ᠪᠦᠬᠦ ᠬᠤᠳᠠ ᠶᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠤᠷᠢᠨᠭᠡᠷ ᠰᠢᠶᠠᠨ᠂ ᠴᠢᠩ ᠱᠦᠢ ᠾᠧ ᠰᠢᠶᠠᠨ ᠤ ᠲᠤᠬᠠᠢ ᠶᠢᠨ ᠲᠠᠯᠠᠪᠠᠢ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/1
     8 ᠰᠠᠷ᠎ᠠ ᠶᠢᠨ 7 ᠤ ᠡᠳᠦᠷ᠂ ᠪᠦᠬᠦ ᠬᠤᠳᠠ ᠪᠠᠷ ᠢᠶᠠᠨ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠤᠷᠢᠨᠭᠡᠷ ᠰᠢᠶᠠᠨ᠂ ᠴᠢᠩ ᠱᠦᠢ ᠡᡁᠧ ᠰᠢᠶᠠᠨ ᠤ ᠲᠤᠬᠠᠢ ᠶᠢᠨ ᠲᠠᠯᠠᠪᠠᠢ ᠶᠢᠨ ᠬᠤᠷᠠᠯ ᠬᠤᠷᠠᠯᠳᠤᠵᠤ᠂ ᠪᠦᠬᠦ ᠬᠤᠳᠠ ᠶᠢᠨ ᠥᠷᠭᠡᠨ ᠤᠯᠠᠨ ᠺᠠᠳ᠋ᠷᠴᠤᠳ ᠤᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠠᠬᠢᠭᠤᠯᠵᠤ᠂ ᠰᠤᠷᠤᠯᠴᠠᠬᠤ ᠶᠢ ᠠᠳᠠᠯᠢᠳᠬᠠᠨ ᠳᠠᠪᠠᠵᠤ ᠭᠠᠷᠬᠤ ᠶᠢ ᠠᠳᠬᠤᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ ᠵᠣᠷᠢᠭᠵᠢᠭᠤᠯᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠦᠨᠡᠯᠡᠯᠲᠡ ᠬᠢᠵᠦ᠂ ᠬᠤᠯᠪᠣᠭᠳᠠᠯ ᠪᠦᠬᠦᠢ ᠬᠤᠲᠠ ᠶᠢᠨ ᠤᠳᠤᠷᠢᠳᠤᠯᠭ᠎ᠠ ᠵᠢᠴᠢ ᠡᠯ᠎ᠡ ᠬᠤᠰᠢᠭᠤ ᠰᠢᠶᠠᠨ ᠲᠣᠭᠤᠷᠢᠭ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠣᠷᠣᠯᠴᠠᠵᠠᠢ᠃      ᠨᠢᠭᠡ ᠡᠳᠦᠷ ᠤᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠳ ᠮᠧᠩ ᠨᠢᠦ ᠶᠢᠨ ᠠᠷᠪᠠᠳᠤᠭᠠᠷ ᠬᠤᠭᠤᠴᠠᠭᠠᠨ ᠤ ᠲᠧ ᠺᠠᠩ ᠷᠦᠢ ᠳᠡᠭᠡᠳᠦ ᠲᠠᠰ ᠤᠨ ᠴᠠᠭᠠᠨ ᠢᠳᠡᠭᠡᠨ ᠤ ᠲᠥᠷᠥᠯ ᠵᠦᠢᠯ᠂ ᠮᠧᠩ ᠨᠢᠦ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠵᠧᠩ ᠶᠤᠸᠠᠨ 4 ᠲᠦᠮᠡᠨ ᠲᠣᠯᠣᠭᠠᠶ ᠠᠮᠢ ᠠᠬᠤᠶ ᠶᠢᠨ ᠮᠠᠯᠵᠢᠯ ᠤᠨ ᠲᠠᠯᠠᠪᠠᠶ᠂ ᠵᠥᠩ ᠯᠢᠶᠠᠩ ᠲᠡᠵᠢᠭᠡᠯ ᠪᠣᠷᠳᠣᠭᠠᠨ ᠤ ᠵᠢᠯ ᠳᠤ 36 ᠲᠦᠮᠡᠨ ᠲᠣᠨ ᠬᠡᠪᠢᠬᠦ ᠲᠡᠵᠢᠭᠡᠯ ᠪᠣᠷᠳᠣᠭᠠᠨ ᠤ ᠲᠥᠷᠥᠯ ᠵᠦᠢᠯ᠂ ᠲᠢᠶᠠᠨ ᠬᠤᠤ ᠰᠢᠯ ᠰᠢᠷᠬᠡᠭ ᠤᠨ ᠳᠡᠭᠡᠳᠦ ᠳᠣᠤᠷᠠᠳᠤ ᠤᠷᠤᠰᠬᠠᠯ ᠤᠨ ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ᠂ ᠴᠠᠩ ᠱᠸᠦ ᠡᠮ ᠤᠨ ᠦᠢᠯᠡᠰ ᠤᠨ ᠠᠵᠤ ᠦᠢᠯᠡᠰ ᠤᠨ ᠬᠦᠷᠢᠶᠡᠯᠡᠩ᠂ ᠰᠢᠤᠢ ᠶᠠᠩ ᠨᠡᠭᠦᠷᠡᠰᠦᠨ ᠰᠠᠭᠤᠷᠢ ᠶᠢᠨ ᠰᠢᠨ᠎ᠡ ᠮᠠᠲ᠋ᠧᠷᠢᠶᠠᠯ ᠤᠨ ᠪᠥᠬᠦ ᠠᠵᠤ ᠦᠢᠯᠡᠰ ᠤᠨ ᠬᠡᠯᠬᠢᠶ᠎ᠡ ᠶᠢ ᠨᠢᠭᠡ ᠴᠤᠭᠴᠠᠵᠢᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠲᠥᠷᠥᠯ ᠵᠦᠢᠯ ᠵᠢᠴᠢ ᠾᠦᠩ ᠾᠧ ᠲᠠᠨ ᠣᠲᠣ ᠦᠶ᠎ᠡ ᠶᠢᠨ ᠲᠦᠬᠦᠭᠡᠷᠦᠮᠵᠢᠲᠦ ᠲᠠᠷᠢᠶᠠᠯᠠᠩ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠵᠡᠷᠭᠡ ᠲᠥᠷᠥᠯ ᠵᠦᠢᠯ ᠢ ᠲᠣᠭᠤᠷᠢᠨ ᠦᠵᠡᠪᠡ᠃ ᠲᠤᠬᠠᠢ ᠶᠢᠨ ᠲᠠᠯᠠᠪᠠᠢ ᠳᠤ ᠲᠣᠭᠤᠷᠢᠨ ᠦᠵᠡᠬᠦ ᠪᠠᠷ ᠲᠠᠮᠵᠢᠨ᠂ ᠤᠯᠠᠨ ᠢᠶᠠᠷ ᠢᠶᠠᠨ ᠬᠤᠷᠢᠨᠭᠡᠷ ᠰᠢᠶᠠᠨ ᠪᠣᠯᠤᠨ ᠴᠢᠩ ᠱᠦᠢ ᠡᡁᠧ ᠰᠢᠶᠠᠨ ᠤ ᠠᠵᠤ ᠦᠢᠯᠡᠰ ᠤᠨ ᠲᠡᠰ ᠳᠡᠪᠰᠢᠬᠦ ᠶᠢ ᠦᠷᠭᠦᠯᠵᠢᠯᠡᠨ ᠠᠬᠢᠭᠤᠯᠬᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠶᠡᠬᠡᠪᠡᠷ ᠠᠳᠬᠤᠬᠤ ᠭᠠᠯ ᠬᠠᠯᠠᠭᠤᠨ ᠠᠭᠤᠷ ᠠᠮᠢᠰᠬᠤᠯ ᠢ ᠣᠶᠢᠯᠠᠭᠠᠵᠤ᠂ ᠬᠤᠶᠠᠷ ᠭᠠᠵᠠᠷ ᠤᠨ ᠲᠤᠰ ᠪᠡᠶ᠎ᠡ ᠶᠢᠨ ᠳᠠᠪᠠᠭᠤᠯᠢᠭ ᠲᠠᠭᠠᠨ ᠰᠠᠭᠤᠷᠢᠯᠠᠨ ︽ᠨᠢᠭᠡ ᠰᠠᠭᠤᠷᠢ ᠡᠪᠡᠰᠦ ᠠᠴᠠ ᠨᠢᠭᠡ ᠴᠣᠮᠣ ᠰᠦ ᠬᠦᠷᠲᠡᠯᠡᠬᠢ᠂ ᠲᠠᠬᠢᠨ ᠨᠢᠭᠡ ᠬᠡᠰᠡᠭ ᠪᠢᠰᠢᠯᠠᠭ ᠬᠦᠷᠲᠡᠯᠡᠬᠢ︾ ᠪᠦᠬᠦ ᠠᠵᠤ ᠦᠢᠯᠡᠰ ᠤᠨ ᠬᠡᠯᠬᠢᠶ᠎ᠡ ᠶᠢᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠬᠤ ᠪᠠ ︽ᠨᠡᠭᠦᠷᠡᠰᠦ᠂ ᠬᠡᠢ᠂ ᠲᠣᠰᠣ᠂ ᠬᠡᠢ᠂ ᠬᠢᠮᠢ︾ ᠶᠢᠨ ᠤᠳᠤ ᠦᠶ᠎ᠡ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠦᠭᠡᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠳᠬᠠᠬᠤ ᠳᠤ ᠣᠷᠭᠢᠯᠤᠭᠰᠠᠨ ᠠᠮᠢᠵᠢᠷᠠᠯ ᠤᠨ ᠬᠦᠴᠦᠨ ᠢ ᠭᠦᠢᠴᠡᠳ ᠢᠯᠡᠷᠡᠭᠦᠯᠵᠦ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠰᠠᠶᠢᠨ ᠰᠠᠶᠢᠬᠠᠨ ᠵᠢᠷᠤᠭ ᠲᠥᠯᠥᠪᠯᠡᠭᠡ ᠶᠢ ᠭᠦᠢᠴᠡᠳ ᠢᠯᠡᠷᠡᠭᠦᠯᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠨᠢ ᠰᠠᠭᠤᠷᠢ᠂ ᠠᠵᠤ ᠦᠢᠯᠡᠰ ᠪᠣᠯ ᠵᠠᠩᠭᠢᠯᠠᠭ᠎ᠠ᠂ ᠲᠦᠷᠦᠯ ᠵᠦᠢᠯ ᠪᠣᠯ ᠦᠨᠳᠦᠰᠦ ᠪᠣᠯᠤᠨ᠎ᠠ᠃ ᠬᠤᠷᠢᠨᠭᠡᠷ ᠰᠢᠶᠠᠨ᠂ ᠴᠢᠩ ᠱᠦᠢ ᠾᠧ ᠰᠢᠶᠠᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠢᠮᠠᠭᠲᠠ ᠲᠡᠷᠢᠭᠦᠨ ᠳᠤ ᠲᠠᠯᠪᠢᠵᠤ᠂ ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ ᠬᠥᠭᠵᠢᠯᠲᠡ ᠶᠢ ᠪᠠᠷᠢᠮᠲᠠᠯᠠᠵᠤ᠂ ᠣᠷᠣᠨ ᠤ ᠲᠥᠪ ᠤᠨ ᠡᠮᠦᠨ᠎ᠡ ᠬᠡᠰᠡᠭ ᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ ᠃ ᠪᠠᠶᠢᠷᠢᠰᠢᠯ ᠢ ᠨᠡᠭᠡᠭᠡᠵᠦ᠂ ᠬᠠᠷᠠᠭ᠎ᠠ ᠪᠠᠨ ᠥᠷᠭᠡᠳᠬᠡᠵᠦ᠂ ᠲᠤᠰ ᠪᠡᠶ᠎ᠡ ᠶᠢᠨ ᠪᠠᠶᠢᠷᠢ ᠲᠣᠭᠲᠠᠭᠠᠯᠲᠠ ᠪᠠ ᠡᠬᠢ ᠪᠠᠶᠠᠯᠢᠭ ᠤᠨ ᠳᠠᠪᠠᠭᠤᠯᠢᠭ ᠲᠠᠢ ᠪᠠᠨ ᠤᠶᠠᠯᠳᠤᠭᠤᠯᠤᠨ ᠬᠥᠭᠵᠢᠯᠲᠡ ᠶᠢᠨ ᠰᠡᠳᠬᠢᠴᠡ ᠪᠠᠨ ᠰᠦᠪᠡᠭᠴᠢᠯᠡᠵᠦ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠲᠠᠰᠤᠷᠠᠯᠳᠠ ᠦᠭᠡᠢ ᠪᠤᠶᠢᠵᠢᠭᠤᠯᠬᠤ ᠬᠡᠷᠡᠭᠲᠡᠢ᠃ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠯᠲᠡ ᠶᠢᠨ ᠬᠥᠭᠵᠢᠯᠲᠡ ᠶᠢ ᠠᠬᠢᠭᠤᠯᠵᠤ᠂ ᠦᠢᠯᠡᠳᠪᠦᠷᠢᠯᠡᠯ ᠤᠨ ᠪᠠᠷᠢᠮᠵᠢᠶᠠᠵᠢᠯᠲᠠ᠂ ᠡᠵᠡᠩᠨᠡᠯᠲᠡ ᠶᠢᠨ ᠬᠡᠪᠴᠢᠶᠡᠵᠢᠯᠲᠡ᠂ ᠬᠠᠮᠢᠶᠠᠷᠤᠯᠲᠠ ᠶᠢᠨ ᠣᠳᠣᠬᠢᠴᠢᠯᠠᠯᠲᠠ ᠶᠢ ᠲᠦᠷᠭᠡᠳᠬᠡᠨ ᠪᠡᠶᠡᠯᠡᠭᠦᠯᠬᠦ ᠬᠡᠷᠡᠭᠲᠡᠶ᠃ ᠠᠵᠤ ᠦᠢᠯᠡᠳᠪᠦᠷᠢ ᠶᠢ ᠡᠷᠡᠰ ᠭᠤᠶᠢᠪᠢᠰᠢ ᠦᠭᠡᠢ ᠬᠦᠴᠦᠷᠬᠡᠭᠵᠢᠭᠦᠯᠵᠦ᠂ ᠬᠤᠷᠢᠨᠭᠡᠷ ᠰᠢᠶᠠᠨ ᠤ ᠬᠢᠨ ᠬᠤᠷᠢᠨᠭᠡᠷ ᠰᠢᠨ᠎ᠡ ᠲᠣᠭᠤᠷᠢᠭ ᠯᠤᠭ᠎ᠠ ᠶᠢᠨ ᠬᠠᠮᠵᠢᠯᠴᠠᠨ ᠬᠥᠭᠵᠢᠬᠦ ᠶᠢ ᠴᠢᠩᠭᠠᠳᠬᠠᠵᠤ᠂ ᠮᠧᠩ ᠨᠢᠦ ᠵᠡᠷᠭᠡ ᠲᠣᠯᠣᠭᠠᠶᠢᠯᠠᠭᠴᠢ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠪᠣᠬᠢᠷᠳᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠡᠳ᠋ᠰᠢᠭᠦᠯᠬᠦ ᠠᠵᠤ ᠦᠢᠯᠡᠰ ᠤᠨ ᠪᠥᠭᠡᠮᠨᠡᠷᠡᠯ ᠢ ᠦᠷᠭᠦᠯᠵᠢᠯᠡᠨ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ︔ ᠴᠢᠩ ᠱᠦᠢ ᠾᠧ ᠰᠢᠶᠠᠨ ᠤ ᠬᠢᠨ ᠨᠡᠭᠦᠷᠡᠰᠦ ᠪᠠᠷ ᠰᠠᠭᠤᠷᠢ ᠪᠣᠯᠭᠠᠭᠰᠠᠨ ᠰᠢᠨ᠎ᠡ ᠮᠠᠲ᠋ᠧᠷᠢᠶᠠᠯ᠂ ᠠᠷᠧᠨ᠂ ᠤᠰᠤᠲᠥ᠋ᠷᠥᠭᠴᠢ ᠶᠢᠨ ᠡᠨᠧᠷᠭᠢ ᠵᠡᠷᠭᠡ ᠤᠳᠤ ᠦᠶ᠎ᠡ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ︽ᠬᠡᠯᠬᠢᠶ᠎ᠡ ᠶᠢ ᠲᠥᠪᠯᠡᠷᠡᠭᠦᠯᠵᠦ ᠪᠦᠯᠦᠭᠯᠡᠵᠦ᠂ ᠪᠦᠯᠦᠭᠯᠡᠨ ᠬᠤᠯᠪᠣᠯᠳᠤᠭᠤᠯᠬᠤ︾ ᠶᠢ ᠠᠬᠢᠭᠤᠯᠵᠤ᠂ ︽ᠰᠠᠯᠬᠢ ᠭᠡᠷᠡᠯ ᠤᠰᠤ ᠤᠰᠤᠲᠥ᠋ᠷᠥᠭᠴᠢ ᠶᠢ ᠨᠥᠭᠡᠴᠡᠯᠡᠬᠦ︾ ᠶᠢ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠴᠢᠩᠭᠠᠳᠬᠠᠵᠤ᠂ ᠬᠠᠳᠤᠨ ᠭᠤᠣᠯ᠂ ᠤᠷᠳᠤ ᠴᠠᠭᠠᠨ ᠬᠡᠷᠡᠮ ᠵᠡᠷᠭᠡ ᠪᠠᠶᠢᠭᠠᠯᠢ ᠶᠢᠨ ᠦᠵᠡᠮᠵᠢ ᠵᠢᠴᠢ ᠰᠡᠯᠡᠭᠦᠴᠡᠨ ᠲᠡᠭᠦᠬᠦ᠂ ᠨᠦᠬᠡᠨ ᠭᠡᠷ ᠵᠡᠷᠭᠡ ᠤᠨᠴᠠᠯᠢᠬᠳᠤ ᠪᠡᠶᠡᠴᠢᠯᠡᠨ ᠣᠶᠢᠯᠠᠭᠠᠬᠤ ᠵᠢᠷᠤᠭ ᠲᠥᠯᠥᠪᠯᠡᠭᠡ ᠶᠢᠨ ᠰᠣᠳᠣᠨ ᠵᠢᠭᠤᠯᠴᠢᠯᠠᠯ ᠤᠨ ᠵᠠᠮ ᠤᠨ ᠲᠣᠭᠤᠷᠢᠨ ᠳᠤ᠂ ᠲᠠᠷᠢᠶᠠᠯᠠᠩ ᠰᠣᠶᠣᠯ ᠵᠤᠭᠠᠴᠠᠯ ᠤᠨ ᠠᠭᠤᠰᠤᠯᠴᠠᠨ ᠬᠥᠭᠵᠢᠬᠦ ᠶᠢ ᠭᠦᠨᠵᠡᠭᠡᠶᠢᠷᠡᠭᠦᠯᠬᠦ ᠬᠡᠷᠡᠭᠲᠡᠢ ᠭᠡᠪᠡ᠃      ᠬᠤᠷᠠᠯ ᠠᠴᠠ᠂ ᠲᠦᠭ ᠲᠦᠮᠡᠨ ᠲᠥᠷᠥᠯ ᠵᠦᠢᠯ ᠢ ᠨᠠᠶᠢᠳᠠᠪᠤᠷᠢᠵᠢᠭᠤᠯᠵᠤ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠪᠣᠯ ᠵᠠᠩᠭᠢᠯᠠᠭ᠎ᠠ ᠪᠣᠯᠤᠨ᠎ᠠ᠃ ᠡᠯ᠎ᠡ ᠬᠤᠰᠢᠭᠤ ᠰᠢᠶᠠᠨ ᠲᠣᠭᠤᠷᠢᠭ ︽ᠲᠥᠷᠥᠯ ᠵᠦᠢᠯ ᠢᠶᠠᠷ ᠭᠤᠤᠯ ᠪᠣᠯᠭᠠᠬᠤ︾ ᠣᠨᠣᠯᠵᠢᠬᠤᠨ ᠢ ᠪᠣᠶ ᠪᠣᠯᠭᠠᠵᠤ᠂ ᠠᠷᠭ᠎ᠠ ᠪᠦᠬᠦᠨ ᠢ ᠰᠦᠪᠡᠭᠴᠢᠯᠡᠨ ᠲᠥᠷᠥᠯ ᠵᠦᠢᠯ ᠢ ᠰᠦᠪᠡᠭᠴᠢᠯᠡᠵᠦ᠂ ᠬᠤᠳᠠᠯᠳᠤᠭᠠᠴᠢᠨ ᠤᠷᠢᠬᠤ ᠶᠢ ᠠᠳᠬᠤᠨ᠂ ᠨᠠᠶᠢᠳᠠᠪᠤᠷᠢᠵᠢᠭᠤᠯᠤᠯᠲᠠ ᠶᠢ ᠠᠩᠬᠠᠷᠴᠤ᠂ ᠭᠠᠵᠠᠷ ᠣᠷᠣᠨ ᠤ ᠦᠷᠭᠦᠯᠵᠢᠯᠡᠬᠦ ᠬᠥᠭᠵᠢᠯᠲᠡ ᠳᠤ ᠲᠠᠰᠤᠷᠠᠯᠲᠠ ᠥᠬᠡᠶ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠶ᠃ ᠬᠠᠷᠠᠯᠲᠠ ᠪᠠᠨ ᠲᠣᠳᠣᠷᠬᠠᠶᠢᠯᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠲᠡᠷᠢᠭᠦᠨ ᠳᠤ ᠣᠷᠣᠬᠤ ᠪᠠᠷ ᠲᠡᠮᠡᠴᠡᠬᠦ ᠠᠤᠭ᠎ᠠ ᠵᠣᠷᠢᠭ ᠭᠠᠷᠭᠠᠵᠤ᠂ ᠲᠡᠮᠡᠴᠡᠯ ᠤᠨ ᠤᠬᠠᠮᠰᠠᠷ᠂ ᠪᠤᠯᠢᠶᠠᠯᠳᠤᠬᠤ ᠪᠠᠶᠢᠳᠠᠯ᠂ ᠪᠣᠳᠠᠲᠠᠶ ᠰᠤᠷᠲᠠᠯ ᠢᠶᠠᠨ ᠴᠢᠩᠭᠠᠳᠬᠠᠵᠤ᠂ ᠡᠯ᠎ᠡ ᠵᠦᠢᠯ ᠤᠨ ᠠᠵᠢᠯ ᠤᠨ ᠲᠦᠷᠭᠡᠨ᠂ ᠪᠣᠳᠠᠲᠤ ᠦᠷ᠎ᠡ ᠪᠦᠲᠦᠮᠵᠢ ᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠪᠥᠬᠦ ᠬᠤᠲᠠ ᠶᠢᠨ ᠴᠢᠨᠠᠷ ᠰᠠᠶᠢᠲᠠᠶ ᠬᠥᠭᠵᠢᠯᠲᠡ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃  ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ  
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号