ᠨᠠᠮ ᠪᠠᠶᠢᠭᠤᠯᠤᠭᠳᠠᠭᠰᠠᠨ 103 ᠵᠢᠯ ᠤᠨ ᠤᠢ ᠶᠢ ᠪᠡᠯᠭᠡᠯᠡᠬᠦ ᠨᠠᠮ ᠤᠨ ᠡᠳᠦᠷ ᠵᠢᠴᠢ ᠤᠷᠠᠨ ᠪᠢᠴᠢᠯᠭᠡ ᠤᠷᠠᠨ ᠵᠢᠷᠤᠭ ᠤᠨ ᠪᠢᠷ ᠤᠨ ᠴᠤᠭᠯᠠᠭᠠᠨ ᠤ ᠠᠵᠢᠯᠯᠠᠭ᠎ᠠ ᠬᠤᠷᠢᠨᠭᠡᠷ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ ᠶᠠᠪᠤᠭᠳᠠᠪᠠ
ᠨᠡᠶᠢᠲᠡᠯᠡᠭᠰᠡᠨ ᠴᠠᠭ᠄
2024/7/2
     ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠣᠶ ᠶᠢ ᠪᠡᠯᠭᠡᠯᠡᠬᠦ ᠶᠢᠨ ᠲᠥᠯᠥᠭᠡ᠂ 7 ᠰᠠᠷ᠎ᠠ ᠶᠢᠨ 1 ᠤ ᠡᠳᠦᠷ᠂ ᠬᠤᠷᠢᠨᠭᠡᠷ ᠰᠢᠶᠠᠨ ᠤ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠬᠢᠭᠡᠳ ᠥᠪᠥᠷ ᠮᠣᠩᠭᠤᠯ ᠤᠨ ᠲᠥᠬᠦᠮ ᠤᠳᠬ᠎ᠠ ᠤᠷᠠᠯᠢᠭ ᠤᠨ ᠰᠤᠳᠤᠯᠭᠠᠨ ᠤ ᠨᠡᠶᠢᠭᠡᠮᠯᠢᠭ᠂ ᠥᠪᠥᠷ ᠮᠣᠩᠭᠤᠯ ᠤᠨ ᠡᠶ᠎ᠡ ᠵᠣᠬᠢᠴᠠᠩᠭᠤᠶ ᠰᠣᠶᠣᠯ ᠤᠨ ᠬᠡᠷᠡᠯ ᠵᠢᠷᠤᠭ ᠤᠷᠠᠨ ᠪᠢᠴᠢᠯᠭᠡ ᠤᠷᠠᠨ ᠵᠢᠷᠤᠭ ᠤᠨ ᠬᠦᠷᠢᠶᠡᠯᠡᠩ ᠬᠠᠮᠲᠤᠷᠠᠨ ᠨᠠᠮ ᠪᠠᠶᠢᠭᠤᠯᠤᠭᠳᠠᠭᠰᠠᠨ 103 ᠵᠢᠯ ᠤᠨ ᠣᠶ ᠶᠢ ᠪᠡᠯᠭᠡᠯᠡᠬᠦ ᠭᠤᠤᠯ ᠰᠡᠳᠦᠪᠲᠦ ᠨᠠᠮ ᠤᠨ ᠡᠳᠦᠷ ᠵᠢᠴᠢ ᠤᠷᠠᠨ ᠪᠢᠴᠢᠯᠭᠡ ᠤᠷᠠᠨ ᠵᠢᠷᠤᠭ ᠤᠨ ᠪᠢᠷ ᠤᠨ ᠴᠤᠭᠯᠠᠭᠠᠨ ᠤ ᠠᠵᠢᠯᠯᠠᠭ᠎ᠠ ᠥᠷᠨᠢᠭᠦᠯᠵᠦ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠵᠤ᠂ ᠤᠷᠮᠠᠰᠢᠭᠤᠯᠤᠨ ᠵᠣᠷᠢᠭᠵᠢᠭᠤᠯᠵᠠᠶ᠃      ᠠᠵᠢᠯᠯᠠᠭ᠎ᠠ ᠠᠴᠠ ᠡᠮᠦᠨ᠎ᠡ᠂ ᠤᠷᠠᠨ ᠪᠢᠴᠢᠯᠭᠡᠲᠡᠨ ᠤᠷᠠᠨ ᠵᠢᠷᠤᠭᠴᠢᠳ ᠨᠠᠮ ᠤᠨ ᠲᠤᠭ ᠤᠨ ᠡᠮᠦᠨ᠎ᠡ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠳᠤ ᠣᠷᠣᠬᠤ ᠲᠠᠩᠭᠠᠷᠢᠭ︾ ᠢ ᠳᠠᠬᠢᠨ ᠤᠩᠰᠢᠪᠠ᠃ ᠠᠵᠢᠯᠯᠠᠭ᠎ᠠ ᠶᠢᠨ ᠳᠤᠮᠳᠠ᠂ ᠮᠠᠰᠢ ᠣᠯᠠᠨ ᠤᠯᠤᠰ ᠤᠨ ᠲᠠᠰ ᠤᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠤᠷᠠᠨ ᠪᠢᠴᠢᠯᠭᠡ ᠤᠷᠠᠨ ᠵᠢᠷᠤᠭ ᠤᠨ ᠮᠠᠰᠲ᠋ᠧᠷ᠂ ᠨᠠᠷᠠᠲᠤ ᠪᠠᠭᠰᠢ ᠤᠷᠠᠨ ᠪᠢᠴᠢᠯᠭᠡ ᠤᠷᠠᠨ ᠵᠢᠷᠤᠭ ᠤᠨ ᠬᠡᠯᠪᠡᠷᠢ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠤᠷᠰᠢᠬᠢ ᠬᠡᠷᠡᠯ ᠰᠠᠴᠤᠷᠠᠩᠭᠤᠶ ᠥᠩᠭᠡᠷᠡᠯᠲᠡ ᠶᠢ ᠮᠠᠭᠲᠠᠨ ᠳᠠᠭᠤᠯᠠᠵᠤ᠂ ᠤᠷᠠᠨ ᠪᠢᠴᠢᠯᠭᠡ ᠤᠷᠠᠨ ᠵᠢᠷᠤᠭ ᠤᠨ ᠬᠡᠯᠪᠡᠷᠢ ᠪᠠᠷ ᠬᠠᠶᠢᠷ᠎ᠠ ᠰᠡᠳᠬᠢᠯᠭᠡ ᠪᠠᠨ ᠢᠯᠡᠳᠬᠡᠵᠦ᠂ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠲᠤᠷᠰᠢᠬᠢ ᠠᠭᠤᠤ ᠭᠠᠪᠢᠶ᠎ᠠ ᠠᠤᠭ᠎ᠠ ᠵᠢᠳᠬᠦᠯ ᠢ ᠥᠨᠢᠳᠡ ᠶᠢᠨ ᠭᠠᠶᠢᠬᠠᠮᠰᠢᠭᠲᠤ ᠢᠷᠠᠭᠤ ᠬᠠᠭᠤᠳᠠᠰᠤ ᠪᠣᠯᠭᠠᠵᠤ᠂ ᠵᠠᠭᠤᠨ ᠵᠢᠯ ᠤᠨ ᠲᠡᠮᠡᠴᠡᠯ ᠤᠨ ᠵᠣᠷᠢᠭ ᠰᠠᠨᠠᠭ᠎ᠠ ᠶᠢ ᠤᠷᠠᠨ ᠪᠢᠴᠢᠯᠭᠡ ᠤᠷᠠᠨ ᠵᠢᠷᠤᠭ ᠤᠨ ᠤᠷᠠᠯᠢᠭ ᠤᠨ ᠤᠷᠲᠤ ᠮᠥᠷᠡᠨ ᠳᠤ ᠭᠡᠷᠡᠯ ᠭᠢᠯᠪᠠᠭ᠎ᠠ ᠪᠠᠨ ᠰᠠᠴᠤᠷᠠᠭᠤᠯᠪᠠ᠃      ᠲᠣᠰ ᠤᠳᠠᠭᠠᠨ ᠤ ᠠᠵᠢᠯᠯᠠᠭ᠎ᠠ ᠨᠢ ᠤᠷᠠᠨ ᠪᠢᠴᠢᠯᠭᠡᠲᠡᠨ ᠤ ᠭᠠᠷ ᠲᠠᠬᠢ ᠪᠢᠷ᠂ ᠨᠢᠳᠦᠨ ᠳᠠᠬᠢ ᠵᠢᠷᠤᠭ᠂ ᠰᠡᠳᠬᠢᠯ ᠳᠠᠬᠢ ᠰᠡᠳᠬᠢᠯᠭᠡ ᠪᠠᠷ ᠰᠢᠨ᠎ᠡ ᠴᠠᠭ ᠦᠶ᠎ᠡ ᠶᠢᠨ ᠨᠠᠮ ᠤᠨ ᠣᠯᠤᠭᠰᠠᠨ ᠠᠭᠤᠤ ᠭᠠᠪᠢᠶ᠎ᠠ ᠠᠤᠭ᠎ᠠ ᠵᠢᠳᠬᠦᠯ ᠢ ᠲᠡᠮᠳᠡᠭᠯᠡᠵᠦ᠂ ᠡᠬᠡ ᠤᠯᠤᠰ ᠤᠨ ᠰᠦᠷᠯᠢᠭ ᠰᠠᠶᠢᠬᠠᠨ ᠠᠭᠤᠯᠠ ᠤᠰᠤ ᠶᠢ ᠮᠠᠭᠲᠠᠨ ᠰᠠᠶᠢᠰᠢᠶᠠᠵᠤ᠂ ᠥᠨᠢ ᠡᠭᠦᠷᠢᠳᠡ ᠨᠠᠮ ᠢᠶᠠᠨ ᠳᠠᠭᠠᠬᠤ ᠣᠷᠭᠢᠯᠤᠮ᠎ᠠ ᠬᠠᠯᠠᠭᠤᠨ ᠰᠡᠳᠬᠢᠯᠭᠡ ᠶᠢ ᠢᠯᠡᠳᠬᠡᠵᠡᠶ᠃    ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号