ᠰᠢᠷ᠎ᠠ ᠲᠠᠩᠭᠢᠰ ᠤᠨ ᠬᠥᠪᠡᠭᠡᠨ᠎ᠡ᠂ ᠱᠠᠨᠳᠦ᠋ᠩ ᠤᠨ ᠿᠢ ᠵᠤᠤ ᠳᠤ᠂ ᠪᠠᠷᠤᠭ 28 ᠺᠢᠯᠤᠮᠧᠲᠷ ᠤᠷᠲᠤ ᠳᠠᠯᠠᠢ ᠶᠢᠨ | ᠡᠷᠭᠢ ᠶᠢᠨ ᠨᠣᠭᠤᠭᠠᠨ ᠵᠠᠮ ᠡᠮᠦᠨ᠎ᠡ ᠤᠮᠠᠷ᠎ᠠ ᠶᠢ ᠰᠤᠨᠳᠠᠯᠠᠨ᠎ᠠ᠃ ︽ᠠᠮᠢ ᠠᠬᠤᠶ ᠣᠷᠴᠢᠨ ᠲᠣᠭᠤᠷᠢᠨ ᠢ ᠰᠠᠶᠢᠨ | ᠪᠠᠶᠢᠯᠭᠠᠬᠤ ᠠᠷᠠᠳ ᠣᠯᠠᠨ ᠳᠤ ᠵᠢᠩᠬᠢᠨᠢ ᠵᠣᠯ ᠵᠢᠷᠭᠠᠯ ᠢ ᠨᠡᠮᠡᠭᠳᠡᠭᠦᠯᠦᠭᠰᠡᠨ ᠳᠤ ᠲᠣᠭᠠᠴᠠᠨ᠎ᠠ᠃ ᠰᠠᠶᠢᠨ ᠰᠠᠶᠢᠬᠠᠨ ᠭᠡᠷ | ᠣᠷᠣᠨ ᠢᠶᠠᠨ ᠪᠦᠲᠦᠭᠡᠨ ᠪᠠᠶᠢᠭᠤᠯᠵᠤ ᠬᠠᠮᠠᠭᠠᠯᠠᠬᠤ ᠳᠤ ᠬᠠᠮᠲᠤ ᠪᠠᠷ ᠣᠷᠣᠯᠴᠠᠵᠠᠭᠠᠶ᠎ᠠ᠃︾ ᠡᠨᠡ ᠵᠢᠯ ᠤᠨ 5 ᠳ᠋ᠤᠭᠠᠷ | ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠠᠳᠡ ᠰᠢᠨᠵᠢᠯᠡᠨ ᠪᠠᠶᠢᠴᠠᠭᠠᠬᠤ ᠳᠤ ᠪᠠᠨ ᠢᠩᠭᠢᠵᠦ ᠴᠢᠬᠤᠯᠠᠴᠢᠯᠠᠪᠠ᠃ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯᠳᠤᠭᠠᠨ ᠤ ︽ | ᠲᠣᠭᠲᠠᠭᠠᠯ︾ ᠳᠤ᠄ ︽ᠡᠷᠬᠡᠪᠰᠢ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ | ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ ᠶᠢ ᠠᠵᠤ | ᠠᠬᠤᠢ ᠶᠢ ᠨᠡᠮᠡᠭᠳᠡᠭᠦᠯᠬᠦ ᠯᠦᠭᠡ ᠬᠠᠮᠵᠢᠯᠴᠠᠨ ᠠᠬᠢᠭᠤᠯᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠢᠳᠡᠪᠬᠢᠲᠡᠢ | ᠠᠷᠭᠠᠴᠠᠭᠠᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠲᠠ ᠮᠥᠩᠭᠦᠨ ᠠᠭᠤᠯᠠ ᠤᠰᠤ ᠮᠥᠨ ᠭᠡᠬᠦ | ᠣᠨᠣᠯᠵᠢᠬᠤᠨ ᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠬᠤ ᠶᠢ ᠲᠦᠷᠭᠡᠳᠬᠡᠬᠦ ᠬᠡᠷᠡᠭᠲᠡᠢ︾ | ᠭᠡᠵᠦ ᠳᠤᠷᠠᠳᠴᠠᠢ᠃ | ᠡᠨᠡ ᠪᠣᠯ ᠬᠥᠬᠡᠮᠳᠦᠭ ᠨᠣᠭᠤᠭᠠᠨ ᠠᠭᠤᠯᠠ ᠤᠰᠤᠨ ᠤ ᠪᠠᠶᠢᠭᠠᠯᠢ ᠠᠬᠤᠢ ᠳᠤ ᠪᠢᠴᠢᠭᠳᠡᠭᠰᠡᠨ ᠦᠵᠡᠰᠬᠦᠯᠡᠩᠲᠦ | ᠰᠠᠶᠢᠬᠠᠨ ᠬᠠᠷᠢᠭᠤᠯᠲᠠ — | ︽ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠬᠥᠭᠵᠢᠯᠲᠡ ᠳᠤ ᠬᠤᠯᠪᠣᠭᠳᠠᠭᠰᠠᠨ ᠦᠨᠳᠦᠰᠦᠨ ᠶᠡᠭᠡ | ᠪᠤᠳᠤᠯᠭ᠎ᠠ ᠪᠣᠯᠭᠠᠵᠤ᠂ ᠠᠯᠢ ᠤᠯᠠᠨ ᠡᠭᠦᠳᠦᠯᠲᠡ ᠶᠢᠨ ᠴᠢᠨᠠᠷᠲᠠᠢ ᠠᠵᠢᠯ ᠢ ᠥᠷᠨᠢᠭᠦᠯᠵᠦ᠂ ᠵᠣᠷᠢᠭ᠂ ᠡᠷᠴᠢᠮ ᠪᠠ | ᠪᠦᠲᠦᠮᠵᠢ ᠶᠢᠨ ᠭᠤᠷᠮᠤᠰᠤᠨ ᠲᠠᠯ᠎ᠠ ᠪᠠᠷ ᠤᠷᠢᠳ ᠡᠮᠦᠨ᠎ᠡ ᠭᠠᠷᠤᠭ᠎ᠠ ᠦᠭᠡᠢ ᠶᠡᠭᠡ ᠲᠦᠪᠰᠢᠨ ᠳᠤ ᠬᠦᠷᠭᠡᠵᠦ᠂ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠤᠨᠤᠯ ᠪᠠ ᠦᠢᠯᠡᠳᠦᠯᠭᠡ ᠨᠢ ᠴᠥᠮ ᠲᠡᠦᠬᠡᠲᠦ ᠴᠢᠨᠠᠷᠲᠠᠢ᠂ ᠡᠷᠭᠢᠯᠲᠡ ᠶᠢᠨ | ᠴᠢᠨᠠᠷᠲᠠᠢ᠂ ᠪᠦᠬᠦ ᠲᠠᠯ᠎ᠠ ᠶᠢᠨ ᠴᠢᠨᠠᠷᠲᠠᠢ ᠬᠤᠪᠢᠷᠠᠯᠲᠠ ᠭᠠᠷᠴᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ | ᠪᠦᠳᠦᠭᠡᠨ ᠪᠠᠶᠢᠭᠤᠯᠤᠯᠲᠠ ᠴᠢᠬᠤᠯᠠ ᠶᠡᠭᠡ ᠠᠯᠬᠤᠮ ᠢ ᠠᠯᠬᠤᠪᠠ᠃︾ ︽ᠰᠢᠷᠭᠠᠭᠤ ᠴᠢᠷᠮᠠᠶᠢᠯᠭ᠎ᠠ ᠪᠠᠷ ᠳᠠᠮᠵᠢᠭᠠᠳ᠂ | ᠮᠠᠨ ᠤ ᠤᠯᠤᠰ ᠤᠨ ᠲᠩᠷᠢ ᠨᠢ ᠨᠡᠩ ᠴᠡᠯᠮᠡᠭ᠂ ᠭᠠᠵᠠᠷ ᠨᠢ ᠨᠡᠩ ᠨᠣᠭᠤᠭᠠᠨ᠂ ᠤᠰᠤ ᠨᠢ ᠨᠡᠩ ᠲᠤᠩᠭᠠᠯᠠᠭ ᠪᠣᠯᠵᠤ᠂ | ᠲᠦᠮᠡᠨ ᠭᠠᠵᠠᠷ ᠢ ᠰᠤᠨᠳᠠᠯᠠᠭᠰᠠᠨ ᠠᠭᠤᠯᠠ ᠭᠤᠣᠯ ᠨᠢ ᠨᠡᠩ ᠭᠤᠶᠣ ᠪᠣᠯᠵᠠᠢ᠃︾ | ᠡᠨᠡ ᠪᠣᠯ ᠢᠷᠡᠭᠡᠳᠦᠢ ᠳᠤ ᠬᠠᠨᠳᠤᠭᠤᠯᠤᠭᠰᠠᠨ ᠲᠥᠪ ᠴᠢᠩᠭ᠎ᠠ ᠲᠤᠩᠬᠠᠭ — | ︽ᠠᠮᠢ ᠠᠬᠤᠢ ᠶᠢᠨ ᠰᠢᠰᠲ᠋ᠧᠮ ᠤᠨ ᠤᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ᠋ᠢᠴᠡ | ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠠᠮᠢ | ᠠᠬᠤᠢ ᠶᠢ ᠬᠠᠮᠠᠭᠠᠯᠠᠨ ᠥᠨᠵᠢᠭᠦᠯᠦᠨ ᠰᠡᠷᠭᠦᠭᠡᠬᠦ ᠶᠢᠨ ᠬᠢᠨᠠᠯᠲᠠ ᠬᠠᠮᠢᠶᠠᠷᠤᠯᠲᠠ ᠪᠠᠨ ᠦᠨᠡᠨ ᠬᠦ ᠴᠢᠩᠭᠠᠳᠬᠠᠵᠤ᠂ | ᠬᠥᠬᠡᠮᠳᠦᠭ ᠨᠣᠭᠤᠭᠠᠨ ᠠᠭᠤᠯᠠ ᠤᠰᠤ ᠶᠢ ᠠᠯᠳᠠ ᠮᠥᠩᠭᠦᠨ ᠠᠭᠤᠯᠠ ᠤᠰᠤ ᠪᠣᠯᠭᠠᠬᠤ ᠵᠠᠮ ᠢ ᠥᠷᠭᠡᠳᠬᠡᠵᠦ᠂ ᠦᠷ᠎ᠡ | ᠬᠤᠶᠢᠴᠢᠰ ᠲᠤ ᠪᠠᠨ ᠠᠭᠤᠯᠠ ᠨᠢ ᠰᠠᠶᠢᠬᠠᠨ ᠤᠰᠤ ᠨᠢ ᠲᠤᠩᠭᠠᠯᠠᠭ ᠠᠮᠢ ᠠᠬᠤᠢ ᠶᠢᠨ ᠣᠷᠣᠨ ᠵᠠᠢ ᠶᠢ ᠦᠢᠯᠡᠳᠡᠭᠡᠶᠡ᠃︾ | ᠣᠳᠣᠬᠠᠨ ᠳᠤ ᠪᠠᠨ ᠰᠠᠭᠤᠷᠢᠯᠠᠭᠰᠠᠨ ᠮᠥᠷᠲᠡᠭᠡᠨ ᠢᠷᠡᠭᠡᠳᠦᠢ ᠪᠠᠨ ᠴᠦ ᠲᠥᠯᠥᠪᠯᠡᠵᠡᠭᠡᠶᠡ᠃ | ᠤᠳᠠᠭ᠎ᠠ ᠪᠦᠷᠢ ᠶᠢᠨ ᠰᠢᠨᠵᠢᠯᠡᠨ ᠪᠠᠶᠢᠴᠠᠭᠠᠯᠲᠠ ᠪᠣᠯᠣᠨ ᠴᠢᠬᠤᠯᠠ ᠬᠤᠷᠠᠯᠳᠤᠭᠠᠨ ᠳᠤ ᠶᠡᠷᠦᠩᠬᠡᠢ ᠱᠦᠵᠢ ᠰᠢ ᠶᠢᠨ | ᠫᠢᠩ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠬᠥᠭᠵᠢᠯᠲᠡ ᠳᠤ ᠠᠯᠤᠰ ᠤᠨ ᠪᠣᠳᠣᠯᠭ᠎ᠠ ᠭᠠᠷᠭᠠᠪᠠ᠃ | ︽ᠤᠢ ᠰᠢᠭᠤᠢ ᠶᠢ ᠪᠢᠳᠡ ᠡᠪᠦᠭᠡ ᠳᠡᠭᠡᠳᠦᠰ ᠠᠴᠠ ᠪᠠᠨ ᠵᠠᠯᠭᠠᠮᠵᠢᠯᠠᠭᠰᠠᠨ ᠶᠤᠮ᠂ ᠦᠷ᠎ᠡ ᠬᠤᠶᠢᠴᠢᠰ ᠲᠤ ᠪᠠᠨ | ᠤᠯᠠᠮᠵᠢᠯᠠᠬᠤ ᠨᠢ ᠠᠯᠢᠨ ᠳᠤ ᠨᠢ ᠴᠤ ᠣᠰᠣᠯᠳᠠᠮᠠᠷ ᠦᠭᠡᠢ ᠶᠠᠮᠤᠨ᠃︾ ᠭᠡᠵᠦ 2014 ᠣᠨ ᠤ 12 ᠳ᠋ᠤᠭᠠᠷ ᠰᠠᠷ᠎ᠠ ᠶᠢᠨ | 25 ᠤ ᠡᠳᠦᠷ ᠬᠤᠷᠠᠯᠳᠤᠭᠤᠯᠤᠭᠰᠠᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ | ᠬᠤᠷᠢᠶᠠᠨ ᠤ ᠬᠤᠷᠠᠯᠳᠤᠭᠠᠨ ᠳᠤ ᠶᠡᠷᠦᠩᠬᠡᠢ ᠱᠦᠵᠢ ᠰᠢ ᠶᠢᠨ ᠫᠢᠩ ᠰᠡᠳᠬᠢᠯ ᠬᠦᠨᠳᠦ ᠪᠠᠷ ᠶᠠᠷᠢᠪᠠ᠃ | ︽ᠪᠠᠶᠢᠭᠠᠯᠢᠯᠢᠭ ᠣᠢ ᠰᠢᠭᠤᠢ ᠪᠣᠯᠭᠠᠨ ᠢ ᠬᠠᠮᠠᠭᠠᠯᠠᠶ᠎ᠠ︾᠃ ᠥᠩᠭᠡᠷᠡᠭᠰᠡᠨ ᠤ ︽ᠮᠣᠳᠣ ᠣᠭᠲᠣᠯᠤᠭᠴᠢ︾ | ᠰᠦᠬᠡ ᠪᠠᠨ ᠬᠠᠶᠠᠵᠤ᠂ ᠣᠳᠣ ︽ᠮᠣᠳᠣ ᠬᠠᠮᠠᠭᠠᠯᠠᠭᠴᠢ︾ ᠪᠣᠯᠵᠤ᠂ ᠰᠢᠨ᠎ᠡ ᠴᠠᠭ ᠦᠶ᠎ᠡ ᠠᠴᠠ ᠨᠠᠭᠠᠰᠢ ᠪᠦᠬᠦ ᠤᠯᠤᠰ ᠤᠨ | ᠣᠢ ᠰᠢᠭᠤᠢ ᠶᠢᠨ ᠪᠦᠷᠬᠦᠴᠡ ᠶᠢᠨ ᠨᠣᠷᠮ᠎ᠠ 2.39 ᠵᠠᠭᠤᠨ ᠤ ᠴᠡᠭ ᠢᠶᠠᠷ ᠳᠡᠭᠡᠭᠰᠢᠯᠡᠵᠡᠢ᠃ | ︽ᠬᠥᠬᠡᠮᠥ᠋ᠷᠡᠨ ᠤ ᠠᠮᠢ ᠠᠬᠤᠢ ᠣᠷᠴᠢᠨ ᠲᠣᠭᠤᠷᠢᠨ ᠮᠠᠨ ᠤ ᠡᠨᠡ ᠦᠶ᠎ᠡ ᠶᠢᠨ ᠬᠢᠨ ᠤ ᠭᠠᠷ ᠲᠤ ᠦᠷᠭᠦᠯᠵᠢᠯᠡᠨ | ᠮᠠᠭᠤᠳᠠᠬᠤ ᠶᠢ ᠶᠠᠭᠠᠬᠢᠭᠰᠠᠨ ᠴᠤ ᠬᠦᠯᠢᠶᠡᠬᠦ ᠦᠭᠡᠢ᠂ ᠦᠷ᠎ᠡ ᠬᠤᠶᠢᠴᠢᠰ ᠲᠤ ᠪᠠᠨ ᠴᠡᠩᠭᠡᠭ ᠰᠠᠶᠢᠬᠠᠨ ᠬᠥᠬᠡᠮᠥ᠋ᠷᠡᠨ | ᠦᠯᠡᠳᠡᠭᠡᠬᠦ ᠬᠡᠷᠡᠭᠲᠡᠢ︕︾ ᠭᠡᠵᠦ ᠬᠤᠨᠠᠨ ᠤ ᠶᠤᠸᠠᠢ ᠶᠠᠩ ᠳᠤ ᠰᠢᠨᠵᠢᠯᠡᠨ ᠪᠠᠶᠢᠴᠠᠭᠠᠬᠤ ᠳᠤ ᠪᠠᠨ ᠶᠡᠷᠦᠩᠬᠡᠢ ᠱᠦᠵᠢ | ᠰᠢ ᠶᠢᠨ ᠫᠢᠩ ᠡᠷᠡᠰ ᠴᠢᠩᠭ᠎ᠠ ᠬᠡᠯᠡᠪᠡ᠃ | ︽ᠶᠡᠭᠡ ᠬᠠᠮᠠᠭᠠᠯᠠᠯᠲᠠ ᠶᠢ ᠬᠠᠮᠲᠤ ᠪᠠᠷ ᠠᠳᠬᠤᠵᠤ᠂ ᠶᠡᠭᠡ ᠨᠡᠭᠡᠭᠡᠯᠲᠡ ᠶᠢ ᠬᠢᠬᠦ ᠦᠭᠡᠢ︾᠃ ᠮᠥᠷᠡᠨ ᠳᠠᠭᠠᠤ | ᠮᠤᠵᠢ ᠶᠢᠨ ᠬᠢᠨ ᠤ ᠪᠣᠬᠢᠷᠲᠤᠯ ᠢ ᠵᠠᠰᠠᠵᠤ ᠨᠣᠭᠤᠭᠠᠷᠠᠭᠤᠯᠤᠯᠲᠠ ᠶᠢ ᠨᠡᠮᠡᠭᠳᠡᠭᠦᠯᠵᠦ᠂ ᠡᠷᠭᠢ ᠶᠢᠨ ᠱᠤᠭᠤᠮ ᠢ ᠵᠠᠰᠠᠨ | ᠰᠡᠷᠭᠦᠭᠡᠵᠦ᠂ ᠵᠢᠭᠠᠰᠤ ᠠᠩᠨᠠᠬᠤ ᠶᠢ ᠠᠷᠪᠠᠨ ᠵᠢᠯ ᠢᠶᠠᠷ ᠴᠠᠭᠠᠵᠠᠯᠠᠭᠰᠠᠨ ᠢᠶᠠᠷ ︽ᠬᠦᠨᠳᠦ ᠡᠪᠡᠳᠴᠢᠯᠡᠭᠡᠳ ᠪᠠᠶᠢᠭᠰᠠᠨ︾ | ᠳᠤᠮᠳᠠᠳᠤ ᠶᠢᠨ ᠦᠨᠳᠦᠰᠦᠲᠡᠨ ᠤ ᠡᠵᠢ ᠭᠤᠤᠯ ᠤᠨ ᠴᠡᠩᠭᠡᠭ ᠤᠰᠤ ᠨᠢ ᠣᠳᠣ ᠵᠡᠭᠦᠨᠰᠢ ᠤᠷᠤᠰᠤᠭᠰᠠᠨ ᠰᠢᠨ᠎ᠡ ᠳᠦᠷᠰᠦ | ᠪᠠᠶᠢᠳᠠᠯ ᠢᠶᠠᠨ ᠬᠠᠷᠠᠭᠤᠯᠵᠤ ᠪᠠᠶᠢᠨ᠎ᠠ᠃ | ︽ᠤᠯᠤᠰ ᠤᠨ ᠶᠡᠭᠡ ᠶᠠᠪᠤᠳᠠᠯ︾ ᠢ ᠪᠤᠳᠤᠵᠤ᠂ ᠲᠦᠮᠡᠨ ᠠᠷᠠᠳ ᠲᠠᠢ ᠰᠡᠳᠬᠢᠯ ᠬᠤᠯᠪᠣᠨᠠᠮ᠃ | ᠪᠣᠳᠣᠯᠬᠢᠯᠠᠵᠤ ᠪᠠᠶᠢᠬᠤ ᠨᠢ ᠬᠥᠮᠦᠨ ᠪᠠ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠦᠨᠳᠦᠰᠦᠨ | ᠠᠷᠭ᠎ᠠ ᠪᠤᠳᠤᠯᠭ᠎ᠠ᠂ ᠲᠥᠯᠥᠪᠯᠡᠵᠦ ᠪᠠᠶᠢᠬᠤ ᠨᠢ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠬᠥᠭᠵᠢᠯᠲᠡ ᠶᠢᠨ | ᠦᠨᠳᠦᠰᠦᠨ ᠶᠡᠭᠡ ᠪᠤᠳᠤᠯᠭ᠎ᠠ᠂ ᠪᠠᠷᠠᠭᠠᠯᠠᠵᠤ ᠪᠠᠶᠢᠬᠤ ᠨᠢ ᠬᠥᠬᠡᠮᠳᠦᠭ ᠨᠣᠭᠤᠭᠠᠨ ᠠᠭᠤᠯᠠ ᠤᠰᠤ ᠥᠨᠢᠳᠡ ᠣᠷᠣᠰᠢᠬᠤ | ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠪᠣᠯᠣᠨ᠎ᠠ᠃ | ᠦᠷ᠎ᠡ ᠬᠤᠶᠢᠴᠢᠰ ᠲᠤ ᠪᠠᠨ ᠠᠭᠤᠯᠠ ᠨᠢ ᠰᠠᠶᠢᠬᠠᠨ ᠤᠰᠤ ᠨᠢ ᠲᠤᠩᠭᠠᠯᠠᠭ ᠠᠮᠢ ᠠᠬᠤᠢ ᠶᠢᠨ ᠣᠷᠣᠨ ᠵᠠᠢ | ᠦᠯᠡᠳᠡᠭᠡᠵᠦ᠂ ᠬᠠᠮᠤᠭ ᠤᠨ ᠴᠢᠩᠭ᠎ᠠ ᠲᠦᠷᠢᠮ ᠬᠠᠮᠤᠭ ᠤᠨ ᠴᠢᠩᠭ᠎ᠠ ᠬᠠᠤᠯᠢᠵᠢᠯ ᠢᠶᠠᠷ ᠠᠭᠤᠯᠠ ᠤᠰᠤ ᠡᠪᠡᠰᠦ ᠮᠣᠳᠣ ᠪᠠᠨ | ᠬᠠᠮᠠᠭᠠᠯᠠᠬᠤ ᠬᠡᠷᠡᠭᠲᠡᠢ᠃ | ᠴᠢ ᠯᠢᠶᠠᠨ ᠱᠠᠨ ᠠᠭᠤᠯᠠᠨ ᠤ ᠡᠮᠦᠨ᠎ᠡ ᠬᠤᠷᠮᠣᠢ ᠳᠠᠬᠢ ᠬᠥᠬᠡᠨᠠᠭᠤᠷ ᠤᠨ ᠮᠦ ᠯᠢ ᠠᠭᠤᠷᠬᠠᠢ ᠶᠢᠨ ᠣᠷᠣᠨ ᠤ | ᠡᠪᠡᠰᠦ ᠨᠢ ᠡᠬᠡ ᠭᠠᠵᠠᠷ ᠤᠨ ᠰᠢᠷᠬ᠎ᠠ ᠶᠢ ᠠᠨᠠᠭᠠᠵᠤ ᠪᠣᠢ᠃ ᠡᠨᠡ ᠨᠤᠲᠤᠭ ᠢ ᠤᠤᠯ ᠨᠢ ᠬᠠᠤᠯᠢ ᠪᠤᠰᠤ ᠪᠠᠷ | ᠮᠠᠯᠲᠠᠭᠰᠠᠨ ᠠᠴᠠ ᠠᠮᠢ ᠠᠬᠤᠢ ᠨᠢ ᠬᠦᠨᠳᠦ ᠨᠣᠴᠢᠲᠠᠢ ᠡᠪᠳᠡᠭᠳᠡᠪᠡ᠃ | ︽ᠮᠦ ᠯᠢ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠰᠡᠭᠦᠯ ᠦᠯᠡᠳᠡᠭᠡᠯ | ᠦᠭᠡᠢ ᠪᠠᠷ ᠪᠥᠬᠦᠨ ᠢ ᠬᠢᠵᠦ ᠳᠠᠭᠤᠰᠬᠠᠨ᠂ ᠬᠠᠷᠠᠮᠰᠠᠯ ᠦᠯᠡᠳᠡᠭᠡᠬᠦ ᠦᠭᠡᠢ︾ ︽ᠬᠤᠶᠢᠰᠢᠳᠠ ᠡᠶᠢᠮᠦᠷᠬᠦᠦ ᠠᠰᠠᠭᠤᠳᠠᠯ ᠢ | ᠨᠢᠭᠡ ᠢᠯᠡᠷᠡᠭᠦᠯᠪᠡᠯ ᠨᠢᠭᠡ ᠶᠢ ᠪᠠᠶᠢᠴᠠᠭᠠᠨ ᠰᠢᠢᠳᠪᠦᠷᠢᠯᠡᠵᠦ᠂ ᠬᠠᠰᠢ ᠶᠠᠰᠢ ᠣᠷᠬᠢᠵᠤ ᠪᠣᠯᠬᠤ ᠦᠭᠡᠢ︾ ᠁ ᠭᠡᠵᠦ | ᠶᠡᠷᠦᠩᠬᠡᠢ ᠱᠦᠵᠢ ᠰᠢ ᠶᠢᠨ ᠫᠢᠩ ᠣᠯᠠᠨᠲᠠ ᠴᠢᠬᠤᠯᠠ ᠵᠢᠭᠠᠪᠤᠷᠢ ᠴᠤᠬᠤᠯᠠᠪᠤᠷᠢ ᠦᠭᠴᠡᠢ᠃ ᠲᠥᠪ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠵᠢᠴᠢ ᠲᠥᠪ ᠤᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠠᠵᠢᠯᠯᠠᠬᠤ ᠳᠤᠭᠤᠶᠢᠯᠠᠩ ᠪᠠᠶᠢᠭᠤᠯᠵᠤ᠂ ᠬᠥᠬᠡᠨᠠᠭᠤᠷ ᠮᠤᠵᠢ ᠶᠢᠨ ᠨᠠᠮ ᠤᠨ ᠬᠤᠷᠢᠶ᠎ᠠ ᠪᠣᠯᠤᠨ ᠮᠤᠵᠢ ᠶᠢᠨ | ᠵᠠᠰᠠᠭ ᠤᠨ ᠣᠷᠳᠣᠨ ᠯᠤᠭ᠎ᠠ ᠬᠠᠮᠲᠤᠷᠠᠨ ᠪᠠᠶᠢᠴᠠᠭᠠᠵᠤ᠂ ᠶᠡᠷᠦᠩᠬᠡᠶᠢᠯᠡᠨ ᠴᠡᠭᠴᠡᠯᠡᠨ ᠵᠠᠰᠠᠵᠤ᠂ ᠬᠥᠬᠡᠮᠳᠦᠭ ᠨᠣᠭᠤᠭᠠᠨ | ᠠᠭᠤᠯᠠ ᠤᠰᠤ ᠶᠢ ᠲᠠᠬᠢᠨ ᠪᠦᠲᠦᠭᠡᠪᠡ᠃ | ᠠᠮᠢ ᠠᠬᠤᠢ ᠣᠷᠴᠢᠨ ᠲᠣᠭᠤᠷᠢᠨ ᠢ ᠬᠦᠨᠳᠦ ᠨᠣᠴᠢᠲᠠᠢ ᠡᠪᠳᠡᠭᠰᠡᠨ ᠬᠡᠷᠡᠭ ᠢ ︽ᠢᠯᠡᠷᠡᠭᠦᠯᠬᠦ ᠳᠤ ᠯᠡ ᠬᠥᠷᠪᠡᠯ | ᠡᠴᠦᠰ ᠲᠤ ᠨᠢ ᠲᠤᠯᠲᠠᠯ᠎ᠠ ᠠᠳᠬᠤᠶ᠎ᠠ︾᠃ ᠶᠡᠷᠦᠩᠬᠡᠶ ᠱᠦᠵᠢ ᠰᠢ ᠶᠢᠨ ᠫᠢᠩ᠄ ︽ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠨᠢ ᠬᠡᠴᠢᠨᠡᠭᠡᠨ ᠣᠯᠠᠨ ᠠᠯᠲᠠ ᠮᠥᠩᠭᠦ ᠣᠯᠬᠤ ᠶᠠᠪᠤᠳᠠᠯ ᠪᠢᠰᠢ᠂ ᠬᠠᠷᠢᠨ ᠲᠡᠦᠬᠡ᠂ ᠦᠷ᠎ᠡ | ᠬᠤᠶᠢᠴᠢᠰ ᠤᠨ ᠢᠶᠠᠨ ᠲᠥᠯᠥᠭᠡ ᠬᠢᠭᠰᠡᠨ ᠠᠵᠢᠯ ᠪᠣᠯᠣᠨ᠎ᠠ︾ ᠭᠡᠵᠦ ᠲᠡᠭᠦᠨ ᠤ ᠳᠣᠲᠣᠷᠠᠬᠢ ᠦᠨᠡᠨ ᠤᠳᠬ᠎ᠠ ᠶᠢ ᠨᠢ | ᠥᠭᠦᠯᠡᠪᠡ᠃ | ᠦᠷ᠎ᠡ ᠬᠤᠶᠢᠴᠢᠰ ᠲᠤ ᠪᠠᠨ ᠠᠭᠤᠯᠠ ᠨᠢ ᠰᠠᠶᠢᠬᠠᠨ ᠤᠰᠤ ᠨᠢ ᠲᠤᠩᠭᠠᠯᠠᠭ ᠠᠮᠢ ᠠᠬᠤᠢ ᠶᠢᠨ ᠣᠷᠣᠨ ᠵᠠᠢ | ᠦᠯᠡᠳᠡᠭᠡᠵᠦ ᠥᠭᠬᠦ ᠳᠤ᠂ ᠥᠷᠭᠡᠨ ᠤᠯᠠᠨ ᠠᠷᠠᠳ ᠲᠦᠮᠡᠨ ᠤ ᠢᠳᠡᠪᠬᠢᠵᠢᠯ᠂ ᠰᠠᠨᠠᠭᠠᠴᠢᠯᠠᠭ᠎ᠠ᠂ ᠪᠦᠲᠦᠭᠡᠯᠴᠢ ᠴᠢᠨᠠᠷ ᠢ ᠨᠢ | ᠭᠦᠢᠴᠡᠳ ᠳᠠᠶᠢᠴᠢᠯᠠᠬᠤ ᠬᠡᠷᠡᠭᠲᠡᠢ᠃ | ᠰᠢ ᠶᠢᠨ ᠫᠢᠩ ᠨᠥᠬᠦᠷ ᠵᠧᠵᠢᠶᠠᠩ ᠳᠤ ᠠᠵᠢᠯᠯᠠᠵᠤ ᠪᠠᠶᠢᠬᠤ ᠬᠤᠭᠤᠴᠠᠭᠠᠨ ᠳᠤ ᠪᠠᠨ᠂ ᠠᠮᠢ ᠠᠬᠤᠢ ᠶᠢᠨ ᠰᠣᠶᠣᠯ ᠢ | ᠪᠤᠶᠢᠵᠢᠭᠤᠯᠤᠨ ᠪᠠᠳᠠᠷᠠᠭᠤᠯᠬᠤ ᠶᠢ ᠮᠠᠰᠢ ᠴᠢᠬᠤᠯᠠᠴᠢᠯᠠᠪᠠ᠃ ᠪᠦᠬᠦ ᠨᠡᠶᠢᠭᠡᠮ ᠢᠶᠠᠷ ᠢᠶᠠᠨ ᠬᠥᠬᠡᠮᠳᠦᠭ ᠨᠣᠭᠤᠭᠠᠨ ᠠᠭᠤᠯᠠ | ᠤᠰᠤ ᠪᠣᠯ ᠳᠠᠷᠤᠢ ᠠᠯᠲᠠ ᠮᠥᠩᠭᠦᠨ ᠠᠭᠤᠯᠠ ᠤᠰᠤ ᠮᠥᠨ ᠭᠡᠰᠡᠨ ᠣᠨᠣᠯᠵᠢᠬᠤᠨ ᠢ ᠪᠠᠲᠤᠳᠬᠠᠨ ᠦᠢᠯᠡᠳᠦᠯᠭᠡᠵᠢᠭᠦᠯᠬᠦ ᠨᠢ | ᠵᠧᠵᠢᠶᠠᠩ ᠢ ᠠᠮᠢ ᠠᠬᠤᠢ ᠶᠢᠨ ᠮᠤᠵᠢ ᠪᠣᠯᠭᠠᠨ ᠪᠦᠳᠦᠭᠡᠨ ᠪᠠᠶᠢᠭᠤᠯᠬᠤ ᠶᠢᠨ ᠥᠨᠢᠳᠡ ᠶᠢᠨ ᠳᠣᠲᠣᠭᠠᠳᠤ ᠬᠥᠳᠡᠯᠭᠡᠬᠦ | ᠬᠦᠴᠦᠨ ᠪᠣᠯᠪᠠ᠃ | ᠰᠢᠨ᠎ᠡ ᠴᠠᠭ ᠦᠶ᠎ᠡ ᠳᠤ ᠣᠷᠣᠭᠠᠳ ᠶᠡᠷᠦᠩᠬᠡᠢ ᠱᠦᠵᠢ ᠰᠢ ᠶᠢᠨ ᠫᠢᠩ ᠨᠡᠶᠢᠰᠯᠡᠯ ᠤᠨ ᠠᠯᠪᠠᠨ ᠵᠢᠷᠤᠮ ᠤᠨ ᠮᠣᠳᠣ | ᠲᠠᠷᠢᠬᠤ ᠠᠵᠢᠯᠯᠠᠭ᠎ᠠ ᠳᠤ 12 ᠵᠢᠯ ᠳᠠᠷᠠᠭᠠᠯᠠᠭᠠᠳ ᠲᠥᠷᠥᠭᠦᠯᠵᠦ ᠣᠷᠣᠯᠴᠠᠪᠠ᠃ ᠡᠨᠡ ᠵᠢᠯ ᠨᠡᠶᠢᠰᠯᠡᠯ ᠤᠨ ᠠᠯᠪᠠᠨ | ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠬᠤ ᠳᠤ ᠪᠠᠨ᠂ ᠶᠡᠷᠦᠩᠬᠡᠢ ᠱᠦᠵᠢ ᠤᠯᠠᠨ ᠳᠤ ︽ᠮᠣᠳᠣ ᠲᠠᠷᠢᠵᠤ | ᠣᠶᠢᠵᠢᠭᠤᠯᠬᠤ ᠳᠤ ᠢᠳᠡᠪᠬᠢᠲᠡᠢ ᠣᠷᠣᠯᠴᠠᠵᠤ᠂ ᠬᠥᠮᠦᠨ ᠪᠦᠬᠦᠨ ᠨᠣᠭᠤᠭᠠᠨ ᠡᠯᠴᠢ᠂ ᠠᠮᠢ ᠠᠬᠤᠢ ᠶᠢᠨ ᠬᠤᠰᠢᠭᠤᠴᠢ | ᠪᠣᠯᠬᠤ ᠪᠠᠷ ᠴᠢᠷᠮᠠᠶᠢᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢᠶᠠᠨ ᠪᠦᠳᠦᠭᠡᠨ ᠪᠠᠶᠢᠭᠤᠯᠬᠤ ᠳᠤ ᠬᠤᠪᠢ ᠨᠡᠮᠡᠷᠢ | ᠦᠵᠡᠭᠦᠯᠵᠡᠭᠡᠶ᠎ᠡ︾ ᠭᠡᠵᠦ ᠤᠷᠢᠶᠠᠯᠠᠪᠠ᠃ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠳᠤ ᠬᠥᠮᠦᠨ ᠪᠦᠬᠦᠨ | ᠬᠠᠮᠵᠢᠯᠴᠠᠭᠰᠠᠨ᠂ ᠳᠡᠮᠵᠢᠭᠰᠡᠨ᠂ ᠣᠷᠣᠯᠴᠠᠭᠰᠠᠨ ᠨᠡᠶᠢᠭᠡᠮ ᠤᠨ ᠠᠭᠤᠷ ᠠᠮᠢᠰᠬᠤᠯ ᠠᠯᠬᠤᠮ ᠠᠯᠬᠤᠮ ᠢᠶᠠᠷ ᠪᠤᠢ ᠪᠣᠯᠪᠠ᠃ | ᠦᠷ᠎ᠡ ᠬᠤᠶᠢᠴᠢᠰ ᠲᠤ ᠪᠠᠨ ᠠᠭᠤᠯᠠ ᠨᠢ ᠰᠠᠶᠢᠬᠠᠨ ᠤᠰᠤ ᠨᠢ ᠲᠤᠩᠭᠠᠯᠠᠭ ᠠᠮᠢ ᠠᠬᠤᠢ ᠶᠢᠨ ᠣᠷᠣᠨ ᠵᠠᠢ | ᠦᠯᠡᠳᠡᠭᠡᠵᠦ᠂ ᠴᠢᠨᠠᠷ ᠰᠠᠶᠢᠲᠠᠢ ᠬᠥᠭᠵᠢᠯᠲᠡ ᠶᠢᠨ ᠨᠣᠭᠤᠭᠠᠷᠠᠭᠤᠯᠤᠯᠲᠠ ᠶᠢ ᠤᠯᠠᠮ ᠵᠤᠵᠠᠭᠠᠯᠠᠬᠤ ᠬᠡᠷᠡᠭᠲᠡᠢ᠃ | ᠪᠢᠲᠠ ᠣᠲᠣᠭᠢᠴᠢᠯᠠᠬᠰᠠᠨ ᠣᠯᠣᠰ ᠢ ᠪᠦᠲᠦᠭᠡᠨ ᠪᠠᠶᠢᠭᠤᠯᠬᠤ ᠳᠤ ᠠᠮᠧᠷᠢᠺᠠ ᠡᠸᠦ᠋ᠷᠦᠫᠡ ᠶᠢᠨ ᠬᠠᠭᠤᠴᠢᠨ ᠵᠠᠮ ᠢᠶᠠᠷ | ᠵᠠᠮᠨᠠᠵᠤ ᠪᠣᠯᠬᠤ ᠦᠭᠡᠢ᠂ ᠡᠰᠡ ᠲᠡᠭᠡᠪᠡᠯ ᠬᠡᠲᠣᠠ ᠲᠠᠯᠠᠭᠡᠢ ᠶᠢᠨ ᠪᠥᠮᠪᠥᠷᠴᠡᠭ ᠪᠠᠶᠢᠭᠰᠠᠨ ᠴᠤ ᠪᠦᠷᠢᠯᠭᠡᠬᠦ ᠶᠢ ᠳᠠᠭᠠᠭᠠᠬᠤ | ᠦᠭᠡᠢ᠃︾ ᠭᠡᠰᠡᠨ ᠶᠡᠷᠦᠩᠬᠡᠢ ᠱᠦᠵᠢ ᠰᠢ ᠶᠢᠨ ᠫᠢᠩ ᠤᠨ ᠪᠣᠬᠢᠷᠲᠤᠯ ᠦᠭᠡᠢ ᠬᠥᠭᠵᠢᠯᠲᠡ ᠶᠢᠨ ᠵᠠᠮ ᠳᠠᠬᠢ | ᠪᠣᠳᠣᠯᠬᠢᠯᠠᠯ ᠨᠢ ᠮᠠᠰᠢ ᠭᠦᠨᠵᠡᠭᠡᠢ ᠪᠠᠶᠢᠯ᠎ᠠ᠃ | ᠬᠥᠭᠵᠢᠯᠲᠡ ᠪᠣᠯ ᠨᠠᠮ ᠤᠨ ᠲᠥᠷᠥ ᠪᠠᠷᠢᠵᠤ ᠤᠯᠤᠰ ᠢᠶᠠᠨ ᠮᠠᠨᠳᠤᠭᠤᠯᠬᠤ ᠶᠢᠨ ᠲᠡᠷᠢᠭᠦᠨ ᠴᠢᠬᠤᠯᠠ ᠡᠭᠦᠷᠭᠡ ᠶᠤᠮ᠃ | ᠪᠣᠬᠢᠷᠲᠤᠯ ᠦᠭᠡᠢ ᠨᠢ ᠴᠢᠨᠠᠷ ᠰᠠᠶᠢᠲᠠᠢ ᠬᠥᠭᠵᠢᠯᠲᠡ ᠶᠢᠨ ᠢᠯᠡ ᠲᠣᠳᠣ ᠳᠡᠪᠢᠰᠬᠡᠷ ᠥᠩᠭᠡ ᠪᠣᠯᠣᠨ᠎ᠠ᠃ | ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢᠶᠠᠨ ᠪᠦᠳᠦᠭᠡᠨ ᠪᠠᠶᠢᠭᠤᠯᠬᠤ ᠶᠢ ᠤᠯᠤᠰ ᠢᠶᠠᠨ ᠬᠦᠴᠦᠷᠬᠡᠭᠵᠢᠭᠦᠯᠬᠦ | ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠤᠪᠤᠶᠢᠮ᠎ᠠ ᠪᠠᠶᠢᠷᠢᠨ ᠳᠤ ᠲᠠᠯᠪᠢᠵᠤ᠂ | ᠨᠡᠭᠦᠷᠡᠰᠦᠲᠥ᠋ᠷᠥᠭᠴᠢ ᠶᠢ ᠤᠷᠬᠢᠯ ᠬᠡᠮᠵᠢᠭᠳᠡᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠴᠢᠬᠤᠯᠠ ᠶᠡᠭᠡ | ᠪᠠᠶᠢᠯᠳᠤᠬᠤ ᠪᠤᠳᠤᠯᠭ᠎ᠠ ᠶᠢᠨ ᠰᠢᠢᠳᠪᠦᠷᠢᠲᠦ ᠪᠤᠳᠤᠯᠭ᠎ᠠ ᠭᠠᠷᠭᠠᠵᠤ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ | ᠣᠷᠴᠢᠯ ᠠᠵᠤ ᠠᠬᠤᠢ ᠶᠢᠨ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠵᠤ᠂ ᠤᠢ ᠰᠢᠭᠤᠢ ᠶᠢᠨ ᠦᠢᠯᠡᠰ ᠤᠨ | ᠨᠡᠭᠦᠷᠡᠰᠦᠲᠥ᠋ᠷᠥᠭᠴᠢ ᠬᠤᠷᠠᠮᠳᠤᠭᠤᠯᠬᠤ ᠲᠤᠷᠰᠢᠯᠲᠠ ᠶᠢᠨ ᠴᠡᠭ ᠤᠨ ᠪᠦᠳᠦᠭᠡᠨ ᠪᠠᠶᠢᠭᠤᠯᠤᠯᠲᠠ ᠶᠢ ᠥᠷᠨᠢᠭᠦᠯᠵᠦ᠂ | ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ ᠶᠢ ᠠᠵᠤ | ᠠᠬᠤᠢ ᠶᠢ ᠨᠡᠮᠡᠭᠳᠡᠭᠦᠯᠬᠦ ᠯᠦᠭᠡ ᠬᠠᠮᠵᠢᠯᠴᠠᠨ ᠠᠬᠢᠭᠤᠯᠬᠤ ᠁ ᠶᠡᠷᠦᠩᠬᠡᠢ ᠱᠦᠵᠢ ᠰᠢ ᠶᠢᠨ ᠫᠢᠩ ᠪᠠᠶᠢᠯᠳᠤᠬᠤ | ᠪᠤᠳᠤᠯᠭ᠎ᠠ ᠶᠢᠨ ᠲᠣᠭᠲᠠᠯ ᠬᠦᠴᠦᠨ ᠢᠶᠠᠨ ᠢᠮᠠᠭᠲᠠ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠠᠮᠢ | ᠠᠬᠤᠢ ᠶᠢ ᠤᠷᠢᠳ ᠢᠶᠠᠷ ᠪᠣᠳᠣᠯᠬᠢᠯᠠᠭᠰᠠᠨ᠂ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ | ᠵᠠᠮᠨᠠᠬᠤ ᠶᠢ ᠬᠦᠳᠦᠯᠦᠨ ᠳᠠᠭᠠᠭᠤᠯᠪᠠ᠃ | ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠰᠢᠨᠲᠠᠷᠠᠰᠢ ᠦᠭᠡᠢ ᠵᠢᠳᠬᠦᠨ᠎ᠡ᠃ ᠲᠦᠮᠡᠨ ᠭᠠᠵᠠᠷ ᠤᠨ ᠠᠭᠤᠯᠠ | ᠭᠤᠣᠯ ᠨᠡᠩ ᠦᠵᠡᠰᠬᠦᠯᠡᠩᠲᠦ ᠰᠠᠶᠢᠬᠠᠨ ᠪᠣᠯᠵᠤ᠂ ᠪᠢᠳᠡ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠠᠮᠢ ᠠᠬᠤᠢ ᠶᠢᠨ | ᠭᠠᠶᠢᠬᠠᠮᠰᠢᠭ᠂ ᠪᠣᠬᠢᠷᠲᠤᠯ ᠦᠭᠡᠢ ᠬᠥᠭᠵᠢᠯᠲᠡ ᠶᠢᠨ ᠭᠠᠶᠢᠬᠠᠮᠰᠢᠭ ᠢ ᠡᠭᠦᠳᠪᠡ᠃ | ᠨᠢᠳᠤᠨᠤᠨ ᠤ ᠪᠦᠬᠦ ᠤᠯᠤᠰ ᠤᠨ ᠠᠩᠬᠠᠳᠠᠭᠴᠢ ᠠᠮᠢ ᠠᠬᠤᠢ ᠶᠢᠨ ᠡᠳᠦᠷ ᠬᠦᠷᠴᠦ ᠢᠷᠡᠬᠦ ᠲᠠᠰᠢᠷᠠᠮ ᠢᠶᠠᠷ᠂ | ᠶᠡᠷᠦᠩᠬᠡᠢ ᠱᠦᠵᠢ ᠰᠢ ᠶᠢᠨ ᠫᠢᠩ ᠴᠢᠬᠤᠯᠠ ᠵᠢᠭᠠᠪᠤᠷᠢ ᠥᠭᠴᠦ᠄ ︽ᠪᠦᠬᠦ ᠨᠡᠶᠢᠭᠡᠮ ᠢᠶᠠᠷ ᠢᠶᠠᠨ ᠬᠥᠳᠡᠯᠦᠯᠴᠡᠵᠦ᠂ | ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠲᠠ ᠮᠥᠩᠭᠦᠨ ᠠᠭᠤᠯᠠ ᠤᠰᠤ ᠮᠥᠨ ᠭᠡᠬᠦ ᠣᠨᠣᠯᠵᠢᠬᠤᠨ ᠤ | ᠢᠳᠡᠪᠬᠢᠲᠡᠢ ᠤᠯᠠᠮᠵᠢᠯᠠᠭᠴᠢ ᠪᠠ ᠵᠢᠱᠢᠶᠡᠴᠢ︾ ᠪᠣᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ | ᠳᠣᠣᠷ᠎ᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠲᠣᠭᠲᠠᠯᠴᠠᠭ᠎ᠠ ᠶᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠭᠡᠰᠡᠨ ᠶᠡᠭᠡ ᠶᠠᠪᠤᠳᠠᠯ ᠢ ᠰᠠᠶᠢᠲᠤᠷ ᠬᠢᠬᠦ ᠳᠤ ᠪᠢᠳᠡ ᠠᠭᠤᠯᠠ ᠨᠢ ᠰᠠᠶᠢᠬᠠᠨ | ᠤᠰᠤ ᠨᠢ ᠲᠤᠩᠭᠠᠯᠠᠭ ᠠᠮᠢ ᠠᠬᠤᠢ ᠶᠢᠨ ᠣᠷᠣᠨ ᠵᠠᠢ ᠶᠢ ᠦᠷᠭᠦᠯᠵᠢᠯᠡᠨ ᠪᠦᠲᠦᠭᠡᠵᠦ᠂ ᠠᠷᠠᠳ ᠲᠦᠮᠡᠨ ᠳᠤ ᠪᠠᠨ ᠪᠤᠶᠠᠨ | ᠦᠢᠯᠡᠳᠴᠦ᠂ ᠦᠷ᠎ᠡ ᠬᠤᠶᠢᠴᠢᠰ ᠲᠤ ᠪᠠᠨ ᠬᠡᠰᠢᠭ ᠬᠦᠷᠲᠡᠭᠡᠶ᠎ᠡ᠃ | |