ᠬᠤᠷᠢᠨᠭᠡᠷ ᠰᠢᠶᠠᠨ ︽ᠭᠤᠷᠪᠠᠨ ᠤᠮᠠᠷᠠᠲᠤ︾ ᠶᠢᠨ ᠢᠨᠵᠧᠨᠧᠷᠢᠩ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/3
     6 ᠰᠠᠷ᠎ᠠ ᠶᠢᠨ 29 ᠤ ᠡᠳᠦᠷ᠂ ᠬᠤᠷᠢᠨᠭᠡᠷ ᠰᠢᠶᠠᠨ ︽ᠭᠤᠷᠪᠠᠨ ᠤᠮᠠᠷᠠᠲᠤ︾ ᠶᠢᠨ ᠢᠨᠵᠧᠨᠧᠷᠢᠩ ᠢ ᠠᠬᠢᠭᠤᠯᠬᠤ ᠬᠤᠷᠠᠯ ᠬᠤᠷᠠᠯᠳᠤᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠳᠠᠭᠠᠭᠠᠴᠢᠯᠠᠯᠲᠠ ᠣᠯᠤᠭᠰᠠᠨ ᠨᠢᠭᠡᠴᠢ᠂ ᠬᠢᠨᠠᠨ ᠬᠠᠮᠢᠶᠠᠷᠬᠤ ᠨᠢᠭᠡᠴᠢ᠂ ᠬᠢᠨᠠᠨ ᠪᠤᠳᠤᠬᠤ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃      ᠬᠤᠷᠠᠯ ᠠᠴᠠ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠤᠢ ᠰᠢᠭᠤᠢ ᠳᠤ ᠬᠤᠯᠪᠣᠭᠳᠠᠬᠤ᠂ ᠨᠤᠲᠤᠭ ᠪᠡᠯᠴᠢᠭᠡᠷ ᠲᠤ ᠬᠤᠯᠪᠣᠭᠳᠠᠬᠤ ᠲᠦᠷᠦᠯ ᠵᠦᠢᠯ ᠢ ᠲᠤᠬᠢᠷᠠᠭᠤᠯᠤᠨ ᠪᠠᠶᠢᠷᠢᠯᠠᠭᠤᠯᠤᠭᠰᠠᠨ ᠪᠥᠭᠡᠳ ᠬᠤᠯᠪᠣᠭᠳᠠᠯ ᠪᠦᠬᠦᠢ ᠱᠠᠭᠠᠷᠳᠠᠯᠭ᠎ᠠ ᠳᠤᠷᠠᠳᠴᠠᠢ᠃ ᠳᠠᠭᠠᠭᠠᠴᠢᠯᠠᠯᠲᠠ ᠤᠯᠬᠤ ᠺᠣᠮᠫᠠᠨᠢ᠂ ᠬᠢᠨᠠᠨ ᠬᠠᠮᠢᠶᠠᠷᠬᠤ ᠺᠣᠮᠫᠠᠨᠢ ᠵᠢᠴᠢ ᠬᠢᠨᠠᠨ ᠪᠤᠳᠤᠬᠤ ᠺᠣᠮᠫᠠᠨᠢ ᠶᠢᠨ ᠲᠥᠯᠥᠭᠡᠯᠡᠭᠴᠢ ᠦᠭᠡ ᠬᠡᠯᠡᠪᠡ᠃      ᠬᠤᠷᠠᠯ ᠠᠴᠠ᠂ ᠬᠤᠷᠢᠨᠭᠡᠷ ᠰᠢᠶᠠᠨ ᠤ ︽ᠭᠤᠷᠪᠠᠨ ᠤᠮᠠᠷᠠᠲᠤ︾ ᠶᠢᠨ ᠢᠨᠵᠧᠨᠧᠷᠢᠩ 1982 ᠣᠨ ᠠᠴᠠ ᠡᠬᠢᠯᠡᠨ ᠶᠡᠭᠡ ᠬᠡᠪᠴᠢᠶᠡᠨ ᠤ ᠪᠦᠲᠦᠭᠡᠨ ᠪᠠᠶᠢᠭᠤᠯᠤᠯᠲᠠ ᠬᠢᠵᠦ᠂ 40 ᠵᠢᠯ ᠤᠨ ᠰᠢᠷᠭᠠᠭᠤ ᠬᠠᠲᠠᠭᠤᠵᠢᠯᠲᠠᠢ ᠲᠡᠮᠡᠴᠡᠯ ᠢ ᠥᠩᠭᠡᠷᠡᠭᠡᠵᠦ᠂ ᠨᠡᠯᠢᠶᠡᠳ ᠶᠡᠭᠡ ᠠᠮᠢ ᠠᠬᠤᠢ᠂ ᠠᠵᠤ ᠠᠬᠤᠢ᠂ ᠨᠡᠶᠢᠭᠡᠮ ᠤᠨ ᠦᠷ᠎ᠡ ᠠᠰᠢᠭ ᠣᠯᠵᠠᠢ᠃ ᠮᠠᠨ ᠤ ᠰᠢᠶᠠᠨ ᠤ ᠡᠭᠦᠷᠭᠡᠯᠡᠵᠦ ᠪᠠᠶᠢᠭ᠎ᠠ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠡᠭᠦᠷᠭᠡ ᠶᠢᠨ ᠬᠡᠮᠵᠢᠶ᠎ᠡ ᠶᠡᠭᠡ᠂ ᠶᠠᠰᠤ ᠴᠢᠨᠠᠷ ᠤᠨ ᠱᠠᠭᠠᠷᠳᠠᠯᠭ᠎ᠠ ᠥᠨᠳᠥᠷ᠂ ᠪᠡᠯᠡ ᠣᠷᠣᠭᠤᠯᠤᠯᠲᠠ ᠶᠢᠨ ᠡᠷᠴᠢᠮ ᠶᠡᠭᠡ᠂ ᠡᠯ᠎ᠡ ᠰᠠᠯᠠᠭ᠎ᠠ ᠮᠥᠴᠢᠷ᠂ ᠳᠠᠭᠠᠭᠠᠴᠢᠯᠠᠯᠲᠠ ᠣᠯᠤᠭᠰᠠᠨ ᠺᠣᠮᠫᠠᠨᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠵᠦᠢᠯ ᠤᠨ ᠳᠦᠷᠢᠮ᠂ ᠳᠦᠷᠢᠮ ᠲᠣᠭᠲᠠᠭᠠᠯ ᠵᠢᠴᠢ ᠪᠠᠷᠢᠮᠵᠢᠶ᠎ᠠ ᠶᠢ ᠴᠢᠩᠭ᠎ᠠ ᠵᠢᠷᠤᠮᠯᠠᠨ ᠠᠵᠢᠯ ᠢᠶᠠᠨ ᠥᠷᠨᠢᠭᠦᠯᠵᠦ᠂ ᠡᠯ᠎ᠡ ᠵᠦᠢᠯ ᠤᠨ ᠡᠭᠦᠷᠭᠡ ᠶᠢ ᠤᠷᠤᠭᠰᠢᠲᠠᠶ ᠠᠬᠢᠭᠤᠯᠬᠤ ᠶᠢᠨ ᠬᠠᠮᠲᠤ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠶ ᠵᠢᠭᠠᠵᠤ ᠭᠠᠷᠭᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠨᠢ ᠤᠳᠤ ᠦᠶ᠎ᠡ ᠳᠤ ᠭᠠᠪᠢᠶ᠎ᠠ ᠪᠠᠶᠢᠭᠤᠯᠵᠤ᠂ ᠥᠨᠢ ᠤᠳᠠᠭᠠᠨ ᠤ ᠠᠰᠢᠭ ᠲᠤᠰᠠ ᠨᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠲᠠᠢ ᠬᠤᠯᠪᠣᠭᠳᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠲᠠᠢ ᠬᠤᠯᠪᠣᠭᠳᠠᠵᠤ᠂ ᠤᠯᠤᠰ ᠲᠤ ᠠᠰᠢᠭᠲᠠᠢ ᠠᠷᠠᠳ ᠲᠤ ᠠᠰᠢᠭᠲᠠᠢ᠂ ᠦᠷ᠎ᠡ ᠬᠤᠶᠢᠴᠢᠰ ᠲᠠᠭᠠᠨ ᠪᠤᠶᠠᠨ ᠦᠢᠯᠡᠳᠬᠦ ᠠᠵᠢᠯ ᠪᠣᠯᠤᠨ᠎ᠠ᠃ ᠣᠶ ᠰᠢᠭᠤᠶ ᠡᠪᠡᠰᠦ ᠪᠡᠯᠴᠢᠭᠡᠷ ᠤᠨ ᠰᠢᠰᠲ᠋ᠧᠮ ᠤᠨ ᠡᠯ᠎ᠡ ᠰᠠᠯᠠᠭ᠎ᠠ ᠮᠥᠴᠢᠷ ᠤᠳ ᠪᠥᠬᠦ ᠲᠠᠯ᠎ᠠ ᠪᠠᠷ ᠳᠡᠭᠡᠳᠦ ᠳᠣᠤᠷᠠᠳᠤ ᠱᠠᠲᠤᠨ ᠤ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ︽ᠬᠡᠰᠡᠭ ᠢ ᠳᠠᠭᠠᠭᠠᠴᠢᠯᠠᠨ ᠴᠡᠭ ᠲᠤ ᠰᠠᠭᠤᠬᠤ︾ ᠠᠵᠢᠯ ᠤᠨ ᠲᠣᠭᠲᠠᠴᠠ ᠶᠢ ᠪᠠᠶᠢᠭᠤᠯᠵᠤ᠂ ᠳᠠᠭᠠᠭᠠᠴᠢᠯᠠᠨ ᠬᠤᠯᠪᠣᠭᠠᠯᠠᠬᠤ ᠨᠢᠭᠡᠴᠢ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠵᠢᠯᠣᠭᠤᠳᠬᠤ᠂ ᠬᠢᠨᠠᠯᠲᠠ ᠲᠠᠯᠪᠢᠬᠤ᠂ ᠲᠡᠭᠦᠨ ᠳᠤ ᠦᠢᠯᠡᠴᠢᠯᠡᠬᠦ ᠶᠢ ᠬᠠᠷᠢᠭᠤᠴᠠᠵᠤ᠂ ᠠᠵᠢᠯ ᠨᠢᠭᠡᠪᠦᠷᠢ᠂ ᠪᠠᠷᠢᠮᠵᠢᠶᠠᠲᠤ ᠬᠡᠰᠡᠭ ᠨᠢᠭᠡᠪᠦᠷᠢ᠂ ᠲᠠᠰ ᠳᠠᠷᠠᠭᠠᠯᠠᠯ ᠨᠢᠭᠡᠪᠦᠷᠢ ᠶᠢ ᠨᠠᠶᠢᠳᠠᠪᠤᠷᠢᠵᠢᠭᠤᠯᠬᠤ ᠶᠢ ᠪᠣᠳᠠᠲᠠᠶ ᠠᠬᠢᠭᠤᠯᠬᠤ ᠬᠡᠷᠡᠭᠲᠡᠶ᠃ ᠪᠠᠷᠢᠯᠭ᠎ᠠ ᠶᠢᠨ ᠲᠠᠯ᠎ᠠ᠂ ᠬᠢᠨᠠᠨ ᠬᠠᠮᠢᠶᠠᠷᠬᠤ ᠺᠣᠮᠫᠠᠨᠢ᠂ ᠬᠢᠨᠠᠨ ᠪᠣᠳᠣᠬᠤ ᠺᠣᠮᠫᠠᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ᠂ ᠡᠯ᠎ᠡ ᠵᠦᠢᠯ ᠤᠨ ᠡᠭᠦᠷᠭᠡ ᠬᠠᠷᠢᠭᠤᠴᠠᠯᠭ᠎ᠠ ᠪᠠᠨ ᠬᠠᠤᠯᠢ ᠲᠣᠭᠲᠠᠭᠠᠯ ᠶᠣᠰᠣᠭᠠᠷ ᠭᠦᠢᠴᠡᠳᠬᠡᠵᠦ᠂ ᠬᠤᠷᠢᠨᠭᠡᠷ ᠰᠢᠶᠠᠨ ᠤ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠴᠢᠨᠠᠷ ᠰᠠᠶᠢᠲᠠᠢ ᠠᠬᠢᠭᠤᠯᠵᠤ᠂ ᠥᠨᠳᠥᠷ ᠪᠠᠷᠢᠮᠵᠢᠶ᠎ᠠ ᠪᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃    ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号