ᠬᠤᠷᠢᠨᠭᠡᠷ ᠰᠢᠶᠠᠨ ᠠᠶᠤᠯᠭᠦᠶ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/7/8
     ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠰᠢᠶᠠᠨ ᠤ ᠵᠡᠮᠳᠡᠭᠴᠦᠳ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠠᠶᠤᠯᠭᠦᠶ ᠦᠢᠯᠡᠳᠪᠦᠷᠢᠯᠡᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠥᠨᠳᠥᠷ ᠬᠢᠷᠢ ᠲᠦᠪᠰᠢᠨ ᠪᠥᠬᠦᠶ ᠠᠶᠤᠯᠭᠦᠶ ᠦᠢᠯᠡᠳᠪᠦᠷᠢᠯᠡᠯ ᠢᠶᠠᠷ ᠵᠡᠮᠳᠡᠭᠴᠦᠳ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ︽ᠪᠥᠬᠦ ᠣᠷᠣᠨ ᠤ ᠵᠡᠮᠳᠡᠭᠴᠦᠳ ᠤᠨ ᠬᠤᠯᠪᠣᠭ᠎ᠠ ᠶᠢᠨ ᠰᠢᠰᠲ᠋ᠧᠮ ᠤᠨ ᠠᠶᠤᠯᠭᠦᠶ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭ᠎ᠠ ᠶᠢᠨ ᠠᠯᠪᠠᠨ ᠬᠡᠷ ᠤᠨ ᠮᠡᠳᠡᠭᠳᠡᠯ︾ ᠵᠢᠴᠢ ᠬᠥᠬᠡᠬᠤᠲᠠ ᠶᠢᠨ ᠵᠡᠮᠳᠡᠭᠴᠦᠳ ᠤᠨ  ᠬᠤᠯᠪᠣᠭ᠎ᠠ ᠶᠢᠨ ᠠᠵᠢᠯ ᠤᠨ ᠪᠣᠳᠠᠲᠠᠶ ᠱᠠᠭᠠᠷᠳᠠᠯᠭ᠎ᠠ ᠶᠢ ᠦᠨᠳᠦᠰᠦᠯᠡᠨ᠂ 2024 ᠣᠨ ᠤ 7 ᠳ᠋ᠤᠭᠠᠷ ᠰᠠᠷ᠎ᠠ ᠶᠢᠨ 4 ᠤ ᠡᠳᠦᠷ᠂ ᠬᠤᠷᠢᠨᠭᠡᠷ ᠰᠢᠶᠠᠨ ᠤ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠦᠯᠬᠦᠮ ᠳᠠᠭᠠᠭᠤᠯᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠲᠢᠶᠠᠨ ᠠᠶ ᠵᠡᠮᠳᠡᠭᠴᠦᠳ ᠢ ᠨᠠᠶᠢᠳᠠᠨ ᠠᠰᠠᠷᠠᠭᠤᠯᠬᠤ ᠦᠢᠯᠡᠴᠢᠯᠡᠭᠡᠨ ᠤ ᠲᠥᠪ ᠲᠤ ᠭᠦᠨᠵᠡᠭᠡᠶᠢᠷᠡᠨ ᠠᠶᠤᠯᠭᠦᠶ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠪᠡ᠃      ᠬᠤᠷᠢᠨᠭᠡᠷ ᠰᠢᠶᠠᠨ ᠤ ᠲᠢᠶᠠᠨ ᠠᠶ ᠵᠡᠮᠳᠡᠭᠴᠦᠳ ᠤᠨ ᠨᠠᠶᠢᠳᠠᠨ ᠠᠰᠠᠷᠠᠭᠤᠯᠬᠤ ᠦᠢᠯᠡᠴᠢᠯᠡᠭᠡᠨ ᠤ ᠲᠥᠪ 2024 ᠣᠨ ᠤ 5 ᠰᠠᠷ᠎ᠠ ᠠᠴᠠ ᠡᠬᠢᠯᠡᠨ ᠡᠵᠡᠩᠨᠡᠯᠲᠡ ᠪᠠᠨ ᠡᠬᠢᠯᠡᠭᠦᠯᠵᠦ᠂ ᠣᠲᠣ 2 ᠬᠦᠯᠡᠮᠵᠢ᠂ 26 ᠥᠷᠥᠭᠡ᠂ 72 ᠣᠷᠣ᠂ ᠪᠠᠶᠢᠷᠢ ᠶᠢᠨ ᠥᠷᠥᠭᠡ ᠳᠤ ᠰᠢᠷᠡᠭᠡ ᠰᠠᠨᠳᠠᠯᠢ᠂ ᠳᠤᠯᠠᠭᠠᠯᠠᠭ᠎ᠠ᠂ ᠲᠤᠰᠠᠭᠠᠷ ᠵᠣᠷᠯᠣᠩ ᠵᠡᠷᠭᠡ ᠰᠠᠭᠤᠷᠢ ᠦᠢᠯᠡᠴᠢᠯᠡᠭᠡᠨ ᠤ ᠲᠥᠬᠦᠭᠡᠷᠦᠮᠵᠢ ᠳᠣᠭᠢᠷᠠᠭᠤᠯᠵᠤ᠂ ᠣᠲᠣ ᠨᠡᠶᠢᠲᠡ 26 ᠨᠡᠷᠡᠰ 16-59 ᠪᠦᠬᠦᠯᠢ ᠨᠠᠰᠤᠨ ᠤ ᠣᠶᠤᠨ᠂ ᠣᠶᠤᠨ ᠰᠠᠨᠠᠭ᠎ᠠ ᠪᠠ ᠬᠦᠨᠳᠦ ᠨᠣᠴᠢᠲᠠᠶ ᠵᠡᠮᠳᠡᠭ ᠬᠥᠮᠦᠨ ᠲᠣᠰ ᠲᠥᠪ ᠲᠤ ᠨᠠᠶᠢᠳᠠᠨ ᠠᠰᠠᠷᠠᠭᠤᠯᠬᠤ ᠦᠢᠯᠡᠴᠢᠯᠡᠭᠡ ᠭᠥᠷᠳᠡᠪᠡ᠃      ᠪᠠᠶᠢᠴᠠᠭᠠᠬᠤ ᠳᠤᠭᠤᠶᠢᠯᠠᠩ ᠤᠨ ᠬᠢᠨ ᠲᠥᠪ ᠲᠤ ᠲᠠᠯᠪᠢᠵᠤ ᠪᠠᠶᠢᠭ᠎ᠠ ᠭᠠᠯ ᠤᠨᠲᠠᠷᠠᠭᠠᠬᠤ ᠲᠥᠬᠦᠭᠡᠷᠦᠮᠵᠢ ᠪᠣᠯᠤᠨ ᠪᠠᠭᠠᠵᠢ ᠬᠡᠷᠡᠭᠰᠡᠯ ᠤᠨ ᠴᠢᠨᠠᠷ ᠢ ᠪᠠᠲᠤᠯᠠᠬᠤ ᠬᠤᠭᠤᠴᠠᠭᠠᠨ ᠳᠤ ᠪᠠᠶᠢᠭ᠎ᠠ ᠡᠰᠡᠬᠦ᠂ ᠬᠡᠪ ᠤᠨ ᠶᠣᠰᠣᠭᠠᠷ ᠬᠡᠷᠡᠭᠯᠡᠵᠦ ᠳᠡᠶᠢᠯᠬᠦ ᠡᠰᠡᠬᠦ ᠵᠡᠷᠭᠡ ᠪᠠᠶᠢᠳᠠᠯ ᠢ ᠨᠠᠷᠢᠨ ᠪᠠᠶᠢᠴᠠᠭᠠᠭᠰᠠᠨ ᠪᠥᠭᠡᠳ ᠨᠠᠶᠢᠳᠠᠨ ᠠᠰᠠᠷᠠᠭᠴᠢ ᠶᠢᠨ ᠲᠥᠪᠯᠡᠷᠡᠭᠦᠯᠦᠨ ᠬᠤᠭᠤᠯᠠ ᠢᠳᠡᠬᠦ᠂ ᠵᠡᠮᠳᠡᠭᠴᠦᠳ ᠤᠨ ᠲᠤᠰᠠᠯᠠᠬᠤ ᠴᠢᠨᠠᠷᠲᠠᠢ ᠠᠵᠢᠯ ᠣᠯᠭᠤᠯᠲᠠ ᠶᠢᠨ ᠠᠵᠢᠯ ᠤᠨ ᠣᠷᠴᠢᠨ ᠲᠣᠭᠤᠷᠢᠨ ᠵᠢᠴᠢ ᠡᠳᠦᠷ ᠳᠤᠳᠤᠮ ᠤᠨ ᠠᠮᠢᠳᠤᠷᠠᠯ ᠤᠨ ᠭᠠᠯ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠦᠶᠡᠷ ᠢ ᠰᠡᠷᠭᠡᠶᠢᠯᠡᠬᠦ ᠵᠡᠷᠭᠡ ᠨᠠᠷᠢᠨ ᠪᠠᠶᠢᠳᠠᠯ ᠢ ᠠᠰᠠᠭᠤᠨ ᠵᠢᠯᠣᠭᠤᠳᠪᠠ᠃      ᠪᠠᠶᠢᠴᠠᠭᠠᠬᠤ ᠶᠠᠪᠤᠴᠠ ᠳᠤ᠂ ᠨᠠᠶᠢᠳᠠᠨ ᠠᠰᠠᠷᠠᠭᠤᠯᠬᠤ ᠪᠠᠶᠢᠭᠤᠯᠤᠮᠵᠢ ᠠᠴᠠ ᠡᠷᠬᠡᠪᠰᠢ ᠠᠶᠤᠯᠭᠦᠢ ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠠᠶᠢᠭᠤᠯᠤᠮᠵᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠪᠣᠯᠤᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠡᠯ᠎ᠡ ᠵᠦᠢᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠪᠣᠳᠠᠲᠠᠢ ᠨᠠᠷᠢᠯᠢᠭ ᠰᠠᠶᠢᠲᠤᠷ ᠬᠢᠵᠦ᠂ ᠡᠯ᠎ᠡ ᠲᠦᠷᠦᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠦᠨᠡᠨᠬᠦ ᠰᠡᠷᠭᠡᠶᠢᠯᠡᠨ ᠠᠷᠢᠯᠭᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠠᠵᠢᠯ ᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠮᠥᠷᠥᠨ ᠳᠡᠭᠡᠷ᠎ᠡ ᠪᠠᠨ ᠡᠭᠦᠷᠭᠡᠯᠡᠵᠦ᠂ ᠭᠠᠷ ᠲᠠᠭᠠᠨ ᠠᠳᠬᠤᠵᠤ᠂ ᠵᠡᠮᠳᠡᠭᠴᠦᠳ ᠤᠨ ᠠᠮᠢ ᠨᠠᠰᠤᠨ ᠤ ᠠᠮᠤᠷ ᠲᠦᠪᠰᠢᠨ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠠᠮᠤᠷ ᠲᠦᠪᠰᠢᠨ ᠡᠮᠬᠢ ᠵᠢᠷᠤᠮ ᠲᠠᠢ ᠪᠠᠷ ᠵᠡᠮᠳᠡᠭᠴᠦᠳ ᠤᠨ ᠦᠢᠯᠡᠴᠢᠯᠡᠭᠡᠨ ᠤ ᠠᠵᠢᠯ ᠢ ᠰᠠᠶᠢᠲᠤᠷ ᠥᠷᠨᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃      ᠳᠠᠷᠠᠭᠠᠴᠢ ᠶᠢᠨ ᠠᠯᠬᠤᠮ ᠳᠤ᠂ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ᠂ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠴᠠ ᠵᠢᠴᠢ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠲᠥᠰᠥᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠬᠠᠮᠲᠤ ᠬᠠᠷᠢᠭᠤᠴᠠᠯᠭ᠎ᠠ ᠶᠢ ᠬᠥᠮᠥᠨ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ ᠬᠡᠷᠡᠭᠲᠡᠢ︔ ᠪᠠᠶᠢᠭᠤᠯᠤᠮᠵᠢ ᠶᠢᠨ ᠳᠣᠲᠣᠷᠠᠬᠢ ᠭᠠᠯ ᠤᠨᠲᠠᠷᠠᠭᠠᠬᠤ ᠪᠡᠯᠡᠳᠬᠡᠮᠵᠢ ᠲᠥᠬᠦᠭᠡᠷᠦᠮᠵᠢ ᠶᠢ ᠲᠡᠭᠦᠯᠳᠡᠷᠵᠢᠭᠦᠯᠦᠨ ᠰᠢᠯᠢᠳᠡᠭᠵᠢᠭᠦᠯᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠲᠦᠭᠰᠢᠭᠦᠷᠢ ᠶᠢᠨ ᠳᠠᠯᠳᠠ ᠭᠡᠮ ᠢ ᠳᠠᠷᠦ᠋ᠢᠬᠠᠨ ᠬᠡᠷᠡᠭᠵᠢᠭᠦᠯᠵᠦ ᠳᠠᠷᠦ᠋ᠢᠬᠠᠨ ᠥᠭᠡᠷᠡᠴᠢᠯᠡᠵᠦ᠂ ᠵᠡᠮᠳᠡᠭᠴᠦᠳ ᠵᠢᠴᠢ ᠠᠵᠢᠯᠲᠠᠨ ᠨᠢᠭᠡᠪᠦᠷᠢ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃    ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号