠡᠶᠡᠯᠡᠭᠦᠯᠵᠦ᠂ ᠮᠠᠨ ᠤ ᠰᠢᠶᠠᠨ ᠤ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠤᠳᠤᠷᠢᠳᠬᠤ ᠺᠠᠳ᠋ᠷ ᠤᠨ ᠤᠳᠤᠷᠢᠳᠬᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠣᠳᠠᠲᠠᠶᠢᠵᠢᠭᠤᠯᠵᠤ᠂ ᠡᠯ᠎ᠡ ᠠᠵᠢᠯ ᠲᠦᠷᠦᠯ᠂ ᠡᠯ᠎ᠡ ᠨᠢᠭᠡᠴᠢ ᠶᠢᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠬᠦ ᠶᠢ ᠱᠠᠯᠠᠪᠳᠠᠭᠤᠯᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠠᠷ ᠠᠮᠤᠷ ᠲᠦᠪᠰᠢᠨ ᠤ ᠬᠥᠭᠵᠢᠯᠲᠡ ᠶᠢ ᠠᠬᠢᠭᠤᠯᠬᠤ ᠶᠢ ᠰᠢᠮᠳᠠᠭᠤᠯᠵᠤ᠂ 6 ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ᠂ ᠬᠤᠷᠢᠨᠭᠡᠷ ᠰᠢᠶᠠᠨ ᠤ ᠠᠮᠤᠷ ᠲᠦᠪᠰᠢᠨ ᠤ ᠵᠥᠪᠯᠡᠯ ᠤᠨ ᠠᠯᠪᠠᠨ ᠭᠡᠷ᠂ ᠬᠤᠷᠢᠨᠭᠡᠷ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠠᠴᠠ ᠭᠤᠣᠯᠯᠠᠨ ᠡᠷᠬᠢᠯᠡᠵᠦ᠂ ᠬᠤᠷᠢᠨᠭᠡᠷ ᠰᠢᠶᠠᠨ ᠤ ᠪᠠᠴᠢᠮ ᠪᠠᠶᠢᠳᠠᠯ ᠢ  ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ  ᠵᠠᠩᠭᠢᠴᠢᠯᠠᠯᠲᠠ ᠶᠢᠨ ᠲᠣᠪᠴᠢᠶ᠎ᠠ ᠠᠴᠠ ᠬᠠᠮᠵᠢᠨ ᠡᠷᠬᠢᠯᠡᠭᠰᠡᠨ ︽ᠭᠤᠣᠯ ᠴᠣᠭᠴᠠ ᠶᠢᠨ ᠬᠠᠷᠢᠭᠤᠴᠠᠯᠭ᠎ᠠ ᠶᠢ ᠲᠡᠭᠦᠯᠳᠡᠷᠵᠢᠭᠦᠯᠵᠦ ᠠᠮᠤᠷ ᠲᠦᠪᠰᠢᠨ ᠤ ᠠᠳᠡᠯ ᠢ ᠰᠡᠷᠭᠡᠶᠢᠯᠡᠬᠦ︾ — ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠰᠬᠠᠢ ᠰᠡᠳᠦᠪᠲᠦ ᠪᠣᠯᠪᠠᠰᠤᠷᠠᠭᠤᠯᠤᠯ ᠤᠨ ᠠᠩᠬᠢ ᠬᠤᠷᠢᠨᠭᠡᠷ ᠰᠢᠶᠠᠨ ᠤ ᠨᠠᠮ ᠤᠨ ᠰᠤᠷᠭᠠᠭᠤᠯᠢ ᠳᠤ ᠲᠡᠭᠦᠰ ᠠᠮᠵᠢᠯᠲᠠ ᠲᠠᠢ ᠪᠡᠶᠡᠯᠡᠭᠦᠯᠵᠦ᠂ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠬᠦᠨ ᠨᠢᠭᠡᠴᠢ ᠶᠢᠨ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠨᠥᠬᠦᠳ ᠵᠢᠴᠢ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠠᠮᠤᠷ ᠲᠦᠪᠰᠢᠨ ᠤ ᠬᠠᠷᠢᠭᠤᠴᠠᠯᠭᠠᠲᠠᠨ ᠲᠤᠰ ᠤᠳᠠᠭ᠎ᠠ ᠶᠢᠨ ᠪᠣᠯᠪᠠᠰᠤᠷᠠᠭᠤᠯᠤᠯ ᠳᠤ ᠣᠷᠣᠯᠴᠠᠪᠠ᠃      ᠲᠤᠰ ᠤᠳᠠᠭᠠᠨ ᠤ ᠪᠣᠯᠪᠠᠰᠤᠷᠠᠭᠤᠯᠤᠯ ᠤᠨ ᠠᠩᠭᠢ ᠨᠢ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠠᠮᠤᠷ ᠲᠦᠪᠰᠢᠨ ᠤ ᠪᠣᠯᠪᠠᠰᠤᠷᠠᠭᠤᠯᠤᠯ ᠤᠨ ᠲᠥᠪ ᠤᠨ ᠲᠤᠰᠬᠠᠶ ᠯᠧᠺᠲ᠋ᠣᠷ ᠢ ᠤᠷᠢᠵᠤ ᠬᠤᠷᠠᠯ ᠳᠤ ᠣᠷᠣᠯᠴᠠᠭᠰᠠᠳ ᠲᠤ ᠬᠢᠴᠢᠶᠡᠯ ᠣᠷᠣᠭᠤᠯᠪᠠ᠃ ᠪᠣᠯᠪᠠᠰᠤᠷᠠᠭᠤᠯᠤᠯ ᠤᠨ ᠠᠩᠭᠢ ︽ᠠᠶᠤᠯᠭᠦᠶ ᠦᠢᠯᠡᠳᠪᠦᠷᠢᠯᠡᠯ ᠤᠨ ᠬᠠᠤᠯᠢ︾ ᠵᠢᠴᠢ ᠬᠤᠯᠪᠣᠭᠳᠠᠯ ᠪᠥᠬᠦᠶ ᠨᠡᠶᠢᠲᠡᠯᠢᠭ ᠬᠡᠷᠡᠭ ᠤᠨ ᠵᠢᠱᠢᠶ᠎ᠡ ᠶᠢᠨ ᠲᠣᠭᠤᠷᠢᠨ ᠳᠤ᠂ ᠭᠤᠤᠯᠳᠠᠭᠤ ᠡᠯ᠎ᠡ ᠰᠠᠯᠠᠭ᠎ᠠ ᠮᠥᠴᠢᠷ ᠤᠨ ᠠᠶᠤᠯᠭᠦᠶ ᠦᠢᠯᠡᠳᠪᠦᠷᠢᠯᠡᠯ ᠤᠨ ︽ᠭᠤᠷᠪᠠ ᠶᠢ ᠬᠠᠮᠢᠶᠠᠷᠴᠤ ᠭᠤᠷᠪᠠᠨ ᠡᠷᠬᠡᠪᠰᠢ︾ ᠶᠢ ᠰᠠᠶᠢᠲᠤᠷ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ ︽ᠠᠶᠤᠯᠭᠦᠶ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ︾ ᠶᠢ ᠬᠡᠷᠬᠢᠨ ᠪᠦᠲᠦᠮᠵᠢᠲᠡᠶ ᠥᠷᠨᠢᠭᠦᠯᠬᠦ ᠲᠤᠬᠠᠶ ᠨᠠᠷᠢᠨ ᠲᠠᠶᠢᠯᠤᠮᠵᠢ ᠬᠢᠵᠦ᠂ ᠪᠣᠯᠪᠠᠰᠤᠷᠠᠭᠤᠯᠤᠯ ᠳᠤ ᠣᠷᠣᠯᠴᠠᠭᠰᠠᠳ ᠤᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠪᠠᠷ ᠲᠠᠷᠢᠬᠢ ᠲᠣᠯᠣᠭᠠᠶ ᠪᠠᠨ ᠵᠡᠪᠰᠡᠭᠯᠡᠬᠦ᠂ ᠠᠵᠢᠯ ᠢᠶᠠᠨ ᠵᠢᠯᠣᠭᠤᠳᠬᠤ᠂ ᠦᠢᠯᠡᠳᠦᠯᠭᠡ ᠪᠠᠨ ᠠᠬᠢᠭᠤᠯᠬᠤ ᠶᠢ ᠪᠦᠲᠦᠮᠵᠢᠲᠡᠶ ᠠᠬᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠵᠤ᠂ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠦᠵᠡᠯ ᠰᠠᠨᠠᠭᠠᠨ ᠤ ᠤᠬᠠᠮᠰᠠᠷ ᠪᠠ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠵᠤ᠂ ᠠᠶᠤᠯᠭᠦᠶ ᠦᠢᠯᠡᠳᠪᠦᠷᠢᠯᠡᠯ ᠤᠨ ᠵᠠᠰᠠᠯᠲᠠ ᠶᠢᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠠᠶᠤᠯᠭᠦᠶ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠴᠢᠨᠠᠷ ᠰᠠᠶᠢᠲᠠᠶ ᠬᠥᠭᠵᠢᠯᠲᠡ ᠳᠤ ᠠᠮᠤᠷ ᠲᠦᠪᠰᠢᠨ ᠤ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠶ ᠭᠡᠵᠡᠢ᠃      ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠠᠮᠵᠢᠭᠤᠯᠤᠨ᠂ ᠡᠯ᠎ᠡ ᠱᠠᠲᠤᠨ ᠤ ᠨᠠᠮ ᠵᠠᠰᠠᠭ ᠤᠨ ᠤᠳᠤᠷᠢᠳᠬᠤ ᠺᠠᠳ᠋ᠷᠴᠤᠳ ᠤᠨ ᠠᠶᠤᠯᠭᠦᠶ ᠦᠢᠯᠡᠳᠪᠦᠷᠢᠯᠡᠯ ᠤᠨ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠂ ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠠᠵᠢᠯ ᠤᠨ ᠣᠨᠣᠯᠵᠢᠬᠤᠨ ᠢ ᠤᠯᠠᠮ ᠨᠢᠭᠡ ᠠᠯᠬᠤᠮ ᠪᠠᠲᠤ ᠪᠠᠬᠢ ᠪᠣᠶ ᠪᠣᠯᠭᠠᠵᠤ᠂ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠮᠥᠨ ᠴᠢᠨᠠᠷ ᠤᠨ ᠠᠮᠤᠷ ᠲᠦᠪᠰᠢᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠰᠢᠶᠠᠨ ᠤ ᠬᠡᠪᠴᠢᠶᠡᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠲᠦᠰᠢᠭ ᠲᠤᠯᠭᠠᠭᠤᠷᠢ ᠬᠠᠩᠭᠠᠪᠠ᠃    ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号