︽8 · 1︾ ᠤ ᠲᠣᠬᠤᠨᠢᠭᠤᠯᠤᠯ ᠬᠠᠶᠢᠷ᠎ᠠ ᠬᠠᠯᠠᠮᠵᠢ ᠬᠦᠷᠭᠡᠵᠦ ᠴᠡᠷᠢᠭ ᠢᠶᠠᠨ ᠬᠦᠷᠢᠶᠡᠯᠡᠬᠦ ᠰᠢᠨ᠎ᠡ ᠬᠠᠭᠤᠳᠠᠰᠤ ᠶᠢ ᠪᠢᠴᠢᠭᠯᠡᠪᠡ
ᠨᠡᠶᠢᠲᠡᠯᠡᠭᠰᠡᠨ ᠴᠠᠭ᠄
2024/7/29
     7 ᠰᠠᠷ᠎ᠠ ᠶᠢᠨ 24 ᠤ ᠡᠳᠦᠷ᠂ 97 ᠳ᠋ᠤᠭᠠᠷ ᠴᠡᠷᠢᠭ ᠪᠠᠶᠢᠭᠤᠯᠤᠭᠳᠠᠭᠰᠠᠨ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠴᠢᠤᠸᠠᠨ ᠱᠧᠩ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠰᠢᠶᠠᠨ ᠤ ᠲᠦᠷᠪᠡᠨ ᠶᠡᠭᠡ ᠪᠠᠭ ᠢ ᠲᠥᠯᠥᠭᠡᠯᠡᠨ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠪᠣᠯᠤᠨ ᠰᠢᠶᠠᠨ ᠳᠤ ᠰᠠᠭᠤᠭ᠎ᠠ ᠡᠯ᠎ᠡ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢᠳ ᠢ ᠲᠣᠬᠤᠨᠢᠭᠤᠯᠵᠤ᠂ ᠲᠡᠳᠡᠨ ᠳᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃      ᠤᠷᠲᠤ ᠬᠤᠭᠤᠴᠠᠭᠠᠨ ᠤ ᠲᠤᠷᠰᠢ᠂ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠰᠢᠶᠠᠨ ᠳᠤ ᠰᠠᠭᠤᠭ᠎ᠠ ᠴᠡᠷᠢᠭ ᠠᠩᠭᠢ ᠴᠡᠷᠢᠭ ᠤᠨ ᠬᠥᠮᠦᠨ ᠤ ᠵᠣᠪᠠᠭᠤᠷᠢ ᠵᠦᠳᠡᠭᠦᠷᠢ ᠶᠢ ᠠᠮᠰᠠᠵᠤ ᠴᠢᠳᠠᠬᠤ᠂ ᠪᠠᠶᠢᠯᠳᠤᠵᠤ ᠴᠢᠳᠠᠬᠤ᠂ ᠬᠤᠪᠢ ᠨᠡᠮᠡᠷᠢ ᠦᠵᠡᠭᠦᠯᠬᠦ ᠰᠢᠯᠢᠳᠡᠭ ᠰᠤᠷᠲᠠᠯ ᠢ ᠭᠦᠢᠴᠡᠳ ᠪᠠᠳᠠᠷᠠᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠬᠤ ᠪᠠ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠳᠤ ᠬᠦᠴᠦᠨ ᠴᠢᠳᠠᠯ ᠢᠶᠠᠨ ᠡᠷᠭᠦᠪᠡ᠃ ᠲᠣᠬᠤᠨᠢᠭᠤᠯᠬᠤ ᠪᠦᠯᠬᠦᠮ ᠤᠨ ᠬᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠰᠢᠶᠠᠨ ᠳᠤ ᠰᠠᠭᠤᠭ᠎ᠠ ᠴᠡᠷᠢᠭ ᠠᠩᠬᠢ ᠶᠢᠨ ᠠᠵᠢᠯ ᠢ ᠭᠦᠢᠴᠡᠳ ᠨᠤᠲᠠᠯᠠᠵᠤ᠂ ᠴᠡᠷᠢᠭ ᠬᠥᠮᠦᠨ ᠤ ᠰᠢᠯᠢᠳᠡᠭ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠪᠦᠬᠦ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ ᠢᠳᠡᠪᠬᠢᠲᠡᠢ ᠲᠡᠮᠵᠢᠵᠤ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠶᠢᠨ ᠬᠠᠮᠲᠤ ᠥᠩᠭᠡᠷᠡᠭᠰᠡᠨ ᠲᠠᠢ ᠪᠠᠨ ᠠᠳᠠᠯᠢ ᠪᠠᠷ ᠠᠷᠠᠳ ᠤᠨ ᠵᠡᠪᠰᠡᠭᠲᠦ ᠬᠦᠴᠦᠨ ᠤ ᠬᠡᠯᠲᠡᠰ ᠵᠢᠴᠢ ᠰᠢᠶᠠᠨ ᠳᠤ ᠰᠠᠭᠤᠭ᠎ᠠ ᠴᠡᠷᠢᠭ ᠠᠩᠬᠢ ᠶᠢᠨ ᠪᠦᠳᠦᠭᠡᠨ ᠪᠠᠶᠢᠭᠤᠯᠤᠯᠲᠠ ᠶᠢ ᠳᠡᠮᠵᠢᠵᠤ᠂ ᠦᠢᠯᠡᠴᠢᠯᠡᠭᠡ ᠪᠠᠨ ᠰᠠᠶᠢᠲᠤᠷ ᠬᠢᠵᠦ᠂ ᠪᠠᠲᠤᠯᠠᠭ᠎ᠠ ᠪᠠᠨ ᠰᠠᠶᠢᠲᠤᠷ ᠬᠢᠵᠦ᠂ ᠴᠡᠷᠢᠭ ᠠᠩᠬᠢ ᠪᠠ ᠣᠷᠣᠨ ᠨᠤᠲᠤᠭ ᠬᠤᠶᠠᠷ ᠲᠠᠯ᠎ᠠ ᠶᠢᠨ ᠬᠠᠮᠲᠤ ᠶᠢᠨ ᠬᠥᠭᠵᠢᠯᠲᠡ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠠᠷᠠᠳ ᠤᠨ ᠬᠠᠮ ᠬᠥᠭᠵᠢᠯᠲᠡ ᠶᠢᠨ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃      ᠰᠠᠭᠤᠭ᠎ᠠ ᠭᠠᠵᠠᠷ ᠤᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠲᠣᠰ ᠤᠳᠠᠭᠠᠨ ᠤ ᠲᠤᠬᠤᠨᠢᠭᠤᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠬᠤᠶᠢᠰᠢᠳᠠ ᠣᠷᠣᠨ ᠨᠤᠲᠤᠭ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠪᠠᠶᠢᠬᠤ ᠡᠰᠡᠬᠦ ᠪᠠᠨ ᠬᠠᠷᠢᠯᠴᠠᠨ ᠨᠡᠪᠲᠡᠷᠡᠯᠴᠡᠵᠦ᠂ ᠴᠡᠷᠢᠭ ᠠᠩᠭᠢ ᠶᠢᠨ ᠢᠷᠠᠭᠤ ᠠᠯᠳᠠᠷᠲᠤ ᠤᠯᠠᠮᠵᠢᠯᠠᠯ ᠪᠠ ᠠᠵᠢᠯ ᠤᠨ ᠳᠠᠪᠠᠭᠤᠯᠢᠭ ᠢᠶᠠᠨ ᠣᠷᠣᠨ ᠨᠤᠲᠤᠭ ᠲᠤ ᠳᠠᠮᠵᠢᠭᠤᠯᠵᠤ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠬᠤᠷᠢᠨᠭᠡᠷ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠢᠳᠡᠪᠬᠢᠲᠡᠶ ᠬᠤᠪᠢ ᠨᠡᠮᠡᠷᠢ ᠦᠵᠡᠭᠦᠯᠬᠦ ᠪᠣᠯᠤᠨ᠎ᠠ᠃    ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号