ᠬᠤᠷᠢᠨᠭᠡᠷ ᠰᠢᠶᠠᠨ ᠤ ᠠᠵᠢᠯᠴᠢᠨ ᠤ ᠶᠡᠷᠦᠩᠬᠡᠶ ᠡᠪᠯᠡᠯ ᠦᠨᠡᠨᠴᠢ ᠢᠲᠡᠭᠡᠮᠵᠢ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/2
     ᠢᠲᠡᠭᠡᠮᠵᠢ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠦᠨᠡᠨᠴᠢ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠦᠢᠯᠡᠳᠦᠯᠭᠡᠵᠢᠭᠦᠯᠵᠦ᠂ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ︽ᠠᠵᠢᠯᠲᠠᠨ ᠠᠵᠢᠯᠴᠢᠨ ᠤ ᠳᠤᠮᠳᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠥᠷᠨᠢᠭᠦᠯᠬᠦ ᠲᠤᠬᠠᠢ ᠬᠥᠬᠡᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠤᠨ ᠬᠡᠷᠡᠭᠵᠢᠭᠦᠯᠬᠦ ᠲᠥᠰᠥᠯ︾ ᠤᠨ ᠵᠣᠷᠢᠭ ᠰᠠᠨᠠᠭ᠎ᠠ ᠶᠣᠰᠣᠭᠠᠷ᠂ 6 ᠳ᠋ᠤᠭᠠᠷ ᠰᠠᠷ᠎ᠠ ᠶᠢᠨ 27 ᠤ ᠡᠳᠦᠷ᠂ ᠬᠤᠷᠢᠨᠭᠡᠷ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠰᠡᠷᠢᠭᠦᠨ ᠲᠤᠩᠭᠠᠯᠠᠭ ᠲᠣᠬᠤᠨᠢᠭᠤᠯᠤᠯ ᠤᠨ ᠳᠤᠮᠳᠠ ᠦᠨᠡᠨᠴᠢ ᠢᠲᠡᠭᠡᠮᠵᠢ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠳᠤᠮᠳᠠ᠂ ᠰᠢᠶᠠᠨ ᠤ ᠠᠵᠢᠯᠴᠢᠨ ᠤ ᠶᠡᠷᠦᠩᠬᠡᠶ ᠡᠪᠯᠡᠯ ᠤᠨ ᠠᠵᠢᠯᠲᠠᠳ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠬᠠᠮᠢᠶ᠎ᠠ ᠪᠦᠬᠦᠢ ᠮᠡᠳᠡᠯᠭᠡ ᠶᠢ ᠤᠬᠠᠭᠤᠯᠤᠨ ᠲᠠᠶᠢᠯᠪᠤᠷᠢᠯᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠠᠵᠤ ᠠᠬᠤᠶᠢᠯᠠᠯ ᠪᠠ ᠠᠵᠢᠯᠲᠠᠨ ᠠᠵᠢᠯᠴᠢᠨ ᠳᠤ ᠬᠠᠨᠳᠤᠭᠤᠯᠤᠨ ᠦᠨᠡᠨᠴᠢ ᠢᠲᠡᠭᠡᠮᠵᠢ ᠶᠢᠨ ᠤᠬᠠᠮᠰᠠᠷ᠂ ᠵᠢᠷᠤᠮᠵᠢᠯ ᠤᠨ ᠤᠬᠠᠮᠰᠠᠷ᠂ ᠶᠠᠰᠤ ᠴᠢᠨᠠᠷ ᠤᠨ ᠤᠬᠠᠮᠰᠠᠷ ᠪᠠ ᠬᠠᠷᠢᠭᠤᠴᠠᠯᠭ᠎ᠠ ᠶᠢᠨ ᠤᠬᠠᠮᠰᠠᠷ ᠢ ᠤᠬᠠᠭᠤᠯᠵᠤ᠂ ᠠᠵᠤ ᠠᠬᠤᠶᠢᠯᠠᠯ ᠪᠠ ᠠᠵᠢᠯᠲᠠᠨ ᠠᠵᠢᠯᠴᠢᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠲᠤᠬᠠᠶ ᠲᠠᠨᠢᠨ ᠮᠡᠳᠡᠬᠦ ᠬᠡᠮᠵᠢᠶ᠎ᠡ᠂ ᠠᠩᠬᠠᠷᠬᠤ ᠬᠡᠮᠵᠢᠶ᠎ᠡ ᠪᠠ ᠣᠷᠣᠯᠴᠠᠬᠤ ᠬᠡᠮᠵᠢᠶ᠎ᠡ ᠶᠢ ᠨᠡᠮᠡᠭᠳᠡᠭᠦᠯᠵᠦ᠂ ᠥᠷᠭᠡᠨ ᠣᠯᠠᠨ ᠠᠵᠢᠯᠲᠠᠨ ᠠᠵᠢᠯᠴᠢᠨ ᠤ ᠦᠨᠡᠨᠴᠢ ᠢᠲᠡᠭᠡᠮᠵᠢ ᠶᠢᠨ ᠥᠷᠲᠡᠭ ᠤᠨ ᠦᠵᠡᠯᠲᠡ ᠶᠢ ᠪᠣᠶ ᠪᠣᠯᠭᠠᠬᠤ ᠶᠢ ᠰᠠᠨᠠᠭᠠᠴᠢᠯᠠᠵᠤ᠂ ᠳᠡᠷᠭᠡᠳᠡᠬᠢ ᠪᠠᠭ᠎ᠠ ᠶᠠᠪᠤᠳᠠᠯ ᠠᠴᠠ ᠡᠬᠢᠯᠡᠨ ᠬᠢᠵᠦ᠂ ᠦᠨᠡᠨᠴᠢ ᠢᠲᠡᠭᠡᠮᠵᠢ ᠶᠢᠨ ᠰᠣᠶᠣᠯ ᠢ ᠡᠳᠦᠷ ᠲᠤᠲᠤᠮ ᠤᠨ ᠠᠮᠢᠳᠤᠷᠠᠯ ᠳᠤ ᠠᠭᠤᠰᠤᠯᠴᠠᠭᠤᠯᠪᠠ᠃      ᠲᠣᠰ ᠤᠳᠠᠭᠠᠨ ᠤ ᠠᠵᠢᠯᠯᠠᠭ᠎ᠠ ᠨᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠣᠯᠠᠨ ᠨᠡᠶᠢᠲᠡ ᠶᠢᠨ ᠢᠲᠡᠭᠡᠮᠵᠢ ᠶᠢᠨ ᠤᠬᠠᠮᠰᠠᠷ ᠢ ᠳᠡᠭᠡᠭᠰᠢᠯᠡᠭᠦᠯᠦᠨ᠂ ᠣᠯᠠᠨ ᠲᠦᠮᠡᠨ ᠤ ᠣᠶᠢᠯᠠᠭᠠᠬᠤ ᠨᠣᠷᠮ᠎ᠠ᠂ ᠮᠡᠳᠡᠷᠡᠬᠦ ᠨᠣᠷᠮ᠎ᠠ᠂ ᠣᠷᠣᠯᠴᠠᠬᠤ ᠨᠣᠷᠮ᠎ᠠ ᠶᠢ ᠳᠡᠭᠡᠭᠰᠢᠯᠡᠭᠦᠯᠵᠦ᠂ ᠪᠥᠬᠦ ᠨᠡᠶᠢᠭᠡᠮ ᠢᠶᠠᠷ ᠢᠶᠠᠨ ︽ᠢᠲᠡᠭᠡᠮᠵᠢ ᠶᠢ ᠮᠡᠳᠡᠬᠦ᠂ ᠢᠲᠡᠭᠡᠮᠵᠢ ᠶᠢ ᠰᠠᠬᠢᠬᠤ᠂ ᠢᠲᠡᠭᠡᠮᠵᠢ ᠶᠢ ᠴᠢᠬᠤᠯᠠᠴᠢᠯᠠᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠳᠤ ᠠᠵᠢᠯᠴᠢᠨ ᠤ ᠡᠪᠯᠡᠯ ᠤᠨ ᠬᠦᠴᠦᠨ ᠴᠢᠳᠠᠯ ᠢᠶᠠᠨ ᠡᠷᠭᠦᠪᠡ᠃    ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号