ᠬᠤᠷᠢᠨᠭᠡᠷ ᠰᠢᠶᠠᠨ ᠤ ᠶᠡᠭᠡ ᠤᠯᠠᠭᠠᠨᠬᠤᠲᠠ ᠰᠢᠶᠠᠩ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/7/29
     ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠮᠡᠳᠡᠯᠭᠡ ᠶᠢ ᠤᠯᠠᠮ ᠨᠢᠭᠡ ᠠᠯᠬᠤᠮ ᠲᠦᠭᠡᠮᠡᠯᠵᠢᠭᠦᠯᠵᠦ᠂ ᠪᠥᠬᠦ ᠰᠢᠶᠠᠩ ᠤᠨ ᠰᠠᠭᠤᠭᠠᠯᠢ ᠠᠷᠠᠳ ᠤᠨ ᠡᠷᠡᠭᠦᠯ ᠮᠡᠨᠳᠦ ᠳᠤ ᠠᠩᠬᠠᠷᠤᠯ ᠲᠠᠯᠪᠢᠬᠤ ᠬᠡᠮᠵᠢᠶ᠎ᠡ ᠶᠢ ᠨᠡᠮᠡᠭᠳᠡᠭᠦᠯᠦᠨ᠂ ᠥᠷᠭᠡᠨ ᠣᠯᠠᠨ ᠰᠠᠭᠤᠭᠠᠯᠢ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠥᠪᠡᠷ ᠢ ᠪᠠᠨ ᠰᠡᠷᠭᠡᠶᠢᠯᠡᠨ ᠡᠵᠡᠮᠳᠡᠬᠦ ᠤᠬᠠᠮᠰᠠᠷ ᠢ ᠨᠢ ᠴᠢᠩᠭᠠᠳᠬᠠᠵᠤ᠂ ᠪᠣᠯᠪᠠᠰᠤᠨ ᠡᠷᠡᠭᠦᠯ ᠮᠡᠨᠳᠦ᠂ ᠪᠣᠬᠢᠷᠲᠤᠯ ᠥᠬᠡᠶ ᠣᠷᠴᠢᠨ ᠲᠣᠭᠤᠷᠢᠨ ᠢ ᠬᠠᠮᠠᠭᠠᠯᠠᠬᠤ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠬᠤ ᠶᠢᠨ ᠲᠤᠰᠠᠳᠠ᠂ 7 ᠰᠠᠷ᠎ᠠ ᠶᠢᠨ 25 ᠤ ᠡᠳᠦᠷ᠂ ᠬᠤᠷᠢᠨᠭᠡᠷ ᠰᠢᠶᠠᠨ ᠤ ᠶᠡᠭᠡ ᠤᠯᠠᠭᠠᠨᠬᠤᠲᠠ ᠰᠢᠶᠠᠩ ᠬᠥᠬᠡᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ ᠪᠠ ᠶᠡᠭᠡ ᠤᠯᠠᠭᠠᠨᠬᠤᠲᠠ ᠰᠢᠶᠠᠩ ᠤᠨ ᠡᠷᠡᠭᠦᠯ ᠬᠠᠮᠠᠭᠠᠯᠠᠯ ᠤᠨ ᠬᠤᠷᠢᠶ᠎ᠠ ᠲᠠᠢ ᠬᠤᠯᠪᠣᠭᠠᠯᠠᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃      ᠠᠯᠪᠠᠨ ᠵᠢᠷᠤᠮ ᠤᠨ ᠡᠮᠴᠢᠯᠡᠭᠡᠨ ᠤ ᠶᠠᠪᠤᠴᠠ ᠳᠤ᠂ ᠬᠠᠮᠢᠶ᠎ᠠ ᠪᠥᠬᠦᠶ ᠡᠮᠴᠢ ᠰᠤᠪᠢᠯᠠᠭᠴᠢ ᠠᠰᠠᠭᠤᠨ ᠯᠠᠪᠯᠠᠵᠤ ᠡᠮᠨᠡᠬᠦ ᠪᠠᠷ ᠢᠷᠡᠭᠰᠡᠨ ᠲᠣᠰᠬᠤᠨ ᠤ ᠠᠷᠠᠳ ᠨᠢᠭᠡᠪᠦᠷᠢ ᠶᠢ ᠨᠠᠷᠢᠨ ᠬᠢᠨᠠᠮᠠᠭᠠᠶ ᠭᠥᠯᠢᠶᠡᠨ ᠠᠪᠴᠤ᠂ ᠲᠡᠳᠡᠨ ᠳᠤ ᠴᠢᠰᠤᠨ ᠳᠠᠷᠤᠯᠲᠠ ᠶᠢ ᠬᠡᠮᠵᠢᠬᠦ᠂ ᠴᠢᠰᠤᠨ ᠰᠢᠬᠢᠷ ᠢ ᠬᠡᠮᠵᠢᠬᠦ᠂ ᠬᠢᠲᠠᠳ ᠡᠮᠨᠡᠯᠭᠡ᠂ ᠡᠮᠡᠭᠲᠡᠶ ᠶᠢᠨ ᠰᠠᠯᠠᠭ᠎ᠠ᠂ ᠬᠠᠪᠤᠳᠠᠷ᠂ ᠳᠣᠲᠣᠷ ᠡᠮᠨᠡᠯᠭᠡ᠂ ᠲᠦᠷᠭᠡᠨ ᠡᠮᠴᠢᠯᠡᠭᠡ ᠵᠡᠷᠭᠡ ᠣᠯᠠᠨ ᠲᠠᠯ᠎ᠠ ᠶᠢᠨ ᠪᠠᠶᠢᠴᠠᠭᠠᠯᠲᠠ ᠬᠢᠵᠦ᠂ ᠰᠠᠭᠤᠭᠠᠯᠢ ᠠᠷᠠᠳ ᠤᠨ ᠬᠤᠳᠣᠭᠤᠳᠣ ᠭᠡᠳᠡᠰᠦ᠂ ᠴᠢᠰᠤᠨ ᠳᠠᠷᠤᠯᠲᠠ ᠥᠨᠳᠥᠷ᠂ ᠵᠢᠷᠦᠬᠡᠨ ᠡᠪᠡᠳᠴᠢᠨ ᠵᠡᠷᠭᠡ ᠪᠠᠶᠢᠩᠭᠤ ᠲᠣᠬᠢᠶᠠᠯᠳᠤᠳᠠᠭ ᠡᠪᠡᠳᠴᠢᠨ ᠪᠠ ᠣᠯᠠᠨ ᠡᠭᠦᠰᠬᠦ ᠡᠪᠡᠳᠴᠢᠨ ᠢ ᠤᠷᠢᠳᠴᠢᠯᠠᠨ ᠰᠡᠷᠭᠡᠶᠢᠯᠡᠵᠦ ᠡᠮᠨᠡᠨ ᠵᠠᠰᠠᠬᠤ ᠲᠤᠬᠠᠶ ᠨᠠᠷᠢᠨ ᠬᠢᠨᠠᠮᠠᠭᠠᠶ ᠬᠠᠷᠢᠭᠤᠯᠬᠤ ᠶᠢᠨ ᠬᠠᠮᠲᠤ ᠲᠥᠬᠦᠮ ᠣᠶᠢᠯᠠᠭᠠᠮᠵᠢᠲᠠᠶ ᠲᠠᠶᠢᠯᠪᠤᠷᠢᠯᠠᠬᠤ ᠠᠷᠭ᠎ᠠ ᠮᠠᠶ᠋ᠢᠭ ᠢᠶᠠᠷ ᠨᠠᠰᠤᠲᠠᠶᠢᠴᠤᠳ ᠤᠨ ᠰᠠᠭᠤᠭᠠᠯᠢ ᠠᠷᠠᠳ ᠲᠤ ᠢᠳᠡᠭᠡᠨ ᠤᠮᠳᠠᠭᠠᠨ᠂ ᠤᠨᠲᠠᠯᠭ᠎ᠠ᠂ ᠡᠷᠡᠭᠦᠯ ᠮᠡᠨᠳᠦ ᠶᠢ ᠬᠠᠮᠠᠭᠠᠯᠠᠬᠤ ᠵᠡᠷᠭᠡ ᠲᠠᠯ᠎ᠠ ᠶᠢᠨ ᠠᠩᠬᠠᠷᠬᠤ ᠵᠦᠢᠯᠡᠰ ᠢ ᠨᠠᠷᠢᠨ ᠲᠠᠶᠢᠯᠪᠤᠷᠢᠯᠠᠵᠤ᠂ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠮᠢᠳᠤᠷᠠᠯ ᠤᠨ ᠮᠡᠳᠡᠯᠭᠡ ᠶᠢ ᠲᠦᠭᠡᠮᠡᠯᠵᠢᠭᠦᠯᠪᠡ᠃      ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠪᠠᠷ ᠳᠠᠮᠵᠢᠭᠤᠯᠤᠨ᠂ ᠰᠠᠭᠤᠭᠠᠯᠢ ᠠᠷᠠᠳ ᠢ ᠥᠪᠡᠷ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠪᠠᠶᠢᠳᠠᠯ ᠢᠶᠠᠨ ᠨᠠᠩ ᠭᠦᠨᠵᠡᠭᠡᠶ ᠣᠶᠢᠯᠠᠭᠠᠭᠤᠯᠵᠤ᠂ ᠰᠠᠭᠤᠭᠠᠯᠢ ᠠᠷᠠᠳ ᠲᠤ ᠦᠨᠡᠨ ᠬᠦ ᠰᠢᠯᠢᠳᠡᠭ ᠡᠮᠴᠢᠯᠡᠭᠡᠨ ᠤ ᠦᠢᠯᠡᠴᠢᠯᠡᠭᠡ ᠬᠦᠷᠲᠡᠭᠡᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠶᠡᠭᠡ ᠤᠯᠠᠭᠠᠨᠬᠤᠲᠠ ᠰᠢᠶᠠᠩ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠦᠷᠭᠦᠯᠵᠢᠯᠡᠨ ᠪᠠᠷᠢᠮᠲᠠᠯᠠᠵᠤ᠂ ᠨᠡᠩ ᠤᠯᠠᠨ ᠨᠡᠶᠢᠭᠡᠮ ᠤᠨ ᠡᠬᠢ ᠪᠠᠶᠠᠯᠢᠭ ᠢ ᠲᠥᠪᠯᠡᠷᠡᠭᠦᠯᠵᠦ᠂ ᠠᠷᠠᠳ ᠲᠤ ᠲᠦᠬᠦᠮ ᠦᠵᠡᠭᠦᠯᠬᠦ᠂ ᠠᠷᠠᠳ ᠲᠤ ᠠᠰᠢᠭ ᠬᠦᠷᠲᠡᠭᠡᠬᠦ ᠨᠡᠩ ᠤᠯᠠᠨ ᠦᠢᠯᠡᠴᠢᠯᠡᠭᠡ ᠶᠢ ᠥᠷᠨᠢᠭᠦᠯᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ᠂ ᠠᠷᠠᠳ ᠤᠨ ᠰᠠᠨᠠᠭ᠎ᠠ ᠳᠤ ᠨᠡᠶᠢᠴᠡᠭᠦᠯᠬᠦ ᠶᠢ ᠦᠨᠡᠨᠬᠦ ᠪᠡᠶᠡᠯᠡᠭᠦᠯᠵᠦ᠂ ᠪᠦᠬᠦ ᠰᠢᠶᠠᠩ ᠤᠨ ᠰᠠᠭᠤᠭᠠᠯᠢ ᠠᠷᠠᠳ ᠤᠨ ᠵᠣᠯ ᠵᠢᠷᠭᠠᠯᠲᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠪᠣᠯᠤᠨ ᠠᠮᠤᠷ ᠲᠦᠪᠰᠢᠨ ᠤ ᠲᠦᠷᠦᠭᠳᠡᠯ ᠢ ᠦᠷᠭᠦᠯᠵᠢᠯᠡᠨ ᠳᠡᠭᠡᠭᠰᠢᠯᠡᠭᠦᠯᠬᠦ ᠪᠣᠯᠤᠨ᠎ᠠ᠃    ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号