ᠬᠤᠷᠢᠨᠭᠡᠷ ᠰᠢᠶᠠᠨ ᠤ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠲᠤᠰᠬᠠᠶ ᠰᠡᠳᠦᠪᠲᠦ ᠪᠣᠯᠪᠠᠰᠤᠷᠠᠭᠤᠯᠤᠯ ᠤᠨ ᠠᠩᠭᠢ ᠡᠬᠢᠯᠡᠪᠡ
ᠨᠡᠶᠢᠲᠡᠯᠡᠭᠰᠡᠨ ᠴᠠᠭ᠄
2024/7/24
     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠳᠤᠷᠢᠳᠬᠤ ᠺᠠᠳ᠋ᠷᠴᠤᠳ ᠢ ᠪᠥᠬᠦ ᠲᠠᠯ᠎ᠠ ᠪᠠᠷ ᠬᠥᠲᠥᠯᠥᠨ ᠵᠢᠯᠤᠭᠤᠳᠴᠤ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢᠨ ᠴᠢᠬᠤᠯᠠ ᠶᠡᠭᠡ ᠠᠴᠢ ᠬᠤᠯᠪᠣᠭᠳᠠᠯ ᠪᠠ ᠭᠦᠨ ᠭᠦᠨᠵᠡᠭᠡᠢ ᠠᠭᠤᠯᠤᠭᠳᠠᠬᠤᠨ ᠢ ᠭᠦᠨᠵᠡᠭᠡᠢ ᠣᠶᠢᠯᠠᠭᠠᠨ ᠣᠨᠣᠪᠴᠢᠲᠠᠶ ᠡᠵᠡᠮᠰᠢᠭᠦᠯᠵᠦ᠂ ᠤᠳᠤᠷᠢᠳᠬᠤ ᠺᠠᠳ᠋ᠷᠴᠤᠳ ᠤᠨ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠦᠵᠡᠯ ᠰᠠᠨᠠᠭ᠎ᠠ ᠲᠠᠨᠢᠯᠲᠠ ᠪᠠ ᠴᠢᠳᠠᠪᠤᠷᠢ ᠶᠢᠨ ᠬᠢᠷᠢ ᠲᠦᠪᠰᠢᠨ ᠢ ᠦᠨᠡᠨ ᠬᠦ ᠴᠢᠩᠭᠠᠳᠬᠠᠨ ᠳᠡᠭᠡᠭᠰᠢᠯᠡᠭᠦᠯᠬᠦ ᠶᠢᠨ ᠲᠤᠰᠠᠳᠠ᠂ 7 ᠰᠠᠷ᠎ᠠ ᠶᠢᠨ 16 ᠤ ᠡᠳᠦᠷ᠂ ᠪᠥᠬᠦ ᠰᠢᠶᠠᠨ ᠢᠶᠠᠷ ᠢᠶᠠᠨ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠲᠤᠰᠬᠠᠢ ᠰᠡᠳᠦᠪᠲᠦ ᠪᠣᠯᠪᠠᠰᠤᠷᠠᠭᠤᠯᠤᠯ ᠤᠨ ᠠᠩᠭᠢ ᠶᠢᠨ ᠰᠤᠷᠤᠯᠭ᠎ᠠ ᠡᠬᠢᠯᠡᠪᠡ᠃      ᠪᠣᠯᠪᠠᠰᠤᠷᠠᠭᠤᠯᠤᠯ ᠨᠢ ᠥᠪᠥᠷ ᠮᠣᠩᠭᠤᠯ ᠤᠨ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠨᠡᠶᠢᠭᠡᠮᠯᠢᠭ ᠤᠨ ᠬᠡᠷᠡᠭ ᠡᠷᠬᠢᠯᠡᠭᠴᠢᠳ ᠤᠨ ᠳᠠᠷᠤᠭ᠎ᠠ᠂ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ᠂ ᠳᠡᠭᠡᠳᠦ ᠳᠡᠰ ᠤᠨ ᠢᠨᠵᠧᠨᠧᠷ ᠵᠠᠩ ᠱᠦ ᠯᠢ ᠶᠢ ᠤᠷᠢᠵᠤ᠂ ︽ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ︾ ᠭᠡᠬᠦ ᠰᠡᠳᠦᠪ ᠢᠶᠠᠷ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭᠠᠨ ᠤ ᠭᠦᠨᠵᠡᠭᠡᠢ ᠠᠭᠤᠯᠤᠭᠳᠠᠬᠤᠨ ᠪᠠ ᠴᠢᠬᠤᠯᠠ ᠶᠡᠭᠡ ᠠᠴᠢ ᠬᠤᠯᠪᠣᠭᠳᠠᠯ ᠢ ᠨᠠᠷᠢᠨ ᠲᠣᠳᠣᠷᠬᠠᠢ ᠲᠣᠳᠣᠷᠬᠠᠶᠢᠯᠠᠨ ᠥᠭᠦᠯᠡᠵᠦ᠂ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠣᠳᠣᠬᠢ ᠪᠠᠶᠢᠳᠠᠯ ᠪᠣᠯᠤᠨ ᠥᠷᠢᠰᠥᠯᠳᠦᠭᠡᠨ ᠢ ᠵᠠᠳᠠᠯᠤᠭᠰᠠᠨ ᠪᠥᠭᠡᠳ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠳᠦᠭᠡᠨ ᠪᠠᠶᠢᠭᠤᠯᠤᠯᠲᠠ ᠶᠢ ᠬᠡᠷᠬᠢᠨ ᠴᠢᠩᠭᠠᠳᠬᠠᠬᠤ ᠳᠤ ᠴᠢᠭᠯᠡᠭᠦᠯᠦᠨ ᠪᠣᠳᠠᠲᠠᠢ ᠠᠷᠭ᠎ᠠ ᠮᠠᠶ᠋ᠢᠭ ᠪᠠ ᠠᠷᠭ᠎ᠠ ᠬᠡᠮᠵᠢᠶ᠎ᠡ ᠶᠢ ᠳᠤᠷᠠᠳᠴᠠᠢ᠃      ᠲᠠᠶᠢᠯᠤᠮᠵᠢ ᠶᠢᠨ ᠭᠤᠣᠯ ᠰᠡᠳᠦᠪ ᠨᠢ ᠢᠯᠡ ᠲᠣᠳᠣ᠂ ᠠᠭᠤᠯᠭ᠎ᠠ ᠨᠢ ᠪᠠᠶᠠᠯᠢᠭ᠂ ᠪᠣᠳᠠᠲᠤ ᠪᠠᠶᠢᠳᠠᠯ ᠲᠠᠢ ᠣᠶᠢᠷᠠᠲᠤᠵᠤ᠂ ᠤᠯᠤᠰ ᠲᠦᠷᠦ ᠶᠢᠨ ᠦᠨᠳᠦᠷᠴᠡ ᠲᠠᠢ ᠪᠥᠭᠡᠳ ᠤᠨᠤᠯ ᠤᠨ ᠭᠦᠨᠴᠡ ᠲᠠᠢ ᠪᠠᠶᠢᠵᠤ᠂ ᠮᠠᠨ ᠤ ᠰᠢᠶᠠᠨ ᠤ ᠬᠤᠶᠢᠰᠢᠳᠠ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠥᠷᠨᠢᠭᠦᠯᠬᠦ ᠳᠤ ᠤᠯᠤᠰ ᠲᠦᠷᠦ ᠶᠢᠨ ᠵᠢᠯᠤᠭᠤᠳᠤᠯᠭ᠎ᠠ ᠪᠣᠯᠤᠨ ᠤᠨᠤᠯ ᠤᠨ ᠵᠢᠷᠤᠮᠯᠠᠯ ᠢ ᠤᠯᠠᠮ ᠴᠢᠨᠠᠭᠰᠢᠳᠠ ᠭᠦᠨᠵᠡᠭᠡᠶᠢᠷᠡᠭᠦᠯᠵᠡᠢ᠃ ᠪᠥᠬᠦ ᠰᠢᠶᠠᠨ ᠢᠶᠠᠷ ᠢᠶᠠᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠠᠪᠤᠨ ᠶᠡᠭᠡ ᠡᠭᠦᠷᠭᠡ︾ ᠶᠢ ᠪᠥᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠵᠦ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠵᠤ᠂ ᠬᠤᠷᠢᠨᠭᠡᠷ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠲᠠᠰᠤᠷᠠᠯᠲᠠ ᠥᠬᠡᠶ ᠦᠷᠭᠦᠯᠵᠢᠯᠡᠨ ᠪᠢᠴᠢᠭᠯᠡᠵᠦ᠂ ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢᠶᠠᠨ ᠨᠠᠩ ᠦᠵᠡᠰᠬᠦᠯᠡᠩᠲᠦ ᠰᠠᠶᠢᠬᠠᠨ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠶ ᠭᠡᠵᠦ ᠵᠢᠭᠠᠵᠤ ᠭᠠᠷᠭᠠᠪᠠ᠃      ᠰᠢᠶᠠᠨ ᠤ ᠤᠳᠤᠷᠢᠳᠤᠯᠭ᠎ᠠ ᠯᠢ ᠯᠢᠦ ᠰᠢᠶᠤᠤ᠂ ᠵᠠᠩ ᡁᠢ ᠺᠦᠢ ᠵᠢᠴᠢ ᠪᠦᠬᠦ ᠰᠢᠶᠠᠨ ᠤ ᠳᠡᠳ᠋ ᠭᠠᠵᠠᠷ ᠤᠨ ᠲᠡᠰ ᠠᠴᠠ ᠳᠡᠭᠡᠭᠰᠢᠬᠢ ᠤᠳᠤᠷᠢᠳᠬᠤ ᠺᠠᠳ᠋ᠷ᠂ ᠰᠢᠶᠠᠨ ᠤ ᠡᠯ᠎ᠡ ᠶᠠᠮᠤᠨ ᠵᠥᠪᠯᠡᠯ ᠠᠯᠪᠠᠨ ᠭᠡᠷ ᠲᠣᠪᠴᠢᠶ᠎ᠠ᠂ ᠡᠯ᠎ᠡ ᠠᠷᠠᠳ ᠤᠨ ᠪᠦᠯᠬᠦᠮ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ᠂ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠪᠡᠯᠡᠳᠬᠡᠯ ᠳᠤᠭᠤᠶᠢᠯᠠᠩ ᠤᠨ ᠱᠦᠵᠢ᠂ ᠰᠢᠶᠠᠩ ᠪᠠᠯᠭᠠᠰᠤᠨ ᠤ ᠳᠠᠷᠤᠭ᠎ᠠ ︵ᠡᠷᠬᠢᠯᠡᠭᠴᠢ︶ ᠲᠤᠰ ᠤᠳᠠᠭᠠᠨ ᠤ ᠪᠣᠯᠪᠠᠰᠤᠷᠠᠭᠤᠯᠤᠯ ᠳᠤ ᠣᠷᠣᠯᠴᠠᠪᠠ᠃    ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号