ᠬᠤᠷᠢᠨᠭᠡᠷ ᠰᠢᠶᠠᠨ ᠤ ᠵᠡᠮᠳᠡᠭᠴᠦᠳ ᠤᠨ ᠬᠤᠯᠪᠣᠭ᠎ᠠ ᠶᠢᠨ ᠵᠡᠮᠳᠡᠭᠴᠦᠳ ᠤᠨ ᠥᠪᠡᠷ ᠢ ᠪᠠᠨ ᠬᠦᠴᠦᠷᠬᠡᠭᠵᠢᠭᠦᠯᠵᠦ ᠪᠡᠶ᠎ᠡ ᠴᠢᠭᠢᠷᠠᠭᠵᠢᠭᠤᠯᠬᠤ ᠵᠢᠱᠢᠶ᠎ᠡ ᠦᠵᠡᠭᠦᠯᠬᠦ ᠴᠡᠭ ᠪᠠ ᠰᠣᠶᠣᠯ ᠤᠷᠠᠯᠢᠭ ᠤᠨ ᠲᠥᠪ ᠢ ᠪᠠᠶᠢᠭᠤᠯᠵᠤ ᠳᠠᠭᠤᠰᠪᠠ
ᠨᠡᠶᠢᠲᠡᠯᠡᠭᠰᠡᠨ ᠴᠠᠭ᠄
2024/7/3
     ᠮᠠᠨ ᠤ ᠰᠢᠶᠠᠨ ᠤ ᠵᠡᠮᠳᠡᠭᠴᠦᠳ ᠤᠨ ᠰᠣᠶᠣᠯ ᠪᠡᠶ᠎ᠡ ᠶᠢᠨ ᠲᠠᠮᠢᠷ ᠤᠨ ᠠᠮᠢᠳᠤᠷᠠᠯ ᠢ ᠪᠠᠶᠠᠯᠢᠭᠵᠢᠭᠤᠯᠵᠤ᠂ ᠵᠡᠮᠳᠡᠭᠴᠦᠳ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠤᠶᠤᠨ ᠤ ᠰᠣᠶᠣᠯ ᠪᠠ ᠡᠷᠡᠭᠦᠯᠵᠢᠯ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ 2024 ᠣᠨ ᠤ 7 ᠰᠠᠷ᠎ᠠ ᠶᠢᠨ 1 ᠤ ᠡᠳᠦᠷ᠂ ᠬᠤᠷᠢᠨᠭᠡᠷ ᠰᠢᠶᠠᠨ ᠤ ᠵᠡᠮᠳᠡᠭᠴᠦᠳ ᠤᠨ ᠬᠤᠯᠪᠣᠭ᠎ᠠ ᠶᠢᠨ ᠬᠢᠨ ᠬᠤᠷᠢᠨᠭᠡᠷ ᠰᠢᠶᠠᠨ ᠤ ᠲᠢᠶᠠᠨ ᠠᠢ ᠵᠡᠮᠳᠡᠭᠴᠦᠳ ᠤᠨ ᠡᠷᠡᠭᠦᠯᠵᠢᠯ ᠤᠨ ᠨᠠᠶᠢᠳᠠᠨ ᠠᠰᠠᠷᠠᠭᠤᠯᠬᠤ ᠲᠥᠪ ᠲᠤ ᠵᠡᠮᠳᠡᠭᠴᠦᠳ ᠤᠨ ᠥᠪᠡᠷ ᠢ ᠪᠠᠨ ᠬᠦᠴᠦᠷᠬᠡᠭᠵᠢᠭᠦᠯᠵᠦ ᠪᠡᠶ᠎ᠡ ᠴᠢᠭᠢᠷᠠᠭᠵᠢᠭᠤᠯᠬᠤ ᠵᠢᠱᠢᠶ᠎ᠡ ᠦᠵᠡᠭᠦᠯᠬᠦ ᠴᠡᠭ ᠪᠠ ᠦᠨᠳᠦᠰᠦᠨ ᠱᠠᠲᠤᠨ ᠤ ᠰᠣᠶᠣᠯ ᠤᠷᠠᠯᠢᠭ ᠤᠨ ᠲᠥᠪ ᠢ ᠡᠬᠢᠯᠡᠭᠦᠯᠦᠨ ᠠᠵᠢᠯᠯᠠᠭᠤᠯᠪᠠ᠃      ᠵᠡᠮᠳᠡᠭᠴᠦᠳ ᠤᠨ ᠥᠪᠡᠷ ᠢ ᠪᠠᠨ ᠬᠦᠴᠦᠷᠬᠡᠭᠵᠢᠭᠦᠯᠵᠦ ᠪᠡᠶ᠎ᠡ ᠴᠢᠭᠢᠷᠠᠭᠵᠢᠭᠤᠯᠬᠤ ᠵᠢᠱᠢᠶ᠎ᠡ ᠦᠵᠡᠭᠦᠯᠬᠦ ᠴᠡᠭ ᠪᠠ ᠰᠣᠶᠣᠯ ᠤᠷᠠᠯᠢᠭ ᠤᠨ ᠲᠥᠪ ᠭᠡᠬᠦ ᠡᠨᠡ ᠬᠦ ︽ᠬᠤᠶᠠᠷ ᠲᠠᠪᠴᠠᠩ︾ ᠢ ᠪᠠᠶᠢᠭᠤᠯᠤᠭᠰᠠᠨ ᠨᠢ ᠵᠡᠮᠳᠡᠭᠴᠦᠳ ᠤᠨ ᠪᠡᠶ᠎ᠡ ᠶᠢᠨ ᠲᠠᠮᠢᠷ ᠪᠡᠶ᠎ᠡ ᠴᠢᠭᠢᠷᠠᠭᠵᠢᠭᠤᠯᠬᠤ ᠪᠠ ᠰᠣᠶᠣᠯ ᠤᠨ ᠠᠵᠢᠯᠯᠠᠭ᠎ᠠ ᠶᠢᠨ ᠨᠥᠬᠦᠴᠡᠯ ᠢ ᠪᠦᠲᠦᠮᠵᠢᠲᠡᠶ ᠰᠠᠶᠢᠵᠢᠷᠠᠭᠤᠯᠵᠤ᠂ ᠮᠠᠨ ᠤ ᠰᠢᠶᠠᠨ ᠤ ᠵᠡᠮᠳᠡᠭᠴᠦᠳ ᠤᠨ ᠣᠶᠤᠨ ᠤ ᠰᠣᠶᠣᠯ ᠪᠠ ᠡᠷᠡᠭᠦᠯᠵᠢᠯ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠶᠢ ᠲᠦᠢᠯ ᠤᠨ ᠶᠡᠭᠡ ᠪᠠᠷ ᠬᠠᠩᠭᠠᠵᠤ᠂ ᠨᠠᠩ ᠣᠯᠠᠨ ᠵᠡᠮᠳᠡᠭᠴᠦᠳ ᠢ ᠭᠡᠷ ᠠᠴᠠ ᠨᠢ ᠭᠠᠷᠭᠠᠵᠤ ᠨᠡᠶᠢᠭᠡᠮ ᠳᠤ ᠠᠭᠤᠰᠬᠠᠨ ᠣᠷᠣᠭᠤᠯᠵᠤ᠂ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠳᠤ ᠢᠳᠡᠪᠬᠢᠲᠡᠶ ᠣᠷᠣᠯᠴᠠᠭᠤᠯᠬᠤ ᠪᠣᠯᠤᠨ᠎ᠠ᠃      ᠳᠠᠷᠠᠭᠠᠴᠢ ᠶᠢᠨ ᠠᠯᠬᠤᠮ ᠳᠤ᠂ ᠰᠢᠶᠠᠨ ᠤ ᠵᠡᠮᠳᠡᠭᠴᠦᠳ ᠤᠨ ᠬᠤᠯᠪᠣᠭ᠎ᠠ ᠶᠢᠨ ᠬᠢᠨ ︽ᠬᠤᠶᠠᠷ ᠲᠠᠪᠴᠠᠩ︾ ᠤᠨ ᠦᠢᠯᠡᠳᠦᠯ ᠢ ᠭᠦᠢᠴᠡᠳ ᠰᠠᠶᠢᠲᠤᠷ ᠠᠰᠢᠭᠯᠠᠵᠤ᠂ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠪᠣᠯᠤᠨ ᠵᠡᠮᠳᠡᠭᠴᠦᠳ ᠤᠨ ᠰᠣᠶᠣᠯ ᠤᠷᠠᠯᠢᠭ ᠤᠨ ᠨᠠᠶᠢᠷ ᠲᠤ ᠰᠠᠭᠤᠷᠢ ᠶᠢ ᠪᠠᠬᠢᠵᠢᠭᠦᠯᠵᠦ᠂ ᠪᠠᠰᠠ ᠥᠷᠭᠡᠨ ᠤᠯᠠᠨ ᠵᠡᠮᠳᠡᠭᠴᠦᠳ ᠲᠤ ᠥᠪᠡᠷ ᠢ ᠪᠠᠨ ᠳᠡᠯᠭᠡᠨ ᠦᠵᠡᠭᠦᠯᠬᠦ᠂ ᠬᠠᠷᠢᠯᠴᠠᠨ ᠰᠣᠯᠢᠯᠴᠠᠭ᠎ᠠ ᠬᠢᠬᠦ ᠲᠠᠪᠴᠠᠩ ᠬᠠᠩᠭᠠᠬᠤ ᠪᠣᠯᠤᠨ᠎ᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号