︵2024 ᠣᠨ ᠤ 7 ᠰᠠᠷ᠎ᠠ ᠶᠢᠨ 31 ᠤ ᠡᠳᠦᠷ︶ | ᠠᠵᠤ ᠠᠬᠤᠢ ᠨᠡᠶᠢᠭᠡᠮ ᠤᠨ ᠬᠥᠭᠵᠢᠯᠲᠡ ᠶᠢ ᠪᠣᠬᠢᠷᠳᠤᠯ ᠦᠭᠡᠢ᠂ ᠪᠠᠭ᠎ᠠ ᠨᠡᠭᠦᠷᠡᠰᠦᠲᠥ᠋ᠷᠥᠭᠴᠢᠲᠦ ᠪᠤᠯᠭᠠᠬᠤ ᠶᠢ | ᠠᠬᠢᠭᠤᠯᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠲᠥᠷᠥ ᠶᠢ ᠵᠠᠰᠠᠵᠤ ᠵᠠᠰᠠᠭ ᠢ ᠡᠷᠭᠢᠯᠡᠭᠦ ᠰᠢᠨ᠎ᠡ ᠣᠶᠢᠯᠠᠭᠠᠭᠳᠠᠬᠤᠨ | ᠰᠢᠨ᠎ᠡ ᠦᠢᠯᠡᠳᠦᠯᠭᠡ ᠶᠢᠨ ᠴᠢᠬᠤᠯᠠ ᠪᠡᠯᠭᠡ ᠲᠡᠮᠳᠡᠭ ᠮᠥᠨ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ | ᠵᠠᠩᠭᠢᠯᠠᠭ᠎ᠠ ᠶᠢᠨ ᠭᠤᠭᠴᠤᠭ᠎ᠠ ᠮᠥᠨ᠂ ᠮᠠᠨ ᠤ ᠤᠯᠤᠰ ᠤᠨ ᠡᠬᠢ ᠪᠠᠶᠠᠯᠢᠭ ᠠᠮᠢ ᠠᠬᠤᠢ ᠣᠷᠴᠢᠨ ᠲᠣᠭᠤᠷᠢᠨ ᠤ | ᠠᠰᠠᠭᠤᠳᠠᠯ ᠢ ᠰᠢᠢᠳᠪᠦᠷᠢᠯᠡᠬᠦ ᠰᠠᠭᠤᠷᠢ ᠪᠤᠯᠬᠤ ᠠᠷᠭ᠎ᠠ ᠪᠣᠳᠣᠯᠭ᠎ᠠ ᠮᠥᠨ᠂ ᠬᠥᠮᠥᠨ ᠬᠢᠭᠡᠳ ᠪᠠᠶᠢᠭᠠᠯᠢ ᠶᠢᠨ ᠡᠶ᠎ᠡ | ᠵᠣᠬᠢᠴᠠᠩᠭᠤᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠶᠢ ᠪᠦᠲᠦᠭᠡᠨ ᠪᠠᠶᠢᠭᠤᠯᠬᠤ ᠶᠢᠨ ᠳᠣᠲᠣᠭᠠᠳᠤ ᠱᠠᠭᠠᠷᠳᠠᠯᠭ᠎ᠠ | ᠮᠥᠨ᠃ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ | ᠬᠤᠪᠢᠷᠠᠭᠤᠯᠬᠤ ᠶᠢ ᠲᠦᠷᠭᠡᠳᠬᠡᠬᠦ ᠶᠢᠨ ᠲᠥᠯᠥᠭᠡ᠂ ᠤᠳᠤ ᠳᠣᠣᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠬᠤᠶᠠᠳᠤᠭᠠᠷ ᠪᠦᠭᠦᠳᠡ ᠬᠤᠷᠠᠯ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠵᠤ᠂ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ᠂ ᠰᠢ ᠶᠢᠨ ᠫᠢᠩ ᠤᠨ ᠠᠮᠢ ᠠᠬᠤᠢ ᠶᠢᠨ | ᠪᠣᠯᠪᠠᠰᠤᠨ ᠤ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠪᠦᠷᠢᠨ ᠪᠦᠲᠦᠨ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ | ᠲᠦᠷᠭᠡᠳᠬᠡᠨ ᠪᠠᠶᠢᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠠᠷᠪᠢᠯᠠᠨ ᠡᠷᠴᠢᠮᠵᠢᠭᠦᠯᠬᠦ᠂ ᠪᠣᠬᠢᠷᠳᠤᠯ ᠦᠭᠡᠢ | ᠪᠠᠭ᠎ᠠ ᠨᠡᠭᠦᠷᠡᠰᠦᠲᠥ᠋ᠷᠥᠭᠴᠢᠲᠦ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠠᠵᠢᠯ ᠢᠶᠠᠷ ᠤᠳᠤᠷᠢᠳᠤᠮᠵᠢ ᠪᠤᠯᠭᠠᠵᠤ᠂ ᠨᠡᠭᠦᠷᠡᠰᠦᠲᠥ᠋ᠷᠥᠭᠴᠢ ᠶᠢᠨ ᠬᠡᠮᠵᠢᠶ᠎ᠡ ᠶᠢ ᠪᠠᠭᠤᠷᠠᠭᠤᠯᠬᠤ᠂ | ᠪᠣᠬᠢᠷᠳᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠡᠮᠡᠭᠳᠡᠯ ᠢ ᠬᠠᠮᠵᠢᠯᠴᠠᠨ ᠠᠬᠢᠭᠤᠯᠬᠤ᠂ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠣᠬᠢᠷᠳᠤᠯ ᠦᠭᠡᠢ ᠪᠠᠭ᠎ᠠ | ᠨᠡᠭᠦᠷᠡᠰᠦᠲᠥ᠋ᠷᠥᠭᠴᠢᠲᠦ ᠬᠥᠭᠵᠢᠯᠲᠡ ᠶᠢᠨ ᠲᠣᠭᠲᠠᠴᠠ ᠶᠢ ᠪᠦᠷᠢᠨᠰᠢᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠡᠬᠢ ᠪᠠᠶᠠᠯᠢᠭ ᠢ | ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠣᠷᠣᠨ ᠵᠠᠢ ᠶᠢᠨ ᠪᠠᠶᠢᠷᠢᠰᠢᠯ᠂ ᠠᠵᠤ ᠦᠢᠯᠡᠰ ᠤᠨ ᠪᠦᠲᠦᠴᠡ᠂ | ᠦᠢᠯᠡᠳᠪᠦᠷᠢᠯᠡᠯ ᠤᠨ ᠭᠡᠯᠪᠡᠷᠢ᠂ ᠠᠮᠢᠳᠤᠷᠠᠯ ᠤᠨ ᠠᠷᠭ᠎ᠠ ᠮᠠᠶ᠋ᠢᠭ ᠢ ᠪᠤᠶ ᠪᠤᠯᠭᠠᠵᠤ᠂ ᠦᠵᠡᠰᠬᠦᠯᠡᠩᠲᠦ ᠰᠠᠶᠢᠬᠠᠨ ᠳᠤᠮᠳᠠᠳᠤ | ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠲᠦᠯᠬᠢᠨ ᠠᠬᠢᠭᠤᠯᠵᠤ᠂ ᠬᠥᠮᠥᠨ ᠬᠢᠭᠡᠳ ᠪᠠᠶᠢᠭᠠᠯᠢ ᠶᠢᠨ ᠡᠶ᠎ᠡ | ᠵᠣᠬᠢᠴᠠᠩᠭᠤᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠶᠢ ᠲᠦᠷᠭᠡᠪᠴᠢᠯᠡᠨ ᠠᠬᠢᠭᠤᠯᠤᠨ᠎ᠠ᠃ | ᠠᠵᠢᠯ ᠤᠨ ᠳᠤᠮᠳᠠ ᠪᠠᠨ ᠳᠣᠣᠷᠠᠬᠢ ᠵᠦᠢᠯᠡᠰ ᠢ ᠪᠡᠶᠡᠯᠡᠭᠦᠯᠬᠦ ᠬᠡᠷᠡᠭᠲᠡᠢ᠄ | — ᠪᠦᠭᠦ ᠲᠠᠯ᠎ᠠ ᠪᠠᠷ ᠭᠡᠯᠪᠡᠷᠢ ᠪᠠᠨ ᠬᠤᠪᠢᠷᠠᠭᠤᠯᠬᠤ ᠶᠢ ᠪᠠᠷᠢᠮᠲᠠᠯᠠᠬᠤ ᠬᠡᠷᠡᠭᠲᠡᠢ᠃ ᠨᠣᠮᠢᠨ ᠤᠰᠤ ᠬᠥᠬᠡᠮᠳᠦᠭ | ᠠᠭᠤᠯᠠ ᠪᠣᠯ ᠠᠯᠲᠠᠨ ᠠᠭᠤᠯᠠ ᠮᠥᠩᠭᠦᠨ ᠬᠠᠶᠢᠷᠬᠠᠨ ᠮᠥᠨ ᠭᠡᠬᠦ ᠣᠶᠢᠯᠠᠭᠠᠭᠳᠠᠬᠤᠨ ᠢ ᠪᠠᠲᠤ ᠪᠤᠶ ᠪᠤᠯᠭᠠᠵᠤ᠂ ᠪᠣᠬᠢᠷᠳᠤᠯ | ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠱᠠᠭᠠᠷᠳᠠᠯᠭ᠎ᠠ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ | ᠲᠠᠯ᠎ᠠ ᠳᠤ ᠠᠭᠤᠰᠬᠠᠨ ᠣᠷᠣᠭᠤᠯᠵᠤ᠂ ᠪᠦᠭᠦ ᠲᠠᠯ᠎ᠠ ᠪᠠᠷ᠂ ᠪᠦᠭᠦ ᠬᠦᠷᠢᠶ᠎ᠡ ᠪᠠᠷ᠂ ᠪᠦᠭᠦ ᠣᠷᠣᠨ ᠪᠦᠰᠡ ᠪᠠᠷ ᠪᠣᠬᠢᠷᠳᠤᠯ | ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠬᠥᠮᠥᠨ ᠬᠢᠭᠡᠳ ᠪᠠᠶᠢᠭᠠᠯᠢ ᠶᠢᠨ ᠠᠮᠢ ᠨᠠᠰᠤᠨ ᠤ | ᠬᠠᠮᠲᠤ ᠶᠢᠨ ᠴᠣᠭᠴᠠ ᠶᠢ ᠪᠠᠶᠢᠭᠤᠯᠬᠤ ᠬᠡᠷᠡᠭᠲᠡᠢ᠃ | — ᠬᠠᠮᠵᠢᠯᠴᠠᠨ ᠭᠡᠯᠪᠡᠷᠢ ᠪᠠᠨ ᠬᠤᠪᠢᠷᠠᠭᠤᠯᠬᠤ ᠶᠢ ᠪᠠᠷᠢᠮᠲᠠᠯᠠᠬᠤ ᠬᠡᠷᠡᠭᠲᠡᠢ᠃ ᠠᠳᠠᠯᠢ ᠪᠤᠰᠤ ᠭᠠᠵᠠᠷ ᠣᠷᠣᠨ᠂ | ᠠᠳᠠᠯᠢ ᠪᠤᠰᠤ ᠠᠵᠢᠯ ᠲᠥᠷᠥᠯ ᠤᠨ ᠬᠥᠭᠵᠢᠯᠲᠡ ᠶᠢᠨ ᠪᠣᠳᠠᠲᠤ ᠪᠠᠶᠢᠳᠠᠯ ᠢ ᠭᠦᠢᠴᠡᠳ ᠪᠣᠳᠣᠯᠬᠢᠯᠠᠨ᠂ ᠨᠢᠭᠡᠳᠦᠯᠲᠡᠢ | ᠲᠥᠯᠥᠪᠵᠢᠭᠦᠯᠦᠨ ᠠᠬᠢᠭᠤᠯᠬᠤ ᠪᠠ ᠭᠤᠣᠯᠳᠠᠯᠭ᠎ᠠ ᠲᠠᠢ ᠰᠢᠪᠲᠤᠯᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ | ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ᠂ | ᠪᠠᠷᠢᠯᠭ᠎ᠠ ᠶᠢᠨ ᠵᠢᠷᠤᠭ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠨᠥᠬᠦᠴᠡᠯ ᠲᠠᠢ ᠭᠠᠵᠠᠷ ᠣᠷᠣᠨ ᠪᠠ ᠠᠵᠢᠯ | ᠲᠥᠷᠥᠯ ᠤᠨ ᠬᠢᠨ ᠤ ᠤᠷᠢᠳ ᠢᠶᠠᠷ ᠰᠦᠪᠡᠭᠴᠢᠯᠡᠬᠦ ᠶᠢ ᠵᠣᠷᠢᠭᠵᠢᠭᠤᠯᠬᠤ ᠬᠡᠷᠡᠭᠲᠡᠢ᠃ | — ᠰᠢᠨ᠎ᠡ ᠶᠢ ᠡᠭᠦᠳᠦᠨ ᠭᠡᠯᠪᠡᠷᠢ ᠪᠠᠨ ᠬᠤᠪᠢᠷᠠᠭᠤᠯᠬᠤ ᠶᠢ ᠪᠠᠷᠢᠮᠲᠠᠯᠠᠬᠤ ᠬᠡᠷᠡᠭᠲᠡᠢ᠃ ᠪᠣᠬᠢᠷᠳᠤᠯ ᠦᠭᠡᠢ ᠲᠡᠶᠢᠰᠢ | ᠭᠡᠯᠪᠡᠷᠢ ᠪᠠᠨ ᠬᠤᠪᠢᠷᠠᠭᠤᠯᠬᠤ ᠶᠢ ᠲᠤᠯᠭᠠᠭᠤᠷᠢᠯᠠᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ | ᠲᠦᠷᠦ ᠶᠢᠨ ᠪᠣᠳᠣᠯᠭ᠎ᠠ ᠳᠦᠷᠢᠮ ᠤᠨ ᠰᠢᠨ᠎ᠡ ᠶᠢ ᠡᠭᠦᠳᠬᠦ᠂ ᠬᠤᠳᠠᠯᠳᠤᠭᠠᠨ ᠤ ᠵᠠᠭᠪᠤᠷ ᠤᠨ ᠰᠢᠨ᠎ᠡ ᠶᠢ ᠡᠭᠦᠳᠬᠦ ᠶᠢ | ᠴᠢᠩᠭᠠᠳᠬᠠᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠤᠪᠢᠰᠬᠠᠯ ᠢ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ | ᠬᠦᠴᠦᠨ ᠢ ᠬᠥᠭᠵᠢᠭᠦᠯᠵᠦ᠂ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠪᠣᠬᠢᠷᠳᠤᠯ | ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠳᠤ ᠨᠡᠩ ᠬᠦᠴᠦᠷᠬᠡᠭ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠪᠣᠯᠣᠨ | ᠳᠦᠷᠢᠮ ᠤᠨ ᠪᠠᠲᠤᠯᠠᠭ᠎ᠠ ᠬᠠᠩᠭᠠᠬᠤ ᠬᠡᠷᠡᠭᠲᠡᠢ᠃ | — ᠠᠮᠤᠷ ᠲᠦᠪᠰᠢᠨ ᠢᠶᠠᠷ ᠭᠡᠯᠪᠡᠷᠢ ᠪᠠᠨ ᠬᠤᠪᠢᠷᠠᠭᠤᠯᠬᠤ ᠶᠢ ᠪᠠᠷᠢᠮᠲᠠᠯᠠᠬᠤ ᠬᠡᠷᠡᠭᠲᠡᠢ᠃ ᠬᠥᠭᠵᠢᠯᠲᠡ ᠪᠠ | ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠪᠦᠬᠦᠯᠢ ᠴᠣᠭᠴᠠ ᠪᠠ ᠬᠡᠰᠡᠭ ᠲᠠᠯ᠎ᠠ᠂ ᠣᠳᠣᠬᠠᠨ ᠪᠠ | ᠠᠯᠤᠰ ᠭᠡᠲᠦ᠂ ᠵᠠᠰᠠᠭ ᠤᠨ ᠣᠷᠳᠣᠨ ᠪᠠ ᠵᠠᠬ᠎ᠠ ᠳᠡᠯᠭᠡᠭᠦᠷ ᠤᠨ ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ | ᠰᠢᠢᠳᠪᠦᠷᠢᠯᠡᠵᠦ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠳᠤ ᠲᠤᠯᠭᠠᠷᠠᠵᠤ ᠪᠠᠶᠢᠭ᠎ᠠ ᠳᠣᠲᠣᠭᠠᠳᠤ | ᠭᠠᠳᠠᠭᠠᠳᠤ ᠶᠢᠨ ᠠᠶᠤᠯ ᠲᠦᠭᠰᠢᠭᠦᠷᠢ ᠥᠷᠢᠰᠦᠯᠳᠦᠭᠡᠨ ᠢ ᠲᠣᠬᠢᠲᠠᠢ ᠰᠡᠷᠭᠡᠶᠢᠯᠡᠨ ᠠᠷᠢᠯᠭᠠᠵᠤ᠂ ᠠᠮᠤ ᠪᠤᠳᠠᠭ᠎ᠠ ᠡᠨᠧᠷᠭᠢ ᠶᠢᠨ | ᠠᠮᠤᠷ ᠲᠦᠪᠰᠢᠨ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠢ ᠦᠨᠡᠨ ᠬᠦ | ᠪᠠᠲᠤᠯᠠᠵᠤ᠂ ᠠᠷᠠᠳ ᠣᠯᠠᠨ ᠤ ᠦᠢᠯᠡᠳᠪᠦᠷᠢᠯᠡᠯ ᠠᠮᠢᠳᠤᠷᠠᠯ ᠢ ᠨᠠᠩ ᠰᠠᠶᠢᠲᠤᠷ ᠪᠠᠲᠤᠯᠠᠬᠤ ᠬᠡᠷᠡᠭᠲᠡᠢ᠃ | ᠭᠤᠣᠯ ᠬᠠᠷᠠᠯᠲᠠ ᠪᠣᠯ᠄ 2030 ᠣᠨ ᠪᠤᠯᠬᠤ ᠳᠤ᠂ ᠭᠤᠣᠯᠳᠠᠯᠭ᠎ᠠ ᠲᠠᠢ ᠬᠦᠷᠢᠶᠡᠨ ᠳᠠᠬᠢ ᠪᠣᠬᠢᠷᠳᠤᠯ ᠦᠭᠡᠢ | ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠢᠳᠡᠪᠬᠢᠲᠡᠢ ᠠᠬᠢᠴᠠ ᠲᠠᠢ ᠪᠤᠯᠭᠠᠵᠤ᠂ ᠪᠣᠬᠢᠷᠳᠤᠯ ᠦᠭᠡᠢ ᠦᠢᠯᠡᠳᠪᠦᠷᠢᠯᠡᠯ ᠤᠨ | ᠠᠷᠭ᠎ᠠ ᠮᠠᠶ᠋ᠢᠭ ᠪᠠ ᠠᠮᠢᠳᠤᠷᠠᠯ ᠤᠨ ᠠᠷᠭ᠎ᠠ ᠮᠠᠶ᠋ᠢᠭ ᠢ ᠦᠨᠳᠦᠰᠦᠨ ᠳᠡᠭᠡᠨ ᠪᠤᠢ ᠪᠤᠯᠭᠠᠵᠤ᠂ ᠪᠣᠬᠢᠷᠳᠤᠯ ᠢ ᠪᠠᠭᠠᠰᠬᠠᠵᠤ | ᠨᠡᠭᠦᠷᠡᠰᠦᠲᠥ᠋ᠷᠥᠭᠴᠢ ᠶᠢ ᠪᠠᠭᠠᠰᠬᠠᠬᠤ ᠬᠠᠮᠵᠢᠯᠴᠠᠬᠤ ᠴᠢᠳᠠᠪᠤᠷᠢ ᠶᠢ ᠢᠯᠡᠳᠲᠡ ᠴᠢᠩᠭᠠᠷᠠᠭᠤᠯᠵᠤ᠂ ᠭᠤᠣᠯ ᠪᠤᠯᠬᠤ ᠡᠬᠢ | ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠣᠬᠢᠷᠳᠤᠯ ᠦᠭᠡᠢ ᠬᠥᠭᠵᠢᠯᠲᠡ ᠶᠢ | ᠳᠡᠮᠵᠢᠬᠦ ᠲᠦᠷᠦ ᠶᠢᠨ ᠪᠣᠳᠣᠯᠭ᠎ᠠ ᠪᠠ ᠪᠠᠷᠢᠮᠵᠢᠶ᠎ᠠ ᠶᠢᠨ ᠰᠢᠰᠲ᠋ᠧᠮ ᠢ ᠨᠡᠩ ᠲᠡᠭᠦᠯᠳᠡᠷᠵᠢᠭᠦᠯᠵᠦ᠂ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠲᠠᠯ᠎ᠠ ᠪᠠᠷ ᠢᠯᠡᠳᠲᠡ ᠦᠷ᠎ᠡ | ᠪᠦᠲᠦᠮᠵᠢ ᠣᠯᠣᠨ᠎ᠠ᠃ 2035 ᠣᠨ ᠪᠤᠯᠬᠤ ᠳᠤ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠡᠷᠭᠢᠯᠲᠡᠲᠦ | ᠬᠥᠭᠵᠢᠯᠲᠡ ᠶᠢᠨ ᠠᠵᠤ ᠠᠬᠤᠢ ᠶᠢᠨ ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠤ᠂ ᠪᠣᠬᠢᠷᠳᠤᠯ ᠦᠭᠡᠢ | ᠦᠢᠯᠡᠳᠪᠦᠷᠢᠯᠡᠯ ᠤᠨ ᠭᠡᠯᠪᠡᠷᠢ ᠪᠣᠯᠣᠨ ᠠᠮᠢᠳᠤᠷᠠᠯ ᠤᠨ ᠠᠷᠭ᠎ᠠ ᠮᠠᠶ᠋ᠢᠭ ᠢ ᠥᠷᠭᠡᠨ ᠢᠶᠠᠷ ᠪᠦᠷᠢᠯᠳᠦᠭᠦᠯᠵᠦ᠂ ᠪᠣᠬᠢᠷᠳᠤᠯ ᠢ | ᠪᠠᠭᠠᠰᠬᠠᠵᠤ ᠨᠡᠭᠦᠷᠡᠰᠦᠲᠥ᠋ᠷᠥᠭᠴᠢ ᠶᠢᠨ ᠬᠡᠮᠵᠢᠶ᠎ᠡ ᠶᠢ ᠪᠠᠭᠠᠰᠬᠠᠬᠤ ᠶᠢ ᠬᠠᠮᠵᠢᠯᠴᠠᠭᠤᠯᠤᠨ ᠦᠷ᠎ᠡ ᠠᠰᠢᠭ ᠢ ᠨᠡᠮᠡᠭᠳᠡᠭᠦᠯᠬᠦ | ᠲᠠᠯ᠎ᠠ ᠪᠠᠷ ᠢᠯᠡᠳᠲᠡ ᠠᠬᠢᠴᠠ ᠲᠠᠢ ᠪᠤᠯᠭᠠᠵᠤ᠂ ᠭᠤᠣᠯ ᠪᠤᠯᠬᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ | ᠳᠡᠯᠡᠬᠡᠢ ᠶᠢᠨ ᠲᠡᠷᠢᠭᠦᠨ ᠤ ᠲᠦᠪᠰᠢᠨ ᠳᠤ ᠬᠦᠷᠭᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠪᠣᠬᠢᠷᠳᠤᠯ ᠦᠭᠡᠢ | ᠪᠠᠭ᠎ᠠ ᠨᠡᠭᠦᠷᠡᠰᠦᠲᠥ᠋ᠷᠥᠭᠴᠢᠲᠦ ᠶᠢᠨ ᠭᠡᠯᠪᠡᠷᠢ ᠳᠤ ᠪᠦᠭᠦ ᠲᠠᠯ᠎ᠠ ᠪᠠᠷ ᠣᠷᠣᠭᠤᠯᠵᠤ᠂ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠭᠦᠷᠦᠭᠰᠡᠨ ᠤ ᠳᠠᠷᠠᠭ᠎ᠠ ᠲᠣᠭᠲᠠᠭᠤᠨ ᠤ ᠳᠤᠮᠳᠠ ᠪᠠᠭᠤᠷᠠᠭᠤᠯᠵᠤ᠂ | ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠠᠶᠢᠭᠤᠯᠬᠤ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ | ᠬᠤᠶᠠᠷ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠴᠢᠨᠠᠷ ᠰᠠᠶᠢᠲᠠᠢ ᠬᠥᠭᠵᠢᠯᠲᠡ ᠶᠢᠨ ᠣᠷᠣᠨ ᠵᠠᠢ ᠶᠢᠨ | ᠪᠠᠶᠢᠷᠢᠰᠢᠯ ᠢ ᠪᠠᠶᠢᠭᠤᠯᠤᠨ᠎ᠠ | ︵ᠨᠢᠭᠡ︶ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠪᠠᠶᠢᠷᠢᠰᠢᠯ ᠢ | ᠰᠢᠯᠢᠳᠡᠭᠵᠢᠭᠦᠯᠦᠨ᠎ᠡ᠃ ᠪᠦᠭᠦ ᠤᠯᠤᠰ ᠲᠤ ᠨᠢᠭᠡᠳᠦᠯᠲᠡᠢ᠂ ᠬᠠᠷᠢᠭᠤᠴᠠᠯᠭ᠎ᠠ ᠡᠷᠬᠡ ᠲᠣᠳᠣᠷᠬᠠᠢ᠂ ᠰᠢᠨᠵᠢᠯᠡᠬᠦ ᠤᠬᠠᠭᠠᠨᠴᠢ | ᠪᠥᠭᠡᠳ ᠥᠨᠳᠥᠷ ᠪᠦᠲᠦᠮᠵᠢᠲᠡᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ | ᠰᠢᠰᠲ᠋ᠧᠮ ᠢ ᠲᠡᠭᠦᠯᠳᠡᠷᠵᠢᠭᠦᠯᠵᠦ᠂ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠠᠮᠢ ᠠᠬᠤᠢ ᠶᠢᠨ | ᠬᠠᠮᠠᠭᠠᠯᠠᠯᠲᠠ ᠶᠢᠨ ᠤᠯᠠᠭᠠᠨ ᠱᠤᠭᠤᠮ᠂ ᠬᠤᠳᠠ ᠪᠠᠯᠭᠠᠰᠤᠨ ᠤ ᠨᠡᠭᠡᠭᠡᠨ ᠬᠥᠭᠵᠢᠭᠦᠯᠦᠯᠲᠡ ᠶᠢᠨ ᠵᠠᠭᠠᠭ ᠬᠢᠵᠠᠭᠠᠷ ᠵᠡᠷᠭᠡ | ᠭᠤᠷᠪᠠᠨ ᠬᠢᠵᠠᠭᠠᠷᠯᠠᠬᠤ ᠱᠤᠭᠤᠮ ᠢ ᠴᠢᠩᠭ᠎ᠠ ᠰᠠᠬᠢᠵᠤ᠂ ᠡᠯ᠎ᠡ ᠲᠦᠷᠦᠯ ᠤᠨ ᠣᠷᠣᠨ ᠵᠠᠢ ᠶᠢᠨ ᠪᠠᠶᠢᠷᠢᠰᠢᠯ ᠢ | ᠰᠢᠯᠢᠳᠡᠭᠵᠢᠭᠦᠯᠦᠨ᠎ᠡ᠃ ᠭᠤᠣᠯ ᠴᠣᠭᠴᠠ ᠶᠢᠨ ᠴᠢᠳᠠᠮᠵᠢᠲᠤ ᠣᠷᠣᠨ ᠤ ᠳᠦᠷᠢᠮ ᠤᠨ ᠰᠢᠰᠲ᠋ᠧᠮ ᠢ ᠪᠦᠷᠢᠨᠰᠢᠭᠦᠯᠵᠦ᠂ ᠭᠤᠣᠯ | ᠴᠣᠭᠴᠠ ᠶᠢᠨ ᠴᠢᠳᠠᠮᠵᠢ ᠶᠢᠨ ᠶᠡᠷᠦᠩᠬᠡᠶᠢᠯᠡᠭᠰᠡᠨ ᠪᠠᠶᠢᠷᠢᠰᠢᠭᠤᠯᠤᠯᠲᠠ ᠶᠢ ᠠᠬᠢᠭᠤᠯᠤᠨ᠂ ᠭᠤᠣᠯ ᠴᠣᠭᠴᠠ ᠶᠢᠨ ᠴᠢᠳᠠᠮᠵᠢᠲᠤ | ᠣᠷᠣᠨ ᠤ ᠬᠤᠪᠢᠶᠠᠷᠢᠯᠠᠯ ᠢ ᠨᠠᠷᠢᠯᠢᠭᠵᠢᠭᠤᠯᠵᠤ᠂ ᠵᠦᠷᠢᠶᠡᠴᠢᠯᠡᠭᠰᠡᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ | ᠤᠯᠤᠰ ᠤᠨ ᠴᠡᠴᠡᠷᠯᠢᠭ ᠢᠶᠠᠷ ᠭᠤᠣᠯ ᠴᠣᠭᠴᠠ ᠪᠤᠯᠭᠠᠬᠰᠠᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢᠶᠠᠷ ᠰᠠᠭᠤᠷᠢ | ᠪᠤᠯᠭᠠᠬᠰᠠᠨ᠂ ᠡᠯ᠎ᠡ ᠲᠥᠷᠥᠯ ᠤᠨ ᠪᠠᠶᠢᠭᠠᠯᠢ ᠶᠢᠨ ᠴᠡᠴᠡᠷᠯᠢᠭ ᠢᠶᠠᠷ ᠨᠥᠬᠦᠪᠦᠷᠢ ᠪᠤᠯᠭᠠᠬᠰᠠᠨ ᠪᠠᠶᠢᠭᠠᠯᠢ ᠶᠢᠨ | ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠢ ᠲᠦᠷᠭᠡᠳᠬᠡᠨ ᠪᠠᠶᠢᠭᠤᠯᠤᠨ᠎ᠠ᠃ ᠠᠮᠢ ᠠᠬᠤᠢ ᠣᠷᠴᠢᠨ ᠲᠣᠭᠤᠷᠢᠨ ᠤ ᠣᠷᠣᠨ | ᠬᠤᠪᠢᠶᠠᠨ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠳᠠᠯᠠᠢ ᠲᠠᠩᠭᠢᠰ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠵᠦ | ᠬᠠᠮᠠᠭᠠᠯᠠᠬᠤ ᠳᠦᠷᠢᠮ ᠢ ᠪᠦᠷᠢᠨᠰᠢᠭᠦᠯᠵᠦ᠂ ᠳᠠᠯᠠᠢ ᠲᠠᠩᠭᠢᠰ ᠤᠨ ᠨᠡᠭᠡᠭᠡᠨ ᠠᠰᠢᠭᠯᠠᠯᠲᠠ ᠶᠢ ᠰᠢᠰᠲ᠋ᠧᠮ ᠲᠠᠢ ᠲᠥᠯᠥᠪᠯᠡᠵᠦ᠂ | ᠡᠬᠡ ᠬᠠᠭᠤᠷᠠᠢ ᠳᠠᠯᠠᠢ ᠲᠠᠩᠭᠢᠰ ᠤᠨ ᠬᠠᠮᠵᠢᠯᠴᠠᠭᠰᠠᠨ ᠦᠷᠭᠦᠯᠵᠢᠯᠡᠬᠦ᠋ᠢᠴᠡ ᠬᠥᠭᠵᠢᠯᠲᠡ ᠶᠢ ᠠᠬᠢᠭᠤᠯᠤᠨ᠎ᠠ᠃ | ︵ᠬᠤᠶᠠᠷ︶ ᠪᠣᠬᠢᠷᠳᠤᠯ ᠦᠭᠡᠢ ᠬᠥᠭᠵᠢᠯᠲᠡ ᠶᠢᠨ ᠥᠨᠳᠦᠷᠯᠢᠭ ᠢ ᠪᠤᠶ ᠪᠣᠯᠭᠠᠨ᠎ᠠ᠃ ᠣᠷᠣᠨ ᠪᠦᠰᠡ ᠶᠢᠨ | ᠪᠣᠬᠢᠷᠳᠤᠯ ᠦᠭᠡᠢ ᠬᠥᠭᠵᠢᠯᠲᠡ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠵᠣᠬᠢᠴᠠᠩᠭᠤᠢ ᠬᠥᠭᠵᠢᠯᠲᠡ ᠪᠣᠯᠣᠨ ᠬᠠᠮᠵᠢᠯᠴᠠᠨ | ᠭᠡᠯᠪᠡᠷᠢ ᠪᠠᠨ ᠬᠤᠪᠢᠷᠠᠭᠤᠯᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠪᠣᠬᠢᠷᠳᠤᠯ ᠦᠭᠡᠢ ᠪᠥᠭᠡᠳ | ᠨᠡᠭᠦᠷᠡᠰᠦᠲᠥ᠋ᠷᠥᠭᠴᠢ ᠪᠠᠭᠠᠲᠠᠢ ᠴᠢᠨᠠᠷ ᠰᠠᠶᠢᠲᠠᠢ ᠬᠥᠭᠵᠢᠯᠲᠡ ᠶᠢᠨ ᠨᠡᠮᠡᠭᠳᠡᠯ ᠤᠨ ᠲᠦᠢᠯ ᠪᠣᠯᠣᠨ ᠬᠥᠳᠡᠯᠭᠡᠬᠦ ᠬᠦᠴᠦᠨ ᠤ | ᠡᠬᠢ ᠰᠤᠷᠪᠤᠯᠵᠢ ᠶᠢ ᠪᠤᠢ ᠪᠣᠯᠭᠠᠨ᠎ᠠ᠃ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠶᠢ ᠠᠬᠢᠭᠤᠯᠵᠤ᠂ ᠠᠮᠢ | ᠠᠬᠤᠢ ᠶᠢᠨ ᠣᠷᠴᠢᠨ ᠲᠣᠭᠤᠷᠢᠨ ᠢ ᠬᠠᠮᠵᠢᠯᠴᠠᠨ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠰᠢᠶᠦ᠋ᠩ ᠠᠨ ᠰᠢᠨ᠎ᠡ | ᠲᠣᠭᠤᠷᠢᠭ ᠤᠨ ᠪᠣᠬᠢᠷᠳᠤᠯ ᠦᠭᠡᠢ ᠬᠥᠭᠵᠢᠯᠲᠡ ᠶᠢᠨ ᠬᠤᠲᠠ ᠶᠢᠨ ᠦᠯᠢᠭᠡᠷ ᠳᠠᠭᠤᠷᠢᠶᠠᠯ ᠪᠤᠯᠬᠤ ᠶᠢ ᠳᠠᠮᠵᠢᠨ᠎ᠠ᠃ | ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠶᠡᠭᠡ ᠬᠠᠮᠠᠭᠠᠯᠠᠯᠲᠠ ᠶᠢ ᠬᠠᠮᠲᠤ ᠪᠠᠷ ᠠᠳᠬᠤᠬᠤ ᠶᠢ ᠦᠷᠭᠦᠯᠵᠢᠯᠡᠨ | ᠠᠬᠢᠭᠤᠯᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠰᠢᠨ᠎ᠡ ᠠᠷᠭ᠎ᠠ ᠵᠠᠮ ᠢ | ᠰᠦᠪᠡᠭᠴᠢᠯᠡᠨ᠎ᠡ᠃ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠪᠦᠲᠦᠭᠡᠨ ᠪᠠᠶᠢᠭᠤᠯᠤᠯᠲᠠ ᠪᠠ | ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ ᠭᠦᠨᠵᠡᠭᠡᠢ ᠠᠬᠢᠭᠤᠯᠵᠤ᠂ ᠳᠡᠯᠡᠬᠡᠢ ᠶᠢᠨ | ᠲᠡᠰ ᠤᠨ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠠᠵᠤ ᠦᠢᠯᠡᠰ ᠤᠨ ᠪᠦᠯᠦᠭᠵᠢᠯ ᠢ ᠴᠣᠭᠴᠠᠯᠠᠨ᠎ᠠ᠃ | ᠬᠠᠶᠢᠨᠠᠨ ᠤ ᠴᠢᠯᠦᠭᠡᠲᠦ ᠠᠷᠠᠯᠵᠢᠶᠠᠨ ᠤ ᠭᠠᠷᠠᠮ ᠤᠨ ᠪᠦᠲᠦᠭᠡᠨ ᠪᠠᠶᠢᠭᠤᠯᠤᠯᠲᠠ᠂ ᠬᠠᠳᠤᠨ ᠭᠤᠣᠯ ᠤᠨ ᠰᠠᠪᠠ ᠭᠠᠵᠠᠷ ᠤᠨ | ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠦᠵᠡᠰᠬᠦᠯᠡᠩᠲᠦ ᠰᠠᠶᠢᠬᠠᠨ | ᠳᠤᠮᠳᠠᠳᠤ ᠤᠯᠤᠰ ᠤᠨ ᠬᠤᠰᠢᠭᠤᠴᠢ ᠣᠷᠣᠨ ᠢ ᠪᠦᠲᠦᠭᠡᠨ ᠪᠠᠶᠢᠭᠤᠯᠤᠨ᠎ᠠ᠃ ᠡᠬᠢ ᠪᠠᠶᠠᠯᠢᠭ ᠤᠨ ᠭᠡᠯᠪᠡᠷᠢ ᠶᠢᠨ ᠭᠠᠵᠠᠷ | ᠣᠷᠣᠨ ᠪᠠ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠤ ᠪᠣᠬᠢᠷᠳᠤᠯ ᠦᠭᠡᠢ ᠲᠡᠶᠢᠰᠢ ᠭᠡᠯᠪᠡᠷᠢ ᠪᠠᠨ | ᠬᠤᠪᠢᠷᠠᠭᠤᠯᠬᠤ ᠶᠢ ᠳᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠣᠬᠢᠷᠳᠤᠯ ᠦᠭᠡᠢ ᠪᠥᠭᠡᠳ | ᠨᠡᠭᠦᠷᠡᠰᠦᠲᠥ᠋ᠷᠥᠭᠴᠢ ᠪᠠᠭᠠᠲᠠᠢ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠦᠨ᠎ᠡ᠃ | ᠭᠤᠷᠪᠠ᠂ ᠠᠵᠤ ᠦᠢᠯᠡᠰ ᠤᠨ ᠪᠦᠲᠦᠴᠡ ᠶᠢᠨ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠲᠡᠶᠢᠰᠢ | ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ᠎ᠡ | ︵ᠭᠤᠷᠪᠠ︶ ᠤᠯᠠᠮᠵᠢᠯᠠᠯᠲᠤ ᠠᠵᠤ ᠦᠢᠯᠡᠰ ᠢ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠲᠡᠶᠢᠰᠢ | ᠥᠭᠡᠷᠡᠴᠢᠯᠡᠨ ᠲᠠᠰ ᠳᠡᠪᠰᠢᠭᠦᠯᠬᠦ ᠶᠢ ᠠᠬᠢᠭᠤᠯᠤᠨ᠎ᠠ᠃ ᠪᠣᠯᠣᠳ ᠲᠡᠮᠦᠷ᠂ ᠥᠩᠭᠡᠲᠦ ᠲᠡᠮᠦᠷᠯᠢᠭ᠂ ᠴᠢᠯᠠᠭᠤᠨ ᠲᠣᠰᠣ ᠪᠠ | ᠬᠢᠮᠢ᠂ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ᠂ ᠴᠠᠭᠠᠰᠤ ᠦᠢᠯᠡᠳᠬᠦ᠂ ᠳᠠᠷᠤᠮᠠᠯᠯᠠᠨ ᠪᠤᠳᠤᠬᠤ ᠵᠡᠷᠭᠡ | ᠠᠵᠢᠯ ᠲᠥᠷᠥᠯ ᠤᠨ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ | ᠶᠡᠭᠡ ᠪᠠᠷ ᠠᠬᠢᠭᠤᠯᠵᠤ᠂ ᠡᠨᠧᠷᠭᠢ ᠠᠷᠪᠢᠯᠠᠬᠤ ᠨᠡᠭᠦᠷᠡᠰᠦᠲᠥ᠋ᠷᠥᠭᠴᠢ ᠪᠠᠭᠠᠲᠠᠢ ᠪᠠ ᠴᠡᠪᠡᠷ ᠦᠢᠯᠡᠳᠪᠦᠷᠢᠯᠡᠬᠦ ᠮᠡᠷᠭᠡᠵᠢᠯ ᠤᠨ | ᠲᠣᠨᠤᠭ ᠲᠥᠬᠦᠭᠡᠷᠦᠮᠵᠢ ᠶᠢ ᠳᠡᠯᠭᠡᠷᠡᠭᠦᠯᠦᠨ᠂ ᠭᠠᠷ ᠤᠷᠠᠯᠠᠯ ᠤᠨ ᠶᠠᠪᠤᠴᠠ ᠶᠢ ᠰᠢᠨᠡᠳᠬᠡᠨ ᠲᠠᠰ ᠳᠡᠪᠰᠢᠭᠦᠯᠬᠦ ᠶᠢ | ᠠᠬᠢᠭᠤᠯᠤᠨ᠎ᠠ᠃ ᠦᠢᠯᠡᠳᠪᠦᠷᠢᠯᠡᠬᠦ ᠴᠢᠳᠠᠪᠤᠷᠢ ᠶᠢᠨ ᠬᠡᠪᠴᠢᠶ᠎ᠡ ᠪᠠ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠭᠠᠵᠠᠷ | ᠰᠢᠷᠣᠢ᠂ ᠣᠷᠴᠢᠨ ᠲᠣᠭᠤᠷᠢᠨ᠂ ᠡᠨᠧᠷᠭᠢ ᠶᠢᠨ ᠦᠷ᠎ᠡ ᠠᠰᠢᠭ᠂ ᠤᠰᠤᠨ ᠤ ᠦᠷ᠎ᠡ ᠠᠰᠢᠭ ᠪᠠ ᠨᠡᠭᠦᠷᠡᠰᠦᠲᠥ᠋ᠷᠥᠭᠴᠢ | ᠭᠠᠳᠠᠭᠰᠢᠯᠠᠭᠤᠯᠬᠤ ᠵᠡᠷᠭᠡ ᠬᠢᠵᠠᠭᠠᠷᠯᠠᠬᠤ ᠴᠢᠨᠠᠷᠲᠠᠢ ᠪᠠᠷᠢᠮᠵᠢᠶ᠎ᠠ ᠶᠢ ᠦᠷᠭᠦᠯᠵᠢᠯᠡᠨ ᠰᠢᠨᠡᠳᠬᠡᠵᠦ᠂ ᠤᠯᠤᠰ ᠤᠨ | ᠪᠠᠷᠢᠮᠵᠢᠶ᠎ᠠ ᠶᠢᠨ ᠳᠡᠭᠡᠭᠰᠢᠯᠡᠯᠲᠡ ᠪᠠᠷ ᠤᠯᠠᠮᠵᠢᠯᠠᠯᠲᠤ ᠠᠵᠤ ᠦᠢᠯᠡᠰ ᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠬᠥᠲᠥᠯᠥᠨ | ᠳᠠᠭᠠᠭᠤᠯᠵᠤ᠂ ᠦᠢᠯᠡᠳᠪᠦᠷᠢᠯᠡᠬᠦ ᠴᠢᠳᠠᠪᠤᠷᠢ ᠶᠢ ᠤᠬᠤᠷᠢᠭᠤᠯᠤᠨ ᠭᠠᠷᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ | ᠰᠢᠨ᠎ᠡ ᠪᠠᠷ ᠪᠠᠶᠢᠭᠤᠯᠬᠤ᠂ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ ᠵᠦᠢᠯ ᠤᠨ ᠡᠬᠢ ᠪᠠᠶᠠᠯᠢᠭ ᠣᠷᠴᠢᠨ | ᠲᠣᠭᠤᠷᠢᠨ ᠤ ᠲᠠᠯ᠎ᠠ ᠪᠠᠷ ᠬᠢ ᠣᠷᠣᠬᠤ ᠶᠢ ᠵᠥᠪᠰᠢᠶᠡᠷᠡᠬᠦ ᠪᠠᠷᠢᠮᠵᠢᠶ᠎ᠠ ᠶᠢ ᠵᠦᠢ ᠵᠣᠬᠢᠰᠲᠠᠢ ᠳᠡᠭᠡᠭᠰᠢᠯᠡᠭᠦᠯᠵᠦ᠂ ᠡᠨᠧᠷᠭᠢ ᠶᠢᠨ | ᠬᠤᠷᠣᠭᠳᠠᠭᠤᠯᠤᠯ ᠶᠡᠬᠡᠲᠡᠢ᠂ ᠭᠠᠳᠠᠭᠰᠢᠯᠠᠭᠤᠯᠤᠯᠲᠠ ᠶᠡᠬᠡᠲᠡᠢ᠂ ᠳᠣᠣᠷ᠎ᠠ ᠬᠢᠷᠢ ᠬᠡᠮᠵᠢᠶ᠎ᠡ ᠪᠦᠬᠦᠢ ᠲᠥᠷᠥᠯ ᠵᠦᠢᠯ ᠢ ᠰᠣᠬᠤᠷ | ᠪᠠᠯᠠᠢ ᠪᠠᠷ ᠡᠬᠢᠯᠡᠭᠦᠯᠬᠦ ᠶᠢ ᠡᠷᠡᠰ ᠬᠤᠷᠢᠭᠯᠠᠨ᠎ᠠ᠃ | ︵ᠳᠥᠷᠪᠡ︶ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠠᠵᠤ ᠦᠢᠯᠡᠰ ᠢ ᠶᠡᠭᠡ ᠪᠠᠷ | ᠬᠥᠭᠵᠢᠭᠦᠯᠦᠨ᠎ᠡ᠃ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠲᠦᠷᠭᠡᠳᠬᠡᠨ | ᠬᠥᠭᠵᠢᠭᠦᠯᠵᠦ᠂ ᠪᠣᠬᠢᠷᠳᠤᠯ ᠦᠭᠡᠢ ᠦᠢᠯᠡᠳᠬᠦ ᠰᠢᠰᠲ᠋ᠧᠮ ᠪᠠ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠪᠣᠬᠢᠷᠳᠤᠯ | ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠠᠵᠤ ᠦᠢᠯᠡᠰ ᠤᠨ ᠠᠵᠤ ᠠᠬᠤᠢ ᠶᠢᠨ ᠶᠡᠷᠦᠩᠬᠡᠢ ᠬᠡᠮᠵᠢᠶᠡᠨ ᠳᠠᠬᠢ | ᠬᠤᠪᠢ ᠶᠢᠨ ᠵᠢᠩ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠥᠷᠢᠰᠦᠯᠳᠦᠬᠦ ᠬᠦᠴᠦᠨ ᠲᠠᠢ ᠪᠣᠬᠢᠷᠳᠤᠯ ᠦᠭᠡᠢ ᠪᠥᠭᠡᠳ | ᠨᠡᠭᠦᠷᠡᠰᠦᠲᠥ᠋ᠷᠥᠭᠴᠢ ᠪᠠᠭᠠᠲᠠᠢ ᠠᠵᠤ ᠠᠬᠤᠶᠢᠯᠠᠯ ᠢ ᠲᠦᠷᠭᠡᠳᠬᠡᠨ ᠪᠤᠶᠢᠵᠢᠭᠤᠯᠵᠤ᠂ ᠨᠢᠭᠡ ᠪᠦᠯᠦᠭ ᠳᠠᠭᠠᠭᠤᠯᠤᠭᠴᠢ ᠠᠵᠤ | ᠠᠬᠤᠶᠢᠯᠠᠯ ᠪᠣᠯᠣᠨ ᠲᠤᠰᠬᠠᠶᠢᠵᠢᠭᠰᠠᠨ ᠨᠠᠷᠢᠯᠢᠭᠵᠢᠭᠰᠠᠨ ᠣᠨᠴᠠ ᠰᠢᠨ᠎ᠡ ᠳᠤᠮᠳᠠ ᠪᠠᠭ᠎ᠠ ᠠᠵᠤ ᠠᠬᠤᠶᠢᠯᠠᠯ ᠢ ᠪᠠᠶᠢᠭᠤᠯᠤᠨ᠎ᠠ᠃ | ᠡᠨᠧᠷᠭᠢ ᠶᠢᠨ ᠭᠡᠷᠡᠲᠦ ᠬᠠᠮᠢᠶᠠᠷᠤᠯᠲᠠ᠂ ᠤᠰᠤ ᠠᠷᠪᠢᠯᠠᠬᠤ ᠭᠡᠷᠡᠲᠦ ᠬᠠᠮᠢᠶᠠᠷᠤᠯᠲᠠ᠂ ᠣᠷᠴᠢᠨ ᠠᠬᠤᠢ ᠶᠢᠨ ᠪᠣᠬᠢᠷᠳᠤᠯ ᠢ | ᠭᠤᠷᠪᠠᠳᠠᠭᠢ ᠡᠲᠡᠭᠡᠳ ᠠᠴᠠ ᠵᠠᠰᠠᠬᠤ ᠵᠡᠷᠭᠡ ᠵᠠᠭᠪᠤᠷ ᠪᠠ ᠣᠷᠴᠢᠨ ᠠᠬᠤᠢ ᠶᠢ ᠵᠠᠰᠠᠬᠤ ᠦᠷ᠎ᠡ ᠪᠦᠲᠦᠮᠵᠢ ᠪᠠᠷ | ᠤᠳᠤᠷᠢᠳᠤᠮᠵᠢ ᠪᠤᠯᠭᠠᠬᠰᠠᠨ ᠣᠷᠴᠢᠨ ᠠᠬᠤᠢ ᠶᠢ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡ ᠶᠢ ᠶᠡᠭᠡ ᠪᠠᠷ ᠳᠡᠯᠭᠡᠷᠡᠭᠦᠯᠦᠨ᠎ᠡ᠃ | ᠰᠣᠶᠣᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠰᠣᠶᠣᠯ ᠪᠠ ᠵᠢᠭᠤᠯᠴᠢᠯᠠᠯ ᠤᠨ | ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ | ᠪᠠᠶᠢᠬᠤ ᠪᠠᠷ ᠤᠳᠤᠷᠢᠳᠤᠮᠵᠢ ᠪᠤᠯᠭᠠᠬᠰᠠᠨ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠭᠡᠯᠪᠡᠷᠢ᠂ ᠰᠢᠨ᠎ᠡ | ᠬᠤᠳᠠᠯᠳᠤᠭᠠᠨ ᠤ ᠬᠡᠪ ᠵᠠᠭᠪᠤᠷ ᠢ ᠲᠦᠷᠭᠡᠪᠴᠢᠯᠡᠨ ᠬᠥᠭᠵᠢᠭᠦᠯᠬᠦ ᠶᠢ ᠢᠳᠡᠪᠬᠢᠲᠡᠢ ᠵᠣᠷᠢᠭᠵᠢᠭᠤᠯᠤᠨ᠎ᠠ᠃ 2030 ᠣᠨ | ᠪᠤᠯᠬᠤ ᠳᠤ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠠᠵᠤ ᠦᠢᠯᠡᠰ ᠤᠨ ᠬᠡᠪᠴᠢᠶ᠎ᠡ ᠶᠢ 15 ᠲᠦᠮᠡᠨ | ᠳ᠋ᠦᠩᠰᠢᠭᠤᠷ ᠲᠥᠭᠦᠷᠢᠭ ᠣᠷᠴᠢᠮ ᠳᠤ ᠬᠦᠷᠦᠭᠦᠯᠦᠨ᠎ᠡ᠃ | ︵ᠲᠠᠪᠤ︶ ᠲᠣᠭᠠᠴᠢᠯᠠᠭᠰᠠᠨ ᠪᠣᠬᠢᠷᠳᠤᠯ ᠦᠭᠡᠢ ᠶᠢᠨ ᠬᠠᠮᠵᠢᠯᠴᠠᠨ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ | ᠲᠦᠷᠭᠡᠳᠬᠡᠨ᠎ᠡ᠃ ᠠᠵᠤ ᠦᠢᠯᠡᠰ ᠤᠨ ᠲᠤᠭᠠᠴᠢᠯᠠᠯᠳᠠ ᠣᠶᠤᠨᠴᠢᠯᠠᠯᠲᠠ ᠶᠢᠨ ᠪᠣᠬᠢᠷᠳᠤᠯ ᠦᠭᠡᠢ ᠯᠦᠭᠡ ᠭᠦᠨᠵᠡᠭᠡᠢ | ᠠᠭᠤᠰᠤᠯᠴᠠᠬᠤ ᠶᠢ ᠠᠬᠢᠭᠤᠯᠵᠤ᠂ ᠵᠣᠬᠢᠶᠠᠮᠠᠯ ᠣᠶᠤᠨ ᠴᠢᠳᠠᠪᠤᠷᠢ᠂ ᠲᠣᠮᠣ ᠳ᠋ᠠᠶᠢᠲ᠋ᠠ᠂ ᠡᠭᠦᠯᠡᠨ ᠪᠣᠳᠣᠯᠲᠠ᠂ ᠠᠵᠤ | ᠦᠢᠯᠡᠳᠪᠦᠷᠢ ᠶᠢᠨ ᠢᠨᠲ᠋ᠧᠷ ᠰᠦᠯᠵᠢᠶ᠎ᠡ ᠵᠡᠷᠭᠡ ᠶᠢᠨ ᠴᠠᠭᠢᠯᠭᠠᠨ ᠬᠦᠴᠦᠨ ᠤ ᠰᠢᠰᠲ᠋ᠧᠮ᠂ ᠠᠵᠤ ᠦᠢᠯᠡᠳᠪᠦᠷᠢ | ᠲᠠᠷᠢᠶᠠᠯᠠᠩ ᠤᠨ ᠦᠢᠯᠡᠳᠪᠦᠷᠢᠯᠡᠯ᠂ ᠵᠠᠮ ᠬᠠᠷᠢᠯᠴᠠᠭ᠎ᠠ ᠲᠡᠭᠡᠭᠡᠪᠦᠷᠢ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ | ᠠᠵᠢᠯᠯᠠᠭᠠᠨ ᠵᠡᠷᠭᠡ ᠬᠦᠷᠢᠶ᠎ᠡ ᠴᠠᠷᠠᠭ᠎ᠠ ᠳᠠᠬᠢ ᠬᠡᠷᠡᠭᠯᠡᠭᠡᠨ ᠢ ᠭᠦᠨᠵᠡᠭᠡᠶᠢᠷᠡᠭᠦᠯᠵᠦ᠂ ᠲᠣᠭᠠᠴᠢᠯᠠᠭᠰᠠᠨ ᠮᠡᠷᠭᠡᠵᠢᠯ ᠳᠤ ᠡᠨᠧᠷᠭᠢ | ᠣᠯᠭᠤᠵᠤ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠪᠡᠶᠡᠯᠡᠭᠦᠯᠦᠨ᠎ᠡ᠃ ᠡᠯ᠎ᠡ ᠲᠥᠷᠥᠯ ᠤᠨ | ᠬᠡᠷᠡᠭᠯᠡᠭᠴᠢᠳ ᠤᠨ ︽ᠡᠭᠦᠯᠡᠨ ᠲᠠᠪᠴᠠᠩ ᠳᠤ ᠭᠠᠷᠬᠤ᠂ ᠳ᠋ᠠᠶᠢᠲ᠋ᠠ ᠶᠢ ᠬᠡᠷᠡᠭᠯᠡᠬᠦ᠂ ᠡᠨᠧᠷᠭᠢ ᠣᠯᠭᠤᠬᠤ︾ ᠶᠢ ᠠᠬᠢᠭᠤᠯᠵᠤ᠂ | ᠠᠵᠤ ᠠᠬᠤᠶᠢᠯᠠᠯ ᠤᠨ ᠲᠤᠭᠠᠴᠢᠯᠠᠯᠲᠠ ᠣᠶᠤᠨᠴᠢᠯᠠᠯᠲᠠ ᠶᠢᠨ ᠮᠡᠷᠭᠡᠵᠢᠯ᠂ ᠪᠣᠬᠢᠷᠳᠤᠯ ᠦᠭᠡᠢ ᠬᠥᠭᠵᠢᠯᠲᠡ ᠶᠢᠨ | ᠮᠡᠷᠭᠡᠵᠢᠯ ᠢᠶᠠᠷ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠭᠦ ᠶᠢ ᠳᠡᠮᠵᠢᠨ᠎ᠡ᠃ ᠪᠣᠬᠢᠷᠳᠤᠯ ᠦᠭᠡᠢ | ᠪᠥᠭᠡᠳ ᠨᠡᠭᠦᠷᠡᠰᠦᠲᠥ᠋ᠷᠥᠭᠴᠢ ᠪᠠᠭᠠᠲᠠᠢ ᠲᠣᠭᠠᠴᠢᠯᠠᠭᠰᠠᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠠᠬᠢᠭᠤᠯᠵᠤ᠂ ᠨᠢᠭᠡᠨᠲᠡ ᠪᠠᠶᠢᠭ᠎ᠠ ᠲᠤᠨᠤᠭ ᠲᠥᠬᠦᠭᠡᠷᠦᠮᠵᠢ ᠶᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠥᠭᠡᠷᠡᠴᠢᠯᠡᠯᠲᠡ ᠶᠢ ᠠᠬᠢᠭᠤᠯᠵᠤ᠂ ︽ᠣᠨ ᠵᠢᠯ ᠤᠳᠠᠭᠰᠠᠨ ᠬᠠᠭᠤᠴᠢᠷᠠᠭᠰᠠᠨ | ᠪᠠᠭ᠎ᠠ ᠲᠠᠷᠠᠬᠠᠢ︾ ᠲᠤᠨᠤᠭ ᠲᠥᠬᠦᠭᠡᠷᠦᠮᠵᠢ ᠶᠢ ᠠᠯᠬᠤᠮ ᠠᠯᠬᠤᠮ ᠢᠶᠠᠷ ᠰᠢᠭᠰᠢᠭᠳᠡᠭᠦᠯᠦᠨ᠎ᠡ᠃ ᠲᠣᠭᠠᠴᠢᠯᠠᠭᠰᠠᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ | ᠬᠥᠭᠵᠢᠯᠲᠡ ᠶᠢ ᠬᠥᠲᠥᠯᠥᠨ ᠵᠢᠯᠤᠭᠤᠳᠴᠤ᠂ ᠡᠬᠢᠨ ᠤ ᠪᠠ ᠡᠴᠦᠰ ᠤᠨ ᠬᠡᠯᠬᠢᠶᠡᠨ ᠤ ᠠᠵᠤ ᠠᠬᠤᠶᠢᠯᠠᠯ ᠤᠨ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠴᠢᠳᠠᠪᠤᠷᠢ ᠪᠠᠨ ᠳᠡᠭᠡᠭᠰᠢᠯᠡᠭᠦᠯᠭᠦ ᠳᠤ ᠬᠦᠴᠦᠨ | ᠨᠡᠮᠡᠷᠢᠯᠡᠨ᠎ᠡ᠃ ᠣᠷᠴᠢᠨ ᠲᠣᠭᠤᠷᠢᠨ ᠤ ᠪᠣᠬᠢᠷᠳᠤᠯ ᠪᠠ ᠴᠠᠭ ᠠᠭᠤᠷ ᠤᠨ ᠭᠠᠮᠰᠢᠭ ᠢ ᠥᠨᠳᠥᠷ ᠦᠷ᠎ᠡ ᠪᠦᠲᠦᠮᠵᠢᠲᠡᠶ ᠪᠠᠷ | ᠬᠢᠨᠠᠨ ᠰᠢᠨᠵᠢᠬᠦ᠂ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠰᠡᠷᠡᠮᠵᠢᠯᠡᠭᠦᠯᠭᠦ᠂ ᠰᠢᠨᠵᠢᠯᠡᠬᠦ ᠤᠬᠠᠭᠠᠨᠴᠢ ᠪᠠᠷ ᠵᠠᠳᠠᠯᠬᠤ᠂ | ᠣᠶᠤᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠰᠢᠰᠲ᠋ᠧᠮ ᠢ ᠰᠦᠪᠡᠭᠴᠢᠯᠡᠨ ᠪᠠᠶᠢᠭᠤᠯᠤᠨ᠎ᠠ᠃ ᠪᠣᠳᠠᠲᠤ | ᠦᠵᠡᠮᠵᠢ ᠶᠢᠨ ᠭᠤᠷᠪᠠᠨ ᠬᠡᠮᠵᠢᠯᠲᠦ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠪᠣᠯᠣᠨ ᠴᠠᠭ ᠣᠷᠣᠨ ᠵᠠᠢ ᠶᠢᠨ | ᠮᠡᠳᠡᠭᠡ ᠵᠠᠩᠭᠢ ᠪᠠᠷ ᠡᠨᠧᠷᠭᠢ ᠣᠯᠭᠤᠬᠤ ᠬᠡᠷᠡᠭᠯᠡᠯᠲᠡ ᠶᠢ ᠠᠬᠢᠭᠤᠯᠤᠨ᠎ᠠ᠃ | ᠳᠥᠷᠪᠡ᠂ ᠡᠨᠧᠷᠭᠢ ᠶᠢᠨ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠲᠡᠶᠢᠰᠢ ᠭᠡᠯᠪᠡᠷᠢ ᠪᠠᠨ | ᠬᠤᠪᠢᠷᠠᠭᠤᠯᠬᠤ ᠶᠢ ᠯᠠᠪᠳᠠᠭᠤᠨ ᠢᠶᠠᠷ ᠠᠬᠢᠭᠤᠯᠤᠨ᠎ᠠ | ︵ᠵᠢᠷᠭᠤᠭ᠎ᠠ︶ ᠴᠢᠯᠠᠭᠤᠵᠢᠮᠠᠯ ᠡᠨᠧᠷᠭᠢ ᠶᠢ ᠠᠷᠢᠭᠤᠨ ᠴᠡᠪᠡᠷ ᠥᠨᠳᠥᠷ ᠪᠦᠲᠦᠮᠵᠢᠲᠡᠶ ᠪᠠᠷ ᠠᠰᠢᠭᠯᠠᠬᠤ ᠶᠢ | ᠴᠢᠩᠭᠠᠳᠬᠠᠨ᠎ᠠ᠃ ᠡᠨᠧᠷᠭᠢ ᠶᠢᠨ ᠦᠢᠯᠡᠳᠪᠦᠷᠢᠯᠡᠯ ᠬᠠᠩᠭᠠᠯᠭ᠎ᠠ ᠨᠥᠭᠡᠴᠡᠯᠡᠬᠦ ᠪᠣᠷᠤᠯᠠᠭᠤᠯᠭ᠎ᠠ ᠶᠢᠨ ᠰᠢᠰᠲ᠋ᠧᠮ ᠤᠨ | ᠪᠠᠶᠢᠭᠤᠯᠤᠯᠲᠠ ᠶᠢ ᠴᠢᠩᠭᠠᠳᠬᠠᠵᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ ᠴᠢᠯᠠᠭᠤᠵᠢᠮᠠᠯ | ᠪᠤᠰᠤ ᠡᠨᠧᠷᠭᠢ ᠶᠢᠨ ᠠᠮᠤᠷ ᠲᠦᠪᠰᠢᠨ ᠨᠠᠶᠢᠳᠠᠪᠤᠷᠢᠲᠠᠢ ᠡᠮᠬᠢ ᠵᠢᠷᠤᠮ ᠲᠠᠢ ᠪᠠᠷ ᠴᠢᠯᠠᠭᠤᠵᠢᠮᠠᠯ ᠡᠨᠧᠷᠭᠢ ᠶᠢ ᠣᠷᠣᠯᠠᠬᠤ ᠶᠢ | ᠠᠬᠢᠭᠤᠯᠵᠤ᠂ ᠡᠨᠧᠷᠭᠢ ᠶᠢᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠰᠢᠨ᠎ᠡ ᠭᠡᠯᠪᠡᠷᠢ ᠶᠢᠨ ᠡᠨᠧᠷᠭᠢ ᠶᠢᠨ | ᠰᠢᠰᠲ᠋ᠧᠮ ᠢ ᠲᠦᠷᠭᠡᠪᠴᠢᠯᠡᠨ ᠲᠥᠯᠥᠪᠵᠢᠭᠦᠯᠦᠨ ᠪᠠᠶᠢᠭᠤᠯᠤᠨ᠎ᠠ᠃ ᠴᠢᠯᠠᠭᠤᠵᠢᠮᠠᠯ ᠡᠨᠧᠷᠭᠢ ᠶᠢᠨ ᠬᠡᠷᠡᠭᠯᠡᠭᠡ ᠶᠢ ᠡᠷᠡᠰ | ᠬᠢᠵᠠᠭᠠᠷᠯᠠᠵᠤ᠂ ᠨᠡᠭᠦᠷᠡᠰᠦ ᠶᠢ ᠴᠡᠪᠡᠷ ᠥᠨᠳᠥᠷ ᠪᠦᠲᠦᠮᠵᠢᠲᠡᠶ ᠠᠰᠢᠭᠯᠠᠬᠤ ᠶᠢ ᠭᠦᠨᠵᠡᠭᠡᠢ ᠠᠬᠢᠭᠤᠯᠵᠤ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠨᠡᠭᠦᠷᠡᠰᠦᠨ ᠤ ᠬᠡᠷᠡᠭᠯᠡᠭᠡ ᠶᠢᠨ ᠨᠡᠮᠡᠭᠳᠡᠯ ᠢ | ᠴᠢᠩᠭ᠎ᠠ ᠵᠦᠢ ᠵᠣᠬᠢᠰᠲᠠᠢ ᠬᠢᠵᠠᠭᠠᠷᠯᠠᠵᠤ᠂ ᠲᠠᠷᠠᠭᠠᠴᠢ ᠶᠢᠨ 5 ᠵᠢᠯ ᠳᠤ ᠠᠯᠬᠤᠮ ᠠᠯᠬᠤᠮ ᠢᠶᠠᠷ ᠪᠠᠭᠠᠰᠬᠠᠵᠤ᠂ | ᠡᠨᠧᠷᠭᠢ ᠶᠢᠨ ᠠᠮᠤᠷ ᠲᠦᠪᠰᠢᠨ ᠬᠠᠩᠭᠠᠯᠭ᠎ᠠ ᠶᠢ ᠪᠠᠲᠤᠯᠠᠭᠰᠠᠨ ᠤᠷᠢᠲᠠᠯ ᠳᠣᠣᠷ᠎ᠠ᠂ ᠭᠤᠣᠯᠳᠠᠯᠭ᠎ᠠ ᠲᠠᠢ ᠣᠷᠣᠨ ᠪᠦᠰᠡ ᠳᠤ | ᠨᠡᠭᠦᠷᠡᠰᠦᠨ ᠤ ᠬᠡᠷᠡᠭᠯᠡᠭᠡ ᠶᠢᠨ ᠶᠡᠷᠦᠩᠬᠡᠢ ᠬᠡᠮᠵᠢᠶ᠎ᠡ ᠶᠢ ᠦᠷᠭᠦᠯᠵᠢᠯᠡᠨ ᠬᠢᠵᠠᠭᠠᠷᠯᠠᠵᠤ᠂ ᠰᠤᠯᠠ ᠨᠡᠭᠦᠷᠡᠰᠦ ᠪᠠᠷ | ᠣᠷᠣᠯᠠᠭᠤᠯᠬᠤ ᠶᠢ ᠢᠳᠡᠪᠬᠢᠲᠡᠢ ᠡᠮᠬᠢ ᠵᠢᠷᠤᠮ ᠲᠠᠢ ᠪᠠᠷ ᠠᠬᠢᠭᠤᠯᠤᠨ᠎ᠠ᠃ ᠣᠳᠣᠬᠠᠨ ᠤ ᠬᠡᠷᠡᠭᠯᠡᠵᠦ ᠪᠠᠶᠢᠭ᠎ᠠ ᠨᠡᠭᠦᠷᠡᠰᠦ | ᠴᠠᠭᠢᠯᠭᠠᠨ ᠤ ᠮᠠᠰᠢᠨ ᠴᠣᠭᠴᠠᠯᠠᠪᠤᠷᠢ ᠶᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ | ᠪᠠᠭᠠᠰᠬᠠᠬᠤ ᠥᠭᠡᠷᠡᠴᠢᠯᠡᠯᠲᠡ᠂ ᠠᠮᠢᠳᠤᠯᠢᠭ ᠴᠢᠨᠠᠷᠲᠠᠢ ᠥᠭᠡᠷᠡᠴᠢᠯᠡᠯᠲᠡ᠂ ᠢᠯᠴᠢ ᠬᠠᠩᠭᠠᠬᠤ ᠥᠭᠡᠷᠡᠴᠢᠯᠡᠯᠲᠡ ᠶᠢᠨ ︽ | ᠭᠤᠷᠪᠠ ᠶᠢ ᠥᠭᠡᠷᠡᠴᠢᠯᠡᠵᠦ ᠬᠤᠯᠪᠤᠭᠠᠯᠠᠨ ᠬᠥᠳᠡᠯᠦᠯᠴᠡᠬᠦ︾ ᠶᠢ ᠲᠦᠷᠭᠡᠳᠬᠡᠵᠦ᠂ ᠴᠠᠭᠢᠯᠭᠠᠨ ᠬᠦᠴᠦᠨ ᠤ ᠰᠢᠰᠲ᠋ᠧᠮ ᠤᠨ | ᠠᠮᠤᠷ ᠲᠦᠪᠰᠢᠨ ᠢ ᠪᠠᠲᠤᠯᠠᠬᠤ ᠳᠤ ᠵᠠᠪᠠᠯ ᠱᠠᠭᠠᠷᠳᠠᠭᠳᠠᠬᠤ ᠲᠣᠬᠢᠷᠠᠭᠤᠯᠬᠤ ᠴᠢᠨᠠᠷᠲᠠᠢ᠂ ᠲᠤᠯᠭᠠᠭᠤᠷᠢᠯᠠᠬᠤ ᠴᠢᠨᠠᠷᠲᠠᠢ | ᠨᠡᠭᠦᠷᠡᠰᠦ ᠴᠠᠭᠢᠯᠭᠠᠨ ᠢ ᠵᠦᠢ ᠵᠣᠬᠢᠰᠲᠠᠢ ᠲᠥᠯᠥᠪᠯᠡᠨ ᠪᠠᠶᠢᠭᠤᠯᠤᠨ᠎ᠠ᠃ ᠴᠢᠯᠠᠭᠤᠨ ᠲᠣᠰᠣ ᠰᠢᠲᠠᠮᠠᠬᠠᠢ ᠬᠡᠢ ᠶᠢᠨ ᠡᠬᠢ | ᠪᠠᠶᠠᠯᠢᠭ ᠢ ᠬᠠᠶᠢᠨ ᠰᠢᠨᠵᠢᠯᠡᠵᠦ ᠨᠡᠭᠡᠭᠡᠨ ᠠᠰᠢᠭᠯᠠᠬᠤ ᠪᠠ ᠨᠥᠭᠡᠴᠡᠯᠡᠬᠦ ᠶᠢ ᠨᠡᠮᠡᠭᠳᠡᠭᠦᠯᠦᠨ ᠭᠠᠷᠤᠯᠲᠠ ᠶᠢ ᠨᠡᠮᠡᠭᠳᠡᠭᠦᠯᠬᠦ | ᠡᠷᠴᠢᠮ ᠢ ᠴᠢᠩᠭᠠᠷᠠᠭᠤᠯᠵᠤ᠂ ᠴᠢᠯᠠᠭᠤᠨ ᠲᠣᠰᠣ ᠰᠢᠲᠠᠮᠠᠬᠠᠢ ᠬᠡᠢ ᠶᠢ ᠬᠠᠶᠢᠨ ᠰᠢᠨᠵᠢᠯᠡᠵᠦ ᠨᠡᠭᠡᠭᠡᠨ ᠠᠰᠢᠭᠯᠠᠬᠤ ᠬᠢᠭᠡᠳ | ᠰᠢᠨ᠎ᠡ ᠡᠨᠧᠷᠭᠢ ᠶᠢ ᠠᠭᠤᠰᠤᠯᠴᠠᠭᠤᠯᠤᠨ ᠬᠥᠭᠵᠢᠭᠦᠯᠬᠦ ᠶᠢ ᠲᠦᠷᠭᠡᠳᠬᠡᠨ᠎ᠡ᠃ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ | ᠬᠤᠷᠢᠶᠠᠨ ᠴᠤᠭᠯᠠᠭᠤᠯᠵᠤ ᠠᠰᠢᠭᠯᠠᠬᠤ ᠪᠠ ᠪᠢᠲᠡᠭᠦᠮᠵᠢᠯᠡᠨ ᠬᠠᠳᠠᠭᠠᠯᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠎ᠠ᠃ | ︵ᠳᠣᠯᠤᠭ᠎ᠠ︶ ᠴᠢᠯᠠᠭᠤᠵᠢᠮᠠᠯ ᠪᠤᠰᠤ ᠡᠨᠧᠷᠭᠢ ᠶᠢ ᠶᠡᠭᠡ ᠪᠠᠷ ᠬᠥᠭᠵᠢᠭᠦᠯᠦᠨ᠎ᠡ᠃ ᠪᠠᠷᠠᠭᠤᠨ ᠬᠤᠶᠢᠲᠤ ᠶᠢᠨ ᠰᠠᠯᠬᠢᠨ | ᠴᠠᠭᠢᠯᠭᠠᠨ ᠬᠦᠴᠦᠨ ᠭᠡᠷᠡᠯᠴᠢ ᠴᠡᠨᠡᠭ᠂ ᠪᠠᠷᠠᠭᠤᠨ ᠡᠮᠦᠨᠡᠲᠦ ᠶᠢᠨ ᠤᠰᠤᠨ ᠴᠠᠭᠢᠯᠭᠠᠨ᠂ ᠳᠠᠯᠠᠶ ᠳᠡᠭᠡᠷᠡᠬᠢ ᠰᠠᠯᠬᠢᠨ | ᠬᠦᠴᠦᠨ ᠤ ᠴᠠᠭᠢᠯᠭᠠᠨ᠂ ᠳᠠᠯᠠᠶ ᠳᠠᠭᠠᠤ ᠶᠢᠨ ᠴᠥᠮ᠎ᠡ ᠶᠢᠨ ᠴᠠᠭᠢᠯᠭᠠᠨ ᠵᠡᠷᠭᠡ ᠴᠡᠪᠡᠷ ᠡᠨᠧᠷᠭᠢ ᠶᠢᠨ ᠰᠠᠭᠤᠷᠢᠨ ᠤ ᠪᠦᠲᠦᠭᠡᠨ | ᠪᠠᠶᠢᠭᠤᠯᠤᠯᠲᠠ ᠶᠢ ᠲᠦᠷᠭᠡᠳᠬᠡᠵᠦ᠂ ᠲᠠᠷᠠᠬᠠᠢ ᠮᠠᠶ᠋ᠢᠭ ᠤᠨ ᠭᠡᠷᠡᠯᠴᠢ ᠴᠡᠨᠡᠭ᠂ ᠲᠠᠷᠠᠬᠠᠢ ᠮᠠᠶ᠋ᠢᠭ ᠤᠨ ᠰᠠᠯᠬᠢᠨ ᠴᠠᠭᠢᠯᠭᠠᠨ | ᠬᠦᠴᠦᠨ ᠢ ᠢᠳᠡᠪᠬᠢᠲᠡᠢ ᠬᠥᠭᠵᠢᠭᠦᠯᠵᠦ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠪᠣᠳᠠᠰ ᠤᠨ | ᠡᠨᠧᠷᠭᠢ᠂ ᠭᠠᠵᠠᠷ ᠤᠨ ᠢᠯᠴᠢ ᠶᠢᠨ ᠡᠨᠧᠷᠭᠢ᠂ ᠳᠠᠯᠠᠶ ᠲᠠᠩᠭᠢᠰ ᠤᠨ ᠡᠨᠧᠷᠭᠢ ᠵᠡᠷᠭᠡ ᠰᠢᠨ᠎ᠡ ᠡᠨᠧᠷᠭᠢ ᠶᠢ ᠨᠡᠭᠡᠭᠡᠨ | ᠬᠥᠭᠵᠢᠭᠦᠯᠵᠦ᠂ ᠤᠰᠤᠲᠥ᠋ᠷᠥᠭᠴᠢ ᠶᠢᠨ ᠡᠨᠧᠷᠭᠢ ᠶᠢ ︽ᠦᠢᠯᠡᠳᠬᠦ ᠨᠥᠭᠡᠴᠡᠯᠡᠬᠦ ᠬᠦᠷᠭᠡᠵᠦ ᠬᠡᠷᠡᠭᠯᠡᠬᠦ︾ ᠪᠦᠭᠦ | ᠬᠡᠯᠬᠢᠶ᠎ᠡ ᠶᠢᠨ ᠬᠥᠭᠵᠢᠯᠲᠡ ᠶᠢ ᠠᠬᠢᠭᠤᠯᠤᠨ᠎ᠠ᠃ ᠤᠰᠤᠨ ᠴᠠᠭᠢᠯᠭᠠᠨ ᠢ ᠨᠡᠭᠡᠭᠡᠨ ᠬᠥᠭᠵᠢᠭᠦᠯᠬᠦ ᠪᠠ ᠠᠮᠢ ᠠᠬᠤᠢ ᠶᠢᠨ | ᠬᠠᠮᠠᠭᠠᠯᠠᠯᠲᠠ ᠶᠢ ᠨᠢᠭᠡᠳᠦᠯᠲᠡᠢ ᠲᠥᠯᠥᠪᠯᠡᠵᠦ᠂ ᠤᠰᠤ ᠰᠠᠯᠬᠢ ᠭᠡᠷᠡᠯ ᠢ ᠨᠢᠭᠡ ᠴᠣᠭᠴᠠᠵᠢᠭᠤᠯᠤᠨ ᠨᠡᠭᠡᠭᠡᠨ ᠬᠥᠭᠵᠢᠭᠦᠯᠬᠦ ᠶᠢ | ᠠᠬᠢᠭᠤᠯᠤᠨ᠎ᠠ᠃ ᠴᠥᠮ᠎ᠡ ᠶᠢᠨ ᠴᠠᠭᠢᠯᠭᠠᠨ ᠢ ᠢᠳᠡᠪᠬᠢᠲᠡᠢ ᠠᠶᠤᠯ ᠦᠭᠡᠢ ᠡᠮᠬᠢ ᠵᠢᠷᠤᠮ ᠲᠠᠢ ᠪᠠᠷ ᠬᠥᠭᠵᠢᠭᠦᠯᠵᠦ᠂ ᠵᠦᠢ | ᠵᠣᠬᠢᠰᠲᠠᠢ ᠪᠠᠶᠢᠷᠢᠰᠢᠭᠤᠯᠬᠤ ᠪᠠ ᠲᠣᠭᠲᠠᠭᠤᠨ ᠪᠠᠶᠢᠯᠭᠠᠬᠤ ᠪᠦᠲᠦᠭᠡᠨ ᠪᠠᠶᠢᠭᠤᠯᠤᠯᠲᠠ ᠶᠢᠨ ᠠᠶᠢᠵᠠᠮ ᠢ ᠪᠠᠲᠤᠯᠠᠨ᠎ᠠ᠃ | 2030 ᠣᠨ ᠪᠤᠯᠬᠤ ᠳᠤ᠂ ᠴᠢᠯᠠᠭᠤᠵᠢᠮᠠᠯ ᠪᠤᠰᠤ ᠡᠨᠧᠷᠭᠢ ᠶᠢᠨ ᠬᠡᠷᠡᠭᠯᠡᠭᠡᠨ ᠤ ᠬᠤᠪᠢ ᠶᠢᠨ ᠵᠢᠩ ᠢ 25% ᠣᠷᠴᠢᠮ | ᠪᠤᠯᠲᠠᠯ᠎ᠠ ᠳᠡᠭᠡᠭᠰᠢᠯᠡᠭᠦᠯᠦᠨ᠎ᠡ᠃ | ︵ᠨᠠᠢᠮᠠ︶ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ ᠢ ᠲᠦᠷᠭᠡᠳᠬᠡᠨ ᠪᠠᠶᠢᠭᠤᠯᠤᠨ᠎ᠠ᠃ ᠴᠡᠪᠡᠷ | ᠡᠨᠧᠷᠭᠢ ᠶᠢᠨ ᠰᠠᠭᠤᠷᠢᠨ᠂ ᠲᠣᠬᠢᠷᠠᠭᠤᠯᠬᠤ ᠴᠢᠨᠠᠷᠲᠠᠢ ᠡᠬᠢ ᠪᠠᠶᠠᠯᠢᠭ ᠪᠠ ᠴᠠᠭᠢᠯᠭᠠᠨ ᠬᠦᠷᠭᠡᠬᠦ ᠨᠡᠪᠲᠡᠷᠡᠬᠦ ᠵᠠᠮ ᠤᠨ | ᠬᠡᠪᠴᠢᠶᠡᠲᠦ ᠴᠢᠳᠠᠪᠤᠷᠢ᠂ ᠣᠷᠣᠨ ᠵᠠᠢ ᠶᠢᠨ ᠪᠠᠶᠢᠷᠢᠰᠢᠭᠤᠯᠤᠯᠲᠠ᠂ ᠪᠦᠲᠦᠭᠡᠨ ᠪᠠᠶᠢᠭᠤᠯᠤᠯᠲᠠ ᠶᠢᠨ ᠠᠶᠢᠵᠠᠮ ᠵᠡᠷᠭᠡ | ᠲᠠᠯ᠎ᠠ ᠶᠢᠨ ᠵᠣᠯᠭᠠᠭᠤᠯᠤᠨ ᠬᠠᠮᠵᠢᠯᠴᠠᠬᠤ ᠶᠢ ᠴᠢᠩᠭᠠᠳᠬᠠᠵᠤ᠂ ᠰᠢᠲᠠᠮᠠᠬᠠᠢ ᠬᠡᠢ ᠶᠢᠨ ᠢᠷᠡᠯᠲᠡ ᠶᠢ ᠨᠠᠶᠢᠳᠠᠪᠤᠷᠢᠵᠢᠭᠤᠯᠵᠤ | ᠪᠤᠯᠬᠤ᠂ ᠰᠢᠲᠠᠮᠠᠬᠠᠢ ᠬᠡᠢ ᠶᠢᠨ ᠦᠨ᠎ᠡ ᠶᠢ ᠳᠠᠭᠠᠭᠠᠵᠤ ᠳᠡᠶᠢᠯᠭᠦ ᠭᠠᠵᠠᠷ ᠣᠷᠣᠨ ᠳᠤ ᠪᠠᠶᠢᠭᠠᠯᠢ ᠶᠢᠨ ᠰᠢᠲᠠᠮᠠᠬᠠᠢ ᠬᠡᠢ | ᠬᠡᠷᠡᠭᠯᠡᠬᠦ ᠣᠷᠭᠢᠯ ᠤᠨ ᠬᠤᠭᠤᠴᠠᠭ᠎ᠠ ᠶᠢ ᠲᠣᠬᠢᠷᠠᠭᠤᠯᠬᠤ ᠴᠠᠭᠢᠯᠭᠠᠨ ᠥᠷᠲᠡᠭᠡ ᠪᠠᠶᠢᠷᠢᠯᠠᠭᠤᠯᠬᠤ ᠶᠢ ᠵᠣᠷᠢᠭᠵᠢᠭᠤᠯᠵᠤ᠂ | ᠤᠰᠤ ᠲᠠᠲᠠᠵᠤ ᠡᠨᠧᠷᠭᠢ ᠬᠠᠳᠠᠭᠠᠯᠠᠬᠤ᠂ ᠰᠢᠨ᠎ᠡ ᠭᠡᠯᠪᠡᠷᠢ ᠶᠢᠨ ᠡᠨᠧᠷᠭᠢ ᠬᠠᠳᠠᠭᠠᠯᠠᠬᠤ᠂ ᠭᠡᠷᠡᠯ ᠢᠯᠴᠢ ᠪᠠᠷ ᠴᠠᠭᠢᠯᠭᠠᠨ | ᠭᠠᠷᠭᠠᠬᠤ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ ᠴᠠᠭᠢᠯᠭᠠᠨ ᠬᠦᠴᠦᠨ ᠤ ᠰᠢᠰᠲ᠋ᠧᠮ ᠤᠨ ᠠᠶᠤᠯ ᠦᠭᠡᠢ | ᠠᠵᠢᠯᠯᠠᠬᠤ ᠪᠠ ᠶᠡᠷᠦᠩᠬᠡᠶᠢᠯᠡᠨ ᠲᠣᠬᠢᠷᠠᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠶᠤᠨᠲᠤ ᠴᠠᠭᠢᠯᠭᠠᠨ ᠲᠣᠣᠷ ᠢ | ᠪᠦᠲᠦᠭᠡᠨ ᠪᠠᠶᠢᠭᠤᠯᠵᠤ᠂ ᠪᠢᠴᠢᠯ ᠴᠠᠭᠢᠯᠭᠠᠨ ᠲᠣᠣᠷ᠂ ᠳᠠᠭᠤᠷᠢᠶᠠᠮᠠᠯ ᠴᠠᠭᠢᠯᠭᠠᠨ ᠦᠢᠯᠡᠳᠪᠦᠷᠢ᠂ ᠡᠨᠧᠷᠭᠢ ᠲᠣᠣᠷ | ᠳᠠᠭᠠᠭᠠᠴᠠ ᠨᠥᠭᠡᠴᠡ ᠶᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ | ᠴᠠᠭᠢᠯᠭᠠᠨ ᠬᠦᠴᠦᠨ ᠤ ᠬᠡᠷᠡᠭᠴᠡᠭᠡᠨ ᠤ ᠬᠠᠵᠠᠭᠤ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠴᠠᠭᠢᠯᠭᠠᠨ ᠬᠦᠴᠦᠨ ᠤ | ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ ᠳᠤ | ᠵᠣᠬᠢᠴᠠᠬᠤ ᠪᠠᠶᠢᠭᠤᠯᠤᠯ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠦᠨ᠎ᠡ᠃ 2030 ᠣᠨ ᠪᠤᠯᠬᠤ ᠳᠤ᠂ ᠤᠰᠤ | ᠲᠠᠲᠠᠵᠤ ᠡᠨᠧᠷᠭᠢ ᠬᠠᠳᠠᠭᠠᠯᠠᠬᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ 1.2 ᠳ᠋ᠦᠩᠰᠢᠭᠤᠷ ᠭᠢᠯᠦᠸᠠᠲ ᠢ | ᠳᠠᠪᠠᠭᠤᠯᠤᠨ᠎ᠠ᠃ | ᠲᠠᠪᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ | ᠠᠬᠢᠭᠤᠯᠤᠨ᠎ᠠ | ︵ᠶᠢᠰᠦ︶ ᠵᠠᠮ ᠬᠠᠷᠢᠯᠴᠠᠭ᠎ᠠ ᠲᠡᠭᠡᠭᠡᠪᠦᠷᠢ ᠶᠢᠨ ᠪᠦᠲᠦᠴᠡ ᠶᠢ ᠰᠢᠯᠢᠳᠡᠭᠵᠢᠭᠦᠯᠦᠨ᠎ᠡ᠃ ᠪᠣᠬᠢᠷᠳᠤᠯ ᠦᠭᠡᠢ ᠪᠥᠭᠡᠳ | ᠥᠨᠳᠥᠷ ᠪᠦᠲᠦᠮᠵᠢᠲᠡᠢ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠢ ᠪᠠᠶᠢᠭᠤᠯᠵᠤ᠂ ᠤᠯᠤᠰ ᠤᠨ ᠲᠡᠮᠦᠷ ᠵᠠᠮ᠂ ᠵᠠᠰᠠᠮᠠᠯ | ᠵᠠᠮ᠂ ᠤᠰᠤᠨ ᠲᠡᠭᠡᠭᠡᠪᠦᠷᠢ ᠶᠢᠨ ᠲᠣᠣᠷ ᠢ ᠲᠡᠭᠦᠯᠳᠡᠷᠵᠢᠭᠦᠯᠦᠨ᠂ ᠠᠳᠠᠯᠢ ᠪᠤᠰᠤ ᠲᠡᠭᠡᠭᠡᠪᠦᠷᠢ ᠶᠢᠨ ᠠᠷᠭ᠎ᠠ ᠮᠠᠶ᠋ᠢᠭ ᠤᠨ ᠵᠦᠢ | ᠵᠣᠬᠢᠰᠲᠠᠢ ᠠᠵᠢᠯ ᠤᠨ ᠬᠤᠪᠢᠶᠠᠷᠢᠯᠠᠯ᠂ ᠪᠦᠲᠦᠮᠵᠢᠲᠡᠢ ᠵᠣᠯᠭᠠᠯᠳᠤᠯ ᠢ ᠠᠬᠢᠭᠤᠯᠵᠤ᠂ ᠪᠠᠷᠠᠭ᠎ᠠ ᠦᠭᠡᠢ ᠬᠤᠭᠤᠰᠤᠨ ᠢᠶᠠᠷ | ᠠᠶᠠᠯᠠᠬᠤ ᠨᠤᠷᠮ᠎ᠠ ᠪᠠ ᠠᠶᠠᠨᠴᠢᠨ ᠤ ᠪᠠ ᠪᠠᠷᠠᠭᠠᠨ ᠤ ᠲᠡᠭᠡᠭᠡᠪᠦᠷᠢ ᠶᠢᠨ ᠵᠦᠢ ᠵᠣᠬᠢᠰ ᠦᠭᠡᠢ ᠡᠷᠭᠢᠯᠲᠡ ᠶᠢᠨ ᠬᠡᠮᠵᠢᠶ᠎ᠡ ᠶᠢ | ᠪᠠᠭᠤᠷᠠᠭᠤᠯᠤᠨ᠎ᠠ᠃ ᠣᠯᠠᠨ ᠭᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ︽ᠨᠢᠭᠡ ᠬᠠᠭᠤᠳᠠᠰᠤ ᠶᠢᠨ ᠳᠦᠷᠢᠮ︾᠂ ︽ | ᠨᠢᠭᠡ ᠬᠠᠶᠢᠷᠴᠠᠭ ᠤᠨ ᠳᠦᠷᠢᠮ︾ ᠤᠨ ᠬᠥᠭᠵᠢᠯᠲᠡ ᠶᠢ ᠶᠡᠭᠡ ᠪᠠᠷ ᠠᠬᠢᠭᠤᠯᠵᠤ᠂ ᠪᠠᠷᠠᠭ᠎ᠠ ᠶᠢᠨ ᠲᠡᠭᠡᠭᠡᠪᠦᠷᠢ ᠶᠢᠨ ᠲᠤᠰᠬᠠᠢ | ᠬᠡᠷᠡᠭᠯᠡᠬᠦ ᠲᠡᠮᠦᠷ ᠵᠠᠮ ᠪᠣᠯᠣᠨ ᠳᠣᠲᠣᠭᠠᠳᠤ ᠭᠤᠣᠯ ᠤᠨ ᠳᠡᠭᠡᠳᠦ ᠲᠠᠰ ᠤᠨ ᠠᠶᠠᠯᠠᠯ ᠤᠨ ᠵᠠᠮ ᠤᠨ ᠲᠣᠣᠷ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ᠂ ᠭᠤᠣᠯ ᠪᠤᠯᠬᠤ ᠭᠠᠷᠠᠮ᠂ ᠲᠣᠮᠣ ᠭᠡᠯᠪᠡᠷᠢ ᠶᠢᠨ ᠦᠢᠯᠡᠳᠪᠦᠷᠢ ᠠᠭᠤᠷᠬᠠᠢ ᠶᠢᠨ ᠠᠵᠤ | ᠠᠬᠤᠶᠢᠯᠠᠯ ᠪᠣᠯᠣᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠲᠡᠮᠦᠷ ᠵᠠᠮ ᠤᠨ ᠲᠤᠰᠬᠠᠢ ᠬᠡᠷᠡᠭᠯᠡᠬᠦ | ᠱᠤᠭᠤᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠣᠬᠢᠷᠳᠤᠯ ᠦᠭᠡᠢ ᠲᠥᠪᠯᠡᠷᠡᠭᠦᠯᠬᠦ ᠲᠠᠷᠬᠠᠭᠠᠬᠤ ᠲᠡᠭᠡᠭᠡᠪᠦᠷᠢᠯᠡᠬᠦ | ᠬᠠᠷᠢᠴᠠᠯ ᠢ ᠳᠡᠭᠡᠭᠰᠢᠯᠡᠭᠦᠯᠦᠨ᠂ ᠪᠥᠭᠡᠮ ᠲᠠᠸᠠᠷ ᠤᠨ ᠲᠡᠮᠦᠷ ᠵᠠᠮ᠂ ᠤᠰᠤᠨ ᠵᠠᠮ ᠤᠨ ᠲᠡᠭᠡᠭᠡᠪᠦᠷᠢ ᠶᠢᠨ ᠬᠤᠪᠢ ᠶᠢᠨ ᠵᠢᠩ ᠢ | ᠦᠷᠭᠦᠯᠵᠢᠯᠡᠨ ᠳᠡᠭᠡᠭᠰᠢᠯᠡᠭᠦᠯᠦᠨ᠎ᠡ᠃ ᠠᠷᠠᠳ ᠤᠨ ᠠᠭᠠᠷ ᠤᠨ ᠲᠡᠭᠡᠭᠡᠪᠦᠷᠢ ᠶᠢᠨ ᠠᠭᠠᠷ ᠤᠨ ᠠᠶᠠᠯᠠᠯ ᠤᠨ ᠱᠤᠭᠤᠮ ᠢ | ᠰᠢᠯᠢᠳᠡᠭᠵᠢᠭᠦᠯᠵᠦ᠂ ᠨᠢᠰᠬᠡᠯ ᠤᠨ ᠪᠠᠭᠤᠳᠠᠯ ᠤᠨ ᠠᠵᠢᠯᠯᠠᠭᠠᠨ ᠤ ᠴᠠᠬᠢᠯᠭᠠᠨᠵᠢᠭᠤᠯᠬᠤ ᠣᠶᠤᠨᠴᠢᠯᠠᠬᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ | ︵ᠠᠷᠪᠠ︶ ᠪᠣᠬᠢᠷᠳᠤᠯ ᠦᠭᠡᠢ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢ ᠪᠦᠲᠦᠭᠡᠨ ᠪᠠᠶᠢᠭᠤᠯᠤᠨ᠎ᠠ᠃ | ᠰᠢᠨ᠎ᠡ ᠪᠠᠷ ᠪᠠᠶᠢᠭᠤᠯᠬᠤ ᠲᠡᠷᠭᠡᠨ ᠥᠷᠲᠡᠭᠡ᠂ ᠨᠢᠰᠬᠡᠯ ᠤᠨ ᠪᠠᠭᠤᠳᠠᠯ᠂ ᠭᠠᠷᠠᠮ᠂ ᠲᠦᠷᠭᠡᠨ ᠤ ᠵᠠᠰᠠᠮᠠᠯ ᠵᠠᠮ ᠤᠨ ᠲᠤᠨᠤᠭ | ᠲᠥᠬᠦᠭᠡᠷᠦᠮᠵᠢ ᠶᠢᠨ ᠪᠣᠬᠢᠷᠳᠤᠯ ᠦᠭᠡᠢ ᠪᠥᠭᠡᠳ ᠣᠶᠤᠨᠴᠢᠯᠠᠭᠰᠠᠨ ᠬᠢᠷᠢ ᠲᠦᠪᠰᠢᠨ ᠢ ᠳᠡᠭᠡᠭᠰᠢᠯᠡᠭᠦᠯᠵᠦ᠂ ᠣᠳᠣ ᠶᠢᠨ | ᠪᠠᠶᠢᠭ᠎ᠠ ᠵᠠᠮ ᠬᠠᠷᠢᠯᠴᠠᠭ᠎ᠠ ᠶᠢᠨ ᠰᠠᠭᠤᠷᠢ ᠲᠥᠬᠦᠭᠡᠷᠦᠮᠵᠢ ᠶᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠲᠡᠶᠢᠰᠢ ᠥᠭᠡᠷᠡᠴᠢᠯᠡᠨ ᠳᠡᠭᠡᠭᠰᠢᠯᠡᠭᠦᠯᠭᠦ ᠶᠢ ᠠᠬᠢᠭᠤᠯᠤᠨ᠂ ᠨᠢᠭᠡ ᠪᠦᠯᠦᠭ | ᠨᠡᠭᠦᠷᠡᠰᠦᠲᠥ᠋ᠷᠥᠭᠴᠢ ᠪᠠᠭᠠᠲᠠᠢ ︵ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ︶ ᠲᠡᠷᠭᠡᠨ ᠥᠷᠲᠡᠭᠡ᠂ ᠨᠢᠰᠬᠡᠯ ᠤᠨ | ᠪᠠᠭᠤᠳᠠᠯ᠂ ᠭᠠᠷᠠᠮ᠂ ᠲᠦᠷᠭᠡᠨ ᠤ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠢ ᠪᠦᠲᠦᠭᠡᠨ ᠪᠠᠶᠢᠭᠤᠯᠵᠤ᠂ ᠲᠦᠷᠭᠡᠨ ᠤ | ᠵᠠᠰᠠᠮᠠᠯ ᠵᠠᠮ ᠳᠠᠭᠠᠤ ᠶᠢᠨ ᠭᠡᠷᠡᠯᠴᠢ ᠴᠡᠨᠡᠭ ᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ | ᠬᠥᠭᠵᠢᠭᠦᠯᠦᠨ᠎ᠡ᠃ ᠴᠡᠨᠡᠭᠯᠡᠬᠦ ︵ᠰᠣᠯᠢᠬᠤ︶ ᠴᠠᠭᠢᠯᠭᠠᠨ ᠥᠷᠲᠡᠭᠡ᠂ ᠤᠰᠤᠲᠥ᠋ᠷᠥᠭᠴᠢ ︵ᠠᠯᠺᠤᠣᠯ︶ ᠨᠡᠮᠡᠬᠦ ᠥᠷᠲᠡᠭᠡ᠂ | ᠡᠷᠭᠢ ᠶᠢᠨ ᠴᠠᠭᠢᠯᠭᠠᠨ ᠵᠡᠷᠭᠡ ᠰᠠᠭᠤᠷᠢ ᠲᠥᠬᠦᠭᠡᠷᠦᠮᠵᠢ ᠶᠢᠨ ᠲᠣᠣᠷ ᠢ ᠲᠡᠭᠦᠯᠳᠡᠷᠵᠢᠭᠦᠯᠵᠦ᠂ ᠬᠤᠲᠠ ᠶᠢᠨ ᠣᠶᠤᠨᠲᠤ ᠵᠠᠮ | ᠬᠠᠷᠢᠯᠴᠠᠭ᠎ᠠ ᠶᠢᠨ ᠬᠠᠮᠢᠶᠠᠷᠤᠯᠲᠠ ᠶᠢᠨ ᠰᠢᠰᠲ᠋ᠧᠮ ᠢ ᠲᠦᠷᠭᠡᠳᠬᠡᠨ ᠪᠠᠶᠢᠭᠤᠯᠤᠨ᠎ᠠ᠃ ᠬᠤᠲᠠ ᠬᠥᠳᠡᠭᠡ ᠶᠢᠨ ᠪᠠᠷᠠᠭᠠᠨ ᠤ | ᠭᠦᠢᠯᠭᠡᠭᠡᠨ ᠤ ᠲᠣᠬᠢᠷᠠᠭᠤᠯᠤᠨ ᠬᠦᠷᠭᠡᠬᠦ ᠰᠢᠰᠲ᠋ᠧᠮ ᠢ ᠲᠡᠭᠦᠯᠳᠡᠷᠵᠢᠭᠦᠯᠵᠦ᠂ ᠲᠣᠬᠢᠷᠠᠭᠤᠯᠤᠨ ᠬᠦᠷᠭᠡᠬᠦ ᠠᠷᠭ᠎ᠠ ᠮᠠᠶ᠋ᠢᠭ ᠤᠨ | ᠪᠣᠬᠢᠷᠳᠤᠯ ᠦᠭᠡᠢ ᠪᠥᠭᠡᠳ ᠣᠶᠤᠨᠴᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ᠬᠤᠲᠠ ᠶᠢᠨ ᠣᠯᠠᠨ | ᠨᠡᠶᠢᠲᠡ ᠶᠢᠨ ᠵᠠᠮ ᠬᠠᠷᠢᠯᠴᠠᠭ᠎ᠠ ᠶᠢ ᠤᠷᠢᠳ ᠢᠶᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ | ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠶᠠᠪᠠᠭᠠᠨ ᠬᠥᠮᠥᠨ ᠤ | ᠵᠠᠮ ᠪᠠ ᠳᠤᠭᠤᠢ ᠲᠡᠷᠭᠡᠨ ᠤ ᠲᠤᠰᠬᠠᠢ ᠵᠠᠮ ᠵᠡᠷᠭᠡ ᠬᠤᠳᠠ ᠶᠢᠨ ᠤᠳᠠᠭᠠᠨ ᠶᠠᠪᠤᠬᠤ ᠵᠠᠮ ᠤᠨ ᠰᠢᠰᠲ᠋ᠧᠮ ᠤᠨ | ᠪᠠᠶᠢᠭᠤᠯᠤᠯᠲᠠ ᠶᠢ ᠴᠢᠩᠭᠠᠳᠬᠠᠨ᠎ᠠ᠃ | ︵ᠠᠷᠪᠠᠨ ᠨᠢᠭᠡ︶ ᠨᠡᠭᠦᠷᠡᠰᠦᠲᠥ᠋ᠷᠥᠭᠴᠢ ᠪᠠᠭᠠᠲᠠᠢ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠭᠠᠵᠢ ᠶᠢ ᠳᠡᠯᠭᠡᠷᠡᠭᠦᠯᠦᠨ᠎ᠡ᠃ | ᠰᠢᠨ᠎ᠡ ᠡᠨᠧᠷᠭᠢ ᠬᠡᠷᠡᠭᠯᠡᠬᠦ ᠮᠠᠰᠢᠨ ᠲᠡᠷᠭᠡ ᠶᠢ ᠶᠡᠭᠡ ᠪᠠᠷ ᠳᠡᠯᠭᠡᠷᠡᠭᠦᠯᠵᠦ᠂ ᠬᠤᠳᠠ ᠶᠢᠨ ᠤᠯᠠᠨ ᠨᠡᠶᠢᠲᠡ ᠶᠢᠨ | ᠦᠢᠯᠡᠴᠢᠯᠡᠭᠡᠨ ᠤ ᠲᠡᠷᠭᠡ ᠶᠢᠨ ᠴᠠᠬᠢᠯᠭᠠᠨᠵᠢᠭᠤᠯᠤᠯᠲᠠ ᠪᠠᠷ ᠣᠷᠣᠯᠠᠭᠤᠯᠬᠤ ᠶᠢ ᠠᠬᠢᠭᠤᠯᠤᠨ᠎ᠠ᠃ ᠣᠩᠭᠤᠴᠠ ᠰᠠᠯ᠂ | ᠨᠢᠰᠦᠭᠦᠷ᠂ ᠵᠠᠮ ᠬᠠᠷᠢᠯᠴᠠᠭᠠᠨ ᠤ ᠪᠤᠰᠤ ᠰᠢᠯᠵᠢᠭᠡ ᠮᠧᠬᠠᠨᠢᠭ ᠵᠡᠷᠭᠡ ᠳᠤ ᠴᠡᠪᠡᠷ ᠬᠥᠳᠡᠯᠭᠡᠭᠴᠢ ᠬᠦᠴᠦᠨ ᠬᠡᠷᠡᠭᠯᠡᠬᠦ ᠶᠢ | ᠠᠬᠢᠭᠤᠯᠵᠤ᠂ ᠬᠠᠭᠤᠴᠢᠨ ᠲᠡᠭᠡᠭᠡᠪᠦᠷᠢ ᠶᠢᠨ ᠪᠠᠭᠠᠵᠢ ᠶᠢ ᠲᠦᠷᠭᠡᠪᠴᠢᠯᠡᠨ ᠰᠢᠭᠰᠢᠭᠳᠡᠭᠦᠯᠵᠦ᠂ ᠭᠠᠳᠠᠭᠰᠢᠯᠠᠭᠤᠯᠤᠯᠲᠠ ᠦᠭᠡᠢ | ᠪᠠᠷᠠᠭᠠᠨ ᠤ ᠲᠡᠭᠡᠭᠡᠪᠦᠷᠢ ᠶᠢ ᠠᠬᠢᠭᠤᠯᠵᠤ᠂ ᠦᠷᠭᠦᠯᠵᠢᠯᠡᠬᠦ ᠠᠭᠠᠷ ᠤᠨ ᠠᠶᠠᠯᠠᠯ ᠤᠨ ᠲᠦᠯᠡᠰᠢ ᠶᠢ ᠰᠤᠳᠤᠯᠤᠨ ᠨᠡᠭᠡᠭᠡᠵᠦ | ᠬᠡᠷᠡᠭᠯᠡᠬᠦ ᠶᠢ ᠴᠢᠩᠭᠠᠳᠬᠠᠨ᠂ ᠭᠠᠳᠠᠭᠰᠢᠯᠠᠭᠤᠯᠤᠯᠲᠠ ᠦᠭᠡᠢ ᠴᠡᠪᠡᠷ ᠭᠠᠳᠠᠭᠰᠢᠯᠠᠭᠤᠯᠤᠯᠲᠠ ᠲᠠᠢ ᠣᠩᠭᠤᠴᠠᠨ ᠳᠤ ᠬᠡᠷᠡᠭᠯᠡᠬᠦ | ᠲᠦᠯᠡᠰᠢ ᠶᠢ ᠰᠤᠳᠤᠯᠤᠨ ᠨᠡᠭᠡᠭᠡᠵᠦ ᠦᠢᠯᠡᠳᠪᠦᠷᠢᠯᠡᠵᠦ ᠬᠡᠷᠡᠭᠯᠡᠬᠦ ᠶᠢ ᠵᠣᠷᠢᠭᠵᠢᠭᠤᠯᠤᠨ᠎ᠠ᠃ 2030 ᠣᠨ ᠪᠤᠯᠬᠤ ᠳᠤ᠂ | ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠤᠨ ᠨᠢᠭᠡᠴᠢ ᠶᠢ ᠰᠣᠯᠢᠵᠤ ᠪᠤᠳᠤᠬᠤ ᠡᠷᠭᠢᠯᠲᠡ ᠶᠢᠨ ᠬᠡᠮᠵᠢᠶ᠎ᠡ ᠶᠢᠨ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠦᠴᠦᠯᠡᠴᠡ ᠶᠢ 2020 ᠣᠨ ᠤ ᠬᠢ ᠠᠴᠠ 9.5% ᠣᠷᠴᠢᠮ ᠪᠤᠯᠲᠠᠯ᠎ᠠ | ᠪᠠᠭᠤᠷᠠᠭᠤᠯᠤᠨ᠎ᠠ᠃ 2035 ᠣᠨ ᠪᠤᠯᠬᠤ ᠳᠤ᠂ ᠰᠢᠨ᠎ᠡ ᠡᠨᠧᠷᠭᠢ ᠶᠢᠨ ᠮᠠᠰᠢᠨ ᠲᠡᠷᠭᠡ ᠨᠢ ᠰᠢᠨ᠎ᠡ ᠪᠠᠷ ᠪᠣᠷᠣᠯᠠᠭᠤᠯᠬᠤ | ᠮᠠᠰᠢᠨ ᠲᠡᠷᠭᠡᠨ ᠤ ᠭᠤᠣᠯ ᠤᠷᠤᠰᠬᠠᠯ ᠪᠣᠯᠣᠨ᠎ᠠ᠃ | ᠵᠢᠷᠭᠤᠭ᠎ᠠ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠪᠣᠬᠢᠷᠳᠤᠯ ᠦᠭᠡᠢ ᠲᠡᠶᠢᠰᠢ | ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ | ︵ᠠᠷᠪᠠᠨ ᠬᠤᠶᠠᠷ︶ ᠪᠣᠬᠢᠷᠳᠤᠯ ᠦᠭᠡᠢ ᠲᠥᠯᠥᠪᠯᠡᠨ ᠪᠠᠶᠢᠭᠤᠯᠬᠤ ᠠᠷᠭ᠎ᠠ ᠮᠠᠶ᠋ᠢᠭ ᠢ ᠬᠡᠷᠡᠭᠵᠢᠭᠦᠯᠦᠨ᠎ᠡ᠃ ᠬᠤᠲᠠ | ᠬᠥᠳᠡᠭᠡ ᠶᠢᠨ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠵᠠᠰᠠᠯᠲᠠ ᠶᠢᠨ ᠡᠯ᠎ᠡ ᠭᠤᠭᠴᠤᠭ᠎ᠠ ᠳᠤ ᠪᠣᠬᠢᠷᠳᠤᠯ ᠦᠭᠡᠢ | ᠲᠡᠶᠢᠰᠢ ᠭᠡᠯᠪᠡᠷᠢ ᠪᠠᠨ ᠬᠤᠪᠢᠷᠠᠭᠤᠯᠬᠤ ᠱᠠᠭᠠᠷᠳᠠᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠪᠣᠬᠢᠷᠳᠤᠯ ᠦᠭᠡᠢ | ᠪᠥᠭᠡᠳ ᠨᠡᠭᠦᠷᠡᠰᠦᠲᠥ᠋ᠷᠥᠭᠴᠢ ᠪᠠᠭᠠᠲᠠᠢ ᠲᠥᠯᠦᠪᠵᠢᠭᠦᠯᠭᠡ ᠵᠢᠷᠤᠭ ᠲᠥᠯᠥᠪᠯᠡᠭᠡ ᠶᠢᠨ ᠣᠶᠢᠯᠠᠭᠠᠭᠳᠠᠬᠤᠨ ᠢ ᠰᠠᠨᠠᠭᠠᠴᠢᠯᠠᠵᠤ᠂ | ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠢ ᠴᠢᠩᠭ᠎ᠠ ᠰᠠᠬᠢᠵᠤ᠂ ᠰᠢᠨ᠎ᠡ ᠪᠠᠷ ᠨᠡᠮᠡᠭᠳᠡᠭᠰᠡᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠡᠲᠦ ᠲᠦᠷᠭᠡᠨ ᠨᠡᠮᠡᠭᠳᠡᠬᠦ ᠶᠢ ᠡᠵᠡᠮᠳᠡᠨ᠂ ᠵᠦᠯᠭᠡᠨ ᠭᠠᠵᠠᠷ᠂ ᠤᠰᠤᠨ ᠣᠷᠣᠨ᠂ | ᠨᠤᠭᠤ ᠭᠠᠵᠠᠷ ᠵᠡᠷᠭᠡ ᠠᠮᠢ ᠠᠬᠤᠢ ᠶᠢᠨ ᠣᠷᠣᠨ ᠵᠠᠢ ᠶᠢ ᠬᠠᠮᠠᠭᠠᠯᠠᠬᠤ ᠪᠠ ᠰᠡᠷᠭᠦᠭᠡᠵᠦ᠂ ᠱᠤᠤᠭᠢᠶᠠᠨ ᠳᠤ ᠰᠡᠷᠭᠡᠭ ᠪᠠᠷᠢᠯᠭ᠎ᠠ | ᠲᠥᠪᠯᠡᠷᠡᠭᠰᠡᠨ ᠣᠷᠣᠨ ᠪᠦᠰᠡ ᠶᠢ ᠵᠦᠢ ᠵᠣᠬᠢᠰᠲᠠᠢ ᠲᠥᠯᠥᠪᠯᠡᠨ᠎ᠡ᠃ ᠠᠭᠤᠷ ᠠᠮᠢᠰᠬᠤᠯ ᠳᠤ ᠵᠣᠬᠢᠴᠠᠬᠤ ᠭᠡᠯᠪᠡᠷᠢ ᠶᠢᠨ | ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠤᠲᠠ ᠬᠥᠳᠡᠭᠡ ᠶᠢᠨ ᠠᠭᠤᠷ ᠠᠮᠢᠰᠬᠤᠯ ᠤᠨ ᠤᠶᠠᠨ ᠬᠠᠳᠠᠨ | ᠴᠢᠨᠠᠷ ᠢ ᠨᠡᠮᠡᠭᠳᠡᠭᠦᠯᠦᠨ᠎ᠡ᠃ ᠪᠣᠬᠢᠷᠳᠤᠯ ᠦᠭᠡᠢ ᠪᠦᠲᠦᠭᠡᠨ ᠪᠠᠶᠢᠭᠤᠯᠬᠤ ᠠᠷᠭ᠎ᠠ ᠮᠠᠶ᠋ᠢᠭ ᠢ ᠳᠡᠯᠭᠡᠷᠡᠭᠦᠯᠵᠦ᠂ ᠪᠣᠬᠢᠷᠳᠤᠯ | ᠦᠭᠡᠢ ᠪᠠᠷᠢᠯᠭ᠎ᠠ ᠶᠢᠨ ᠮᠠᠲ᠋ᠧᠷᠢᠶᠠᠯ ᠢ ᠡᠩ ᠲᠡᠷᠢᠭᠦᠨ ᠳᠤ ᠰᠣᠩᠭᠤᠨ ᠬᠡᠷᠡᠭᠯᠡᠵᠦ᠂ ᠳᠡᠭᠳᠡᠮᠡᠯ ᠲᠣᠭᠤᠰᠣᠨ ᠤ ᠪᠣᠬᠢᠷᠳᠤᠯ ᠢ | ᠶᠡᠷᠦᠩᠬᠡᠶᠢᠯᠡᠨ ᠵᠠᠰᠠᠬᠤ ᠶᠢ ᠭᠦᠨᠵᠡᠭᠡᠶᠢᠷᠡᠭᠦᠯᠦᠨ᠎ᠡ᠃ | ︵ᠠᠷᠪᠠᠨ ᠭᠤᠷᠪᠠ︶ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠪᠠᠷᠢᠯᠭ᠎ᠠ ᠶᠢ ᠶᠡᠭᠡ ᠪᠠᠷ | ᠬᠥᠭᠵᠢᠭᠦᠯᠦᠨ᠎ᠡ᠃ ᠪᠠᠷᠢᠯᠭ᠎ᠠ ᠶᠢᠨ ᠡᠨᠧᠷᠭᠢ ᠶᠢᠨ ᠠᠰᠢᠭᠯᠠᠮᠵᠢ ᠶᠢᠨ ᠳᠡᠰ ᠤᠨ ᠳᠦᠷᠢᠮ ᠢ ᠪᠠᠶᠢᠭᠤᠯᠤᠨ᠎ᠠ᠃ ᠰᠢᠨ᠎ᠡ ᠪᠠᠷ | ᠪᠠᠶᠢᠭᠤᠯᠤᠭᠰᠠᠨ ᠪᠠᠷᠢᠯᠭ᠎ᠠ ᠶᠢᠨ ᠳᠤᠮᠳᠠ ᠣᠳᠣᠨ ᠲᠠᠰ ᠤᠨ ᠪᠣᠬᠢᠷᠳᠤᠯ ᠦᠭᠡᠢ ᠪᠠᠷᠢᠯᠭ᠎ᠠ ᠶᠢᠨ ᠬᠠᠷᠢᠴᠠᠯ ᠢ ᠳᠡᠭᠡᠭᠰᠢᠯᠡᠭᠦᠯᠵᠦ᠂ | ᠭᠡᠲᠦ ᠪᠠᠭ᠎ᠠ ᠡᠨᠧᠷᠭᠢ ᠶᠢᠨ ᠬᠤᠷᠣᠭᠳᠠᠯ ᠲᠠᠢ ᠪᠠᠷᠢᠯᠭ᠎ᠠ ᠶᠢᠨ ᠬᠡᠪᠴᠢᠶᠡᠵᠢᠭᠰᠡᠨ ᠬᠥᠭᠵᠢᠯᠲᠡ ᠶᠢ ᠠᠬᠢᠭᠤᠯᠤᠨ᠎ᠠ᠃ ᠨᠢᠭᠡᠨᠲᠡ | ᠪᠠᠶᠢᠭ᠎ᠠ ᠪᠠᠷᠢᠯᠭ᠎ᠠ ᠪᠣᠯᠣᠨ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠡᠨᠧᠷᠭᠢ ᠠᠷᠪᠢᠯᠠᠨ ᠤᠰᠤ ᠠᠷᠪᠢᠯᠠᠵᠤ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠥᠭᠡᠷᠡᠴᠢᠯᠡᠯᠲᠡ ᠶᠢ ᠲᠦᠷᠭᠡᠳᠬᠡᠨ᠂ ᠲᠡᠷᠢᠭᠦᠨ ᠤ | ᠪᠥᠭᠡᠳ ᠥᠨᠳᠥᠷ ᠦᠷ᠎ᠡ ᠪᠦᠲᠦᠮᠵᠢᠲᠡᠶ ᠭᠡᠷᠡᠯᠲᠦᠭᠦᠯᠭᠡ᠂ ᠠᠭᠠᠷ ᠲᠣᠬᠢᠷᠠᠭᠤᠯᠤᠭᠴᠢ᠂ ᠴᠠᠭᠢᠯᠭᠠᠨ ᠱᠠᠲᠤ ᠵᠡᠷᠭᠡ | ᠲᠥᠬᠦᠭᠡᠷᠦᠮᠵᠢ ᠶᠢ ᠳᠡᠯᠭᠡᠷᠡᠭᠦᠯᠦᠨ᠎ᠡ᠃ ᠪᠠᠷᠢᠯᠭ᠎ᠠ ᠶᠢᠨ ᠡᠨᠧᠷᠭᠢ ᠬᠡᠷᠡᠭᠯᠡᠬᠦ ᠪᠦᠲᠦᠴᠡ ᠶᠢ ᠰᠢᠯᠢᠳᠡᠭᠵᠢᠭᠦᠯᠵᠦ᠂ ᠪᠠᠷᠢᠯᠭ᠎ᠠ ᠶᠢᠨ | ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ︽ᠭᠡᠷᠡᠯᠴᠢ ᠴᠡᠨᠡᠭ᠂ ᠡᠨᠧᠷᠭᠢ | ᠬᠠᠳᠠᠭᠠᠯᠠᠬᠤ᠂ ᠲᠣᠭᠲᠠᠮᠠᠯ ᠭᠦᠶᠦᠳᠡᠯᠲᠦ ᠴᠠᠭᠢᠯᠭᠠᠨ᠂ ᠤᠶᠠᠨ ᠴᠢᠨᠠᠷ ᠪᠦᠬᠦᠢ ᠠᠭᠤᠰᠤᠯᠴᠠᠯ︾ ᠤᠨ ᠮᠡᠷᠭᠡᠵᠢᠯ ᠤᠨ | ᠬᠡᠷᠡᠭᠯᠡᠯᠲᠡ ᠶᠢ ᠠᠬᠢᠭᠤᠯᠵᠤ᠂ ᠴᠡᠪᠡᠷ ᠨᠡᠭᠦᠷᠡᠰᠦᠲᠥ᠋ᠷᠥᠭᠴᠢ ᠪᠠᠭᠠᠲᠠᠢ ᠢᠯᠴᠢ ᠬᠠᠩᠭᠠᠬᠤ ᠶᠢ ᠬᠥᠭᠵᠢᠭᠦᠯᠦᠨ᠎ᠡ᠃ | ︵ᠠᠷᠪᠠᠨ ᠳᠥᠷᠪᠡ︶ ᠬᠥᠳᠡᠭᠡ ᠠᠵᠤ ᠠᠬᠤᠢ ᠬᠥᠳᠡᠭᠡ ᠲᠣᠰᠬᠤᠨ ᠤ ᠪᠣᠬᠢᠷᠳᠤᠯ ᠦᠭᠡᠢ ᠬᠥᠭᠵᠢᠯᠲᠡ ᠶᠢ | ᠠᠬᠢᠭᠤᠯᠤᠨ᠎ᠠ᠃ ᠬᠥᠳᠡᠭᠡ ᠠᠵᠤ ᠠᠬᠤᠢ ᠬᠥᠳᠡᠭᠡ ᠲᠣᠰᠬᠤᠨ ᠤ ᠭᠠᠳᠠᠭᠰᠢᠯᠠᠭᠤᠯᠤᠯᠲᠠ ᠶᠢ ᠪᠠᠭᠠᠰᠬᠠᠵᠤ | ᠨᠡᠭᠦᠷᠡᠰᠦᠲᠥ᠋ᠷᠥᠭᠴᠢ ᠶᠢ ᠲᠣᠭᠲᠠᠪᠤᠷᠢᠵᠢᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠲᠠᠷᠢᠵᠤ ᠲᠡᠵᠢᠭᠡᠬᠦ ᠪᠦᠲᠦᠴᠡ ᠶᠢ | ᠰᠢᠯᠢᠳᠡᠭᠵᠢᠭᠦᠯᠦᠨ᠂ ᠲᠠᠷᠢᠮᠠᠯ ᠤᠨ ᠪᠠ ᠮᠠᠯ ᠵᠢᠭᠦᠷᠲᠡᠨ ᠤ ᠰᠢᠯᠢᠳᠡᠭ ᠡᠭᠦᠯᠳᠡᠷ ᠪᠠ ᠪᠣᠬᠢᠷᠳᠤᠯ ᠦᠭᠡᠢ ᠪᠥᠭᠡᠳ ᠥᠨᠳᠥᠷ | ᠪᠦᠲᠦᠮᠵᠢᠲᠡᠢ ᠲᠠᠷᠢᠵᠤ ᠲᠡᠵᠢᠭᠡᠬᠦ ᠮᠡᠷᠭᠡᠵᠢᠯ ᠢ ᠳᠡᠯᠭᠡᠷᠡᠭᠦᠯᠵᠦ᠂ ᠬᠢᠮᠢ ᠶᠢᠨ ᠪᠣᠷᠳᠣᠭᠤᠷ᠂ ᠲᠠᠷᠢᠶᠠᠨ ᠡᠮ ᠵᠡᠷᠭᠡ ᠬᠥᠳᠡᠭᠡ | ᠠᠵᠤ ᠠᠬᠤᠢ ᠶᠢᠨ ᠣᠷᠣᠭᠤᠯᠤᠯᠲᠠ ᠶᠢᠨ ᠡᠳ᠋ ᠤᠨ ᠬᠡᠮᠵᠢᠶ᠎ᠡ ᠶᠢ ᠪᠠᠭᠠᠰᠬᠠᠵᠤ ᠦᠷ᠎ᠡ ᠠᠰᠢᠭ ᠢ ᠨᠡᠮᠡᠭᠳᠡᠭᠦᠯᠬᠦ ᠶᠢ | ᠠᠬᠢᠭᠤᠯᠤᠨ᠎ᠠ᠃ ᠡᠰᠢ ᠰᠦᠷᠡᠯ᠂ ᠲᠠᠷᠢᠶᠠᠯᠠᠩ ᠤᠨ ᠰᠦᠯᠢᠶᠥᠦ ᠪᠦᠷᠬᠦᠪᠴᠢ᠂ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ | ᠬᠠᠶᠠᠭᠳᠠᠮᠠᠯ ᠡᠳ᠋᠂ ᠮᠠᠯ ᠵᠢᠭᠦᠷᠲᠡᠨ ᠤ ᠢᠯᠭᠠᠳᠠᠰᠤ ᠵᠡᠷᠭᠡ ᠲᠠᠷᠢᠶᠠᠯᠠᠩ ᠤᠨ ᠬᠠᠶᠠᠭᠳᠠᠮᠠᠯ ᠡᠳ᠋ ᠢ ᠴᠤᠭᠯᠠᠭᠤᠯᠤᠨ ᠠᠰᠢᠭᠯᠠᠵᠤ | ᠰᠢᠢᠳᠪᠦᠷᠢᠯᠡᠬᠦ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠡᠰᠢ ᠰᠦᠷᠡᠯ ᠰᠢᠲᠠᠭᠠᠬᠤ ᠶᠢ ᠴᠠᠭᠠᠵᠠᠯᠠᠬᠤ ᠬᠠᠮᠢᠶᠠᠷᠤᠯᠲᠠ | ᠡᠵᠡᠮᠳᠡᠯ ᠢ ᠴᠢᠩᠭᠠᠳᠬᠠᠨ᠎ᠠ᠃ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ | ᠳᠡᠭᠡᠭᠰᠢᠯᠡᠭᠦᠯᠭᠦ ᠶᠢ ᠭᠦᠨᠵᠡᠭᠡᠢ ᠠᠬᠢᠭᠤᠯᠵᠤ᠂ ᠬᠥᠳᠡᠭᠡ ᠲᠣᠰᠬᠤᠨ ᠤ ᠪᠣᠬᠢᠷᠳᠤᠯ ᠦᠭᠡᠢ ᠬᠥᠭᠵᠢᠯᠲᠡ ᠶᠢᠨ ᠰᠢᠨ᠎ᠡ ᠠᠵᠤ | ᠦᠢᠯᠡᠰ ᠰᠢᠨ᠎ᠡ ᠡᠵᠡᠩᠨᠡᠯᠲᠡ ᠶᠢᠨ ᠭᠡᠯᠪᠡᠷᠢ ᠶᠢ ᠪᠤᠶᠢᠵᠢᠭᠤᠯᠤᠨ᠎ᠠ᠃ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ | ᠳᠠᠭᠢᠨ ᠡᠭᠦᠰᠴᠦ ᠪᠤᠯᠬᠤ ᠡᠨᠧᠷᠭᠢ ᠶᠢ ᠨᠡᠭᠡᠭᠡᠨ ᠠᠰᠢᠭᠯᠠᠵᠤ᠂ ᠬᠥᠳᠡᠭᠡ ᠲᠣᠰᠬᠤᠨ ᠤ ᠭᠠᠵᠠᠷ ᠣᠷᠣᠨ ᠤ ᠴᠡᠪᠡᠷ | ᠳᠤᠯᠠᠭᠠᠯᠠᠭ᠎ᠠ ᠶᠢ ᠡᠮᠬᠢ ᠵᠢᠷᠤᠮ ᠲᠠᠢ ᠪᠠᠷ ᠠᠬᠢᠭᠤᠯᠤᠨ᠎ᠠ᠃ | ᠲᠤᠯᠤᠭ᠎ᠠ᠂ ᠪᠦᠭᠦ ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠎ᠡ | ︵ᠠᠷᠪᠠᠨ ᠲᠠᠪᠤ︶ ᠡᠨᠧᠷᠭᠢ ᠠᠷᠪᠢᠯᠠᠵᠤ ᠨᠡᠭᠦᠷᠡᠰᠦᠳᠦ᠋ᠷᠦᠭᠴᠢ ᠶᠢᠨ ᠬᠡᠮᠵᠢᠶ᠎ᠡ ᠶᠢ ᠪᠠᠭᠤᠷᠠᠭᠤᠯᠵᠤ ᠦᠷ᠎ᠡ ᠠᠰᠢᠭ ᠢ | ᠨᠡᠮᠡᠭᠳᠡᠭᠦᠯᠬᠦ ᠶᠢ ᠶᠡᠭᠡ ᠪᠠᠷ ᠠᠬᠢᠭᠤᠯᠤᠨ᠎ᠠ᠃ ᠡᠨᠧᠷᠭᠢ ᠠᠷᠪᠢᠯᠠᠬᠤ ᠠᠵᠢᠯ ᠢ ᠥᠨᠳᠥᠷ ᠲᠦᠪᠰᠢᠨ᠂ ᠴᠢᠨᠠᠷ ᠰᠠᠶᠢᠲᠠᠢ ᠪᠠᠷ | ᠰᠠᠶᠢᠲᠤᠷ ᠠᠳᠬᠤᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠥᠭᠡᠷᠡᠴᠢᠯᠡᠯᠲᠡ ᠶᠢ ᠠᠬᠢᠭᠤᠯᠵᠤ᠂ ᠲᠤᠨᠤᠭ ᠲᠥᠬᠦᠭᠡᠷᠦᠮᠵᠢ ᠶᠢᠨ ᠦᠢᠯᠡᠳᠬᠦᠨ ᠢ | ᠰᠢᠨᠡᠳᠬᠡᠨ ᠰᠣᠯᠢᠵᠤ ᠲᠡᠰ ᠳᠡᠪᠰᠢᠭᠦᠯᠬᠦ ᠶᠢ ᠲᠦᠷᠭᠡᠳᠬᠡᠨ᠎ᠡ᠃ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠪᠦᠷᠢᠳᠬᠡᠨ | ᠲᠣᠭᠠᠴᠠᠭ᠎ᠠ ᠬᠢᠬᠦ ᠰᠢᠰᠲ᠋ᠧᠮ ᠢ ᠪᠠᠶᠢᠭᠤᠯᠵᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ | ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠶᠢ ᠴᠢᠩᠭᠠᠳᠬᠠᠨ᠂ ᠲᠥᠷᠥᠯ ᠵᠦᠢᠯ ᠤᠨ ᠨᠡᠭᠦᠷᠡᠰᠦᠲᠥ᠋ᠷᠥᠭᠴᠢ | ᠭᠠᠳᠠᠭᠰᠢᠯᠠᠭᠤᠯᠬᠤ ᠶᠢ ᠦᠨᠡᠯᠡᠬᠦ ᠶᠢ ᠰᠦᠪᠡᠭᠴᠢᠯᠡᠨ ᠥᠷᠨᠢᠭᠦᠯᠵᠦ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ | ᠡᠨᠧᠷᠭᠢ ᠶᠢᠨ ᠬᠤᠷᠣᠭᠳᠠᠭᠤᠯᠤᠯ ᠪᠠ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠪᠣᠭᠤᠮᠲᠠ ᠶᠢ ᠴᠢᠩᠭ᠎ᠠ ᠰᠠᠬᠢᠨ᠎ᠠ᠃ ᠠᠵᠤ | ᠠᠬᠤᠶᠢᠯᠠᠯ ᠤᠨ ᠡᠨᠧᠷᠭᠢ ᠠᠷᠪᠢᠯᠠᠨ ᠨᠡᠭᠦᠷᠡᠰᠦᠳᠦ᠋ᠷᠦᠭᠴᠢ ᠶᠢᠨ ᠬᠡᠮᠵᠢᠶ᠎ᠡ ᠶᠢ ᠪᠠᠭᠤᠷᠠᠭᠤᠯᠬᠤ ᠬᠠᠮᠢᠶᠠᠷᠤᠯᠲᠠ ᠶᠢᠨ | ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠶᠢ ᠠᠬᠢᠭᠤᠯᠵᠤ᠂ ᠡᠨᠧᠷᠭᠢ ᠠᠷᠪᠢᠯᠠᠨ ᠨᠡᠭᠦᠷᠡᠰᠦᠳᠦ᠋ᠷᠦᠭᠴᠢ ᠶᠢᠨ ᠬᠡᠮᠵᠢᠶ᠎ᠡ ᠶᠢ | ᠪᠠᠭᠤᠷᠠᠭᠤᠯᠬᠤ ︽ᠣᠨᠣᠰᠢᠯᠠᠯᠲᠠ + ᠥᠭᠡᠷᠡᠴᠢᠯᠡᠯᠲᠡ︾ ᠶᠢᠨ ᠵᠠᠭᠪᠤᠷ ᠢ ᠳᠡᠯᠭᠡᠷᠡᠭᠦᠯᠵᠦ᠂ ᠡᠨᠧᠷᠭᠢ ᠠᠷᠪᠢᠯᠠᠬᠤ ᠶᠢᠨ ᠬᠢᠨᠠᠨ | ᠪᠠᠶᠢᠴᠠᠭᠠᠯᠲᠠ ᠶᠢ ᠴᠢᠩᠭᠠᠳᠬᠠᠨ᠎ᠠ᠃ | ︵ᠠᠷᠪᠠᠨ ᠵᠢᠷᠭᠤᠭ᠎ᠠ︶ ᠡᠬᠢ ᠪᠠᠶᠠᠯᠢᠭ ᠢ ᠠᠷᠪᠢᠲᠠᠢ ᠡᠷᠴᠢᠮᠯᠢᠭ ᠥᠨᠳᠥᠷ ᠦᠷ᠎ᠡ ᠪᠦᠲᠦᠮᠵᠢᠲᠡᠶ ᠪᠠᠷ ᠠᠰᠢᠭᠯᠠᠬᠤ ᠶᠢ | ᠴᠢᠩᠭᠠᠳᠬᠠᠨ᠎ᠠ᠃ ᠡᠬᠢ ᠪᠠᠶᠠᠯᠢᠭ ᠤᠨ ᠶᠡᠷᠦᠩᠬᠡᠢ ᠬᠡᠮᠵᠢᠶᠡᠨ ᠤ ᠬᠠᠮᠢᠶᠠᠷᠤᠯᠲᠠ ᠪᠠ ᠪᠦᠭᠦ ᠲᠠᠯ᠎ᠠ ᠪᠠᠷ ᠠᠷᠪᠢᠯᠠᠬᠤ ᠳᠦᠷᠢᠮ ᠢ | ᠲᠡᠭᠦᠯᠳᠡᠷᠵᠢᠭᠦᠯᠵᠦ᠂ ᠤᠰᠤ᠂ ᠠᠮᠤ ᠪᠤᠳᠠᠭ᠎ᠠ᠂ ᠭᠠᠵᠠᠷ ᠰᠢᠷᠣᠢ᠂ ᠠᠭᠤᠷᠬᠠᠢ ᠶᠢᠨ ᠭᠠᠷᠤᠯᠲᠠ ᠵᠡᠷᠭᠡ ᠡᠯ᠎ᠡ ᠲᠦᠷᠦᠯ ᠤᠨ | ᠡᠬᠢ ᠪᠠᠶᠠᠯᠢᠭ ᠤᠨ ᠪᠦᠭᠦ ᠶᠠᠪᠤᠴᠠ ᠶᠢᠨ ᠬᠠᠮᠢᠶᠠᠷᠤᠯᠲᠠ ᠪᠠ ᠪᠦᠭᠦ ᠬᠡᠯᠬᠢᠶᠡᠨ ᠤ ᠠᠷᠪᠢᠯᠠᠯᠲᠠ ᠶᠢ ᠴᠢᠩᠭᠠᠳᠬᠠᠨ᠎ᠠ᠃ | ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠤᠨ ᠳᠦᠷᠢᠮ ᠢ ᠨᠠᠶᠢᠳᠠᠪᠤᠷᠢᠵᠢᠭᠤᠯᠤᠨ᠂ ᠤᠰᠤ ᠠᠷᠪᠢᠯᠠᠬᠤ ᠠᠵᠤ | ᠦᠢᠯᠡᠰ ᠢ ᠬᠥᠭᠵᠢᠭᠦᠯᠵᠦ᠂ ᠬᠡᠪ ᠤᠨ ᠪᠤᠰᠤ ᠤᠰᠤᠨ ᠰᠤᠷᠪᠤᠯᠵᠢ ᠶᠢ ᠠᠰᠢᠭᠯᠠᠬᠤ ᠶᠢ ᠴᠢᠩᠭᠠᠳᠬᠠᠨ᠂ ᠤᠰᠤ ᠠᠷᠪᠢᠯᠠᠬᠤ | ᠭᠡᠯᠪᠡᠷᠢ ᠶᠢᠨ ᠨᠡᠶᠢᠭᠡᠮ ᠢ ᠪᠦᠲᠦᠭᠡᠨ ᠪᠠᠶᠢᠭᠤᠯᠤᠨ᠎ᠠ᠃ ᠢᠳᠡᠭᠡᠨ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠬᠠᠤᠯᠢ ᠶᠢ | ᠨᠠᠶᠢᠳᠠᠪᠤᠷᠢᠵᠢᠭᠤᠯᠵᠤ᠂ ᠠᠮᠤ ᠪᠤᠳᠠᠭ᠎ᠠ ᠪᠠ ᠢᠳᠡᠭᠡᠨ ᠢ ᠠᠷᠪᠢᠯᠠᠨ ᠭᠠᠮᠨᠠᠬᠤ ᠤᠷᠳᠤ ᠬᠤᠭᠤᠴᠠᠭᠠᠨ ᠤ ᠪᠦᠲᠦᠮᠵᠢᠲᠡᠢ | ᠲᠣᠭᠲᠠᠴᠠ ᠶᠢ ᠲᠡᠭᠦᠯᠳᠡᠷᠵᠢᠭᠦᠯᠵᠦ᠂ ᠠᠮᠤ ᠪᠤᠳᠠᠭ᠎ᠠ ᠶᠢ ᠠᠷᠪᠢᠯᠠᠨ ᠭᠠᠮᠨᠠᠬᠤ ᠠᠵᠢᠯᠯᠠᠭ᠎ᠠ ᠶᠢ ᠥᠷᠨᠢᠭᠦᠯᠦᠨ᠎ᠡ᠃ ᠲᠠᠷᠢᠶᠠᠨ | ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠪᠠ ᠭᠠᠵᠠᠷ ᠰᠢᠷᠣᠢ ᠶᠢ ᠠᠷᠪᠢᠲᠠᠢ ᠡᠷᠴᠢᠮᠲᠡᠢ ᠠᠰᠢᠭᠯᠠᠬᠤ ᠳᠦᠷᠢᠮ ᠢ | ᠨᠠᠶᠢᠳᠠᠪᠤᠷᠢᠵᠢᠭᠤᠯᠵᠤ᠂ ᠭᠠᠵᠠᠷ ᠰᠢᠷᠣᠢ ᠠᠷᠪᠢᠯᠠᠬᠤ ᠮᠡᠷᠭᠡᠵᠢᠯ ᠪᠠ ᠭᠠᠵᠠᠷ ᠰᠢᠷᠣᠢ ᠠᠷᠪᠢᠯᠠᠬᠤ ᠵᠠᠭᠪᠤᠷ ᠢ ᠳᠡᠯᠭᠡᠷᠡᠭᠦᠯᠵᠦ᠂ | ᠬᠠᠳᠠᠭᠠᠯᠠᠭᠳᠠᠵᠤ ᠪᠠᠶᠢᠭ᠎ᠠ ᠭᠠᠵᠠᠷ ᠰᠢᠷᠣᠢ ᠶᠢ ᠨᠡᠭᠡᠭᠡᠨ ᠠᠰᠢᠭᠯᠠᠬᠤ ᠶᠢ ᠰᠢᠯᠢᠳᠡᠭᠵᠢᠭᠦᠯᠵᠦ᠂ ᠲᠠᠯᠠᠢ ᠶᠢᠨ ᠣᠷᠣᠨ ᠤ ᠣᠷᠣᠨ | ᠵᠠᠢ ᠶᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ | ᠪᠠᠶᠢᠴᠠᠭᠠᠬᠤ᠂ ᠬᠠᠮᠠᠭᠠᠯᠠᠬᠤ ᠪᠠ ᠵᠦᠢ ᠵᠣᠬᠢᠰᠲᠠᠢ ᠨᠡᠭᠡᠭᠡᠨ ᠠᠰᠢᠭᠯᠠᠬᠤ ᠶᠢ ᠴᠢᠩᠭᠠᠳᠬᠠᠵᠤ᠂ ᠨᠡᠭᠡᠭᠡᠨ ᠮᠠᠯᠲᠠᠬᠤ ᠦᠷ᠎ᠡ | ᠪᠦᠲᠦᠮᠵᠢ ᠶᠢ ᠳᠡᠭᠡᠭᠰᠢᠯᠡᠭᠦᠯᠦᠨ᠂ ᠴᠢᠨᠠᠷ ᠮᠠᠭᠤᠲᠠᠢ ᠡᠬᠢ ᠪᠠᠶᠠᠯᠢᠭ ᠢ ᠠᠰᠢᠭᠯᠠᠬᠤ ᠶᠢ ᠴᠢᠩᠭᠠᠳᠬᠠᠨ᠎ᠠ᠃ | ︵ᠠᠷᠪᠠᠨ ᠳᠣᠯᠤᠭ᠎ᠠ︶ ᠡᠷᠭᠢᠯᠲᠡᠲᠦ ᠠᠵᠤ ᠠᠬᠤᠢ ᠶᠢ ᠶᠡᠭᠡ ᠪᠠᠷ ᠬᠥᠭᠵᠢᠭᠦᠯᠦᠨ᠎ᠡ᠃ ᠡᠷᠭᠢᠯᠲᠡᠲᠦ ᠠᠵᠤ | ᠠᠬᠤᠢ ᠶᠢᠨ ᠨᠡᠭᠦᠷᠡᠰᠦᠳᠦ᠋ᠷᠦᠭᠴᠢ ᠶᠢᠨ ᠬᠡᠮᠵᠢᠶ᠎ᠡ ᠶᠢ ᠪᠠᠭᠤᠷᠠᠭᠤᠯᠬᠤ ᠳᠤ ᠬᠦᠴᠦᠨ ᠨᠡᠮᠡᠷᠢᠯᠡᠬᠦ ᠠᠵᠢᠯᠯᠠᠭ᠎ᠠ ᠶᠢ ᠭᠦᠨᠵᠡᠭᠡᠢ | ᠠᠬᠢᠭᠤᠯᠵᠤ᠂ ᠡᠬᠢ ᠪᠠᠶᠠᠯᠢᠭ ᠤᠨ ᠡᠷᠭᠢᠯᠲᠡᠲᠦ ᠮᠠᠶ᠋ᠢᠭ ᠤᠨ ᠦᠢᠯᠡᠳᠪᠦᠷᠢᠯᠡᠯ ᠤᠨ ᠵᠠᠭᠪᠤᠷ ᠢ ᠳᠡᠯᠭᠡᠷᠡᠭᠦᠯᠦᠨ᠂ ᠡᠬᠢ | ᠪᠠᠶᠠᠯᠢᠭ ᠢ ᠡᠷᠭᠢᠯᠳᠦᠭᠦᠯᠦᠨ ᠠᠰᠢᠭᠯᠠᠬᠤ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠳᠠᠭᠢᠨ ᠦᠢᠯᠡᠳᠬᠦ ᠠᠵᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ᠳᠠᠭᠢᠨ ᠡᠭᠦᠰᠴᠦ ᠪᠤᠯᠬᠤ ᠮᠠᠲ᠋ᠧᠷᠢᠶᠠᠯ ᠪᠠ ᠦᠢᠯᠡᠳᠬᠦᠨ ᠤ | ᠶᠠᠰᠤ ᠴᠢᠨᠠᠷ ᠢ ᠳᠡᠭᠡᠭᠰᠢᠯᠡᠭᠦᠯᠵᠦ᠂ ᠤᠤᠯ ᠡᠬᠢ ᠪᠠᠶᠠᠯᠢᠭ ᠢ ᠣᠷᠣᠯᠠᠭᠤᠯᠬᠤ ᠬᠡᠪᠴᠢᠶ᠎ᠡ ᠶᠢ ᠥᠷᠭᠡᠳᠬᠡᠨ᠎ᠡ᠃ ᠠᠮᠢᠳᠤᠷᠠᠯ ᠤᠨ | ᠬᠤᠭ ᠨᠣᠪᠰᠢ ᠶᠢ ᠲᠥᠷᠥᠯ ᠬᠤᠪᠢᠶᠠᠬᠤ ᠶᠢ ᠠᠬᠢᠭᠤᠯᠵᠤ᠂ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠶᠢ | ᠳᠡᠭᠡᠭᠰᠢᠯᠡᠭᠦᠯᠦᠨ᠎ᠡ᠃ ᠬᠠᠶᠠᠭᠳᠠᠮᠠᠯ ᠪᠣᠳᠠᠰ ᠢ ᠡᠷᠭᠢᠯᠳᠦᠭᠦᠯᠦᠨ ᠠᠰᠢᠭᠯᠠᠬᠤ ᠰᠢᠰᠲ᠋ᠧᠮ ᠢ ᠪᠦᠷᠢᠨᠰᠢᠭᠦᠯᠵᠦ᠂ ᠬᠠᠶᠠᠭᠳᠠᠮᠠᠯ | ᠪᠣᠳᠠᠰ ᠢ ᠲᠥᠷᠥᠯ ᠬᠤᠪᠢᠶᠠᠨ ᠰᠢᠢᠳᠪᠦᠷᠢᠯᠡᠬᠦ ᠪᠠ ᠡᠭᠡᠭᠦᠯᠦᠨ ᠬᠤᠷᠢᠶᠠᠬᠤ ᠴᠢᠳᠠᠪᠤᠷᠢ ᠶᠢ ᠴᠢᠩᠭᠠᠷᠠᠭᠤᠯᠤᠨ᠂ ᠳᠠᠭᠢᠨ | ᠠᠰᠢᠭᠯᠠᠬᠤ ᠶᠢ ᠬᠡᠪᠴᠢᠶᠡᠵᠢᠭᠦᠯᠬᠦ᠂ ᠵᠢᠷᠤᠮᠵᠢᠭᠤᠯᠬᠤ᠂ ᠨᠠᠷᠢᠯᠢᠭᠵᠢᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | 2030 ᠣᠨ ᠪᠤᠯᠬᠤ ᠳᠤ᠂ ᠶᠡᠭᠡ ᠬᠡᠮᠵᠢᠶᠡᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠵᠢᠯ ᠤᠨ ᠠᠰᠢᠭᠯᠠᠯᠲᠠ ᠶᠢᠨ | ᠬᠡᠮᠵᠢᠶ᠎ᠡ ᠶᠢ 45 ᠳ᠋ᠦᠩᠰᠢᠭᠤᠷ ᠲᠣᠨ ᠣᠷᠴᠢᠮ ᠳᠤ ᠬᠦᠷᠭᠡᠵᠦ᠂ ᠭᠤᠣᠯ ᠪᠤᠯᠬᠤ ᠡᠬᠢ ᠪᠠᠶᠠᠯᠢᠭ ᠤᠨ ᠦᠢᠯᠡᠳᠪᠦᠷᠢᠯᠡᠬᠦ | ᠨᠣᠷᠮ᠎ᠠ ᠶᠢ 2020 ᠣᠨ ᠤ ᠬᠢ ᠠᠴᠠ 45% ᠣᠷᠴᠢᠮ ᠳᠡᠭᠡᠭᠰᠢᠯᠡᠭᠦᠯᠦᠨ᠎ᠡ᠃ | ᠨᠠᠢᠮᠠ᠂ ᠬᠡᠷᠡᠭᠯᠡᠭᠡ ᠶᠢᠨ ᠵᠠᠭᠪᠤᠷ ᠤᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ | ︵ᠠᠷᠪᠠᠨ ᠨᠠᠢᠮᠠ︶ ᠪᠣᠬᠢᠷᠳᠤᠯ ᠦᠭᠡᠢ ᠠᠮᠢᠳᠤᠷᠠᠯ ᠤᠨ ᠠᠷᠭ᠎ᠠ ᠮᠠᠶ᠋ᠢᠭ ᠢ ᠳᠡᠯᠭᠡᠷᠡᠭᠦᠯᠦᠨ᠎ᠡ᠃ ᠠᠷᠪᠢᠲᠠᠢ ᠪᠥᠭᠡᠳ | ᠲᠣᠬᠢᠷᠠᠮᠵᠢᠲᠠᠢ᠂ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ᠂ ᠪᠣᠯᠪᠠᠰᠤᠨ ᠪᠥᠭᠡᠳ ᠡᠷᠡᠭᠦᠯ ᠠᠮᠢᠳᠤᠷᠠᠯ ᠤᠨ | ᠣᠶᠢᠯᠠᠭᠠᠭᠳᠠᠬᠤᠨ ᠪᠠ ᠬᠡᠷᠡᠭᠯᠡᠭᠡᠨ ᠤ ᠠᠷᠭ᠎ᠠ ᠮᠠᠶ᠋ᠢᠭ ᠢ ᠶᠡᠭᠡ ᠪᠠᠷ ᠰᠠᠨᠠᠭᠠᠴᠢᠯᠠᠵᠤ᠂ ᠪᠣᠬᠢᠷᠳᠤᠯ ᠦᠭᠡᠢ ᠶᠢ ᠡᠷᠭᠢᠮᠯᠡᠭᠦ | ᠣᠶᠢᠯᠠᠭᠠᠭᠳᠠᠬᠤᠨ ᠪᠠ ᠠᠷᠪᠢᠯᠠᠨ ᠭᠠᠮᠨᠠᠬᠤ ᠱᠠᠭᠠᠷᠳᠠᠯᠭ᠎ᠠ ᠶᠢ ᠬᠤᠳᠠ ᠶᠢᠨ ᠠᠷᠠᠳ ᠤᠨ ᠨᠡᠶᠢᠲᠡ ᠶᠢᠨ ᠭᠡᠷ᠎ᠡ᠂ ᠭᠠᠴᠠᠭᠠᠨ ᠤ | ᠲᠣᠭᠲᠠᠭᠠᠯ ᠠᠷᠠᠳ ᠤᠨ ᠭᠡᠷ᠎ᠡ᠂ ᠰᠤᠷᠤᠬᠴᠢᠳ ᠤᠨ ᠰᠠᠬᠢᠬᠤ ᠳᠦᠷᠢᠮ᠂ ᠪᠦᠯᠭᠦᠮ ᠤᠨ ᠳᠦᠷᠢᠮ ᠵᠡᠷᠭᠡ ᠨᠡᠶᠢᠭᠡᠮ ᠤᠨ | ᠵᠢᠷᠤᠮᠵᠢᠯ ᠳᠤ ᠠᠭᠤᠰᠬᠠᠨ ᠣᠷᠣᠭᠤᠯᠵᠤ᠂ ᠪᠦᠭᠦ ᠠᠷᠠᠳ ᠤᠨ ᠠᠷᠪᠢᠯᠠᠨ ᠭᠠᠮᠨᠠᠬᠤ ᠤᠬᠠᠮᠰᠠᠷ᠂ ᠣᠷᠴᠢᠨ ᠲᠣᠭᠤᠷᠢᠨ ᠢ | ᠬᠠᠮᠠᠭᠠᠯᠠᠬᠤ ᠤᠬᠠᠮᠰᠠᠷ᠂ ᠠᠮᠢ ᠠᠬᠤᠢ ᠶᠢᠨ ᠤᠬᠠᠮᠰᠠᠷ ᠢ ᠴᠢᠩᠭᠠᠳᠬᠠᠨ᠎ᠠ᠃ ᠪᠣᠬᠢᠷᠳᠤᠯ ᠦᠭᠡᠢ ᠪᠥᠭᠡᠳ | ᠨᠡᠭᠦᠷᠡᠰᠦᠲᠥ᠋ᠷᠥᠭᠴᠢ ᠪᠠᠭᠠᠲᠠᠢ ᠪᠦᠭᠦ ᠠᠷᠠᠳ ᠤᠨ ᠠᠵᠢᠯᠯᠠᠭ᠎ᠠ ᠶᠢ ᠥᠷᠨᠢᠭᠦᠯᠵᠦ᠂ ᠣᠯᠠᠨ ᠨᠡᠶᠢᠲᠡ ᠶᠢᠨ ᠤᠰᠤ ᠶᠢ ᠠᠷᠪᠢᠯᠠᠨ | ᠴᠠᠭᠢᠯᠭᠠᠨ ᠬᠡᠷᠡᠭᠯᠡᠬᠦ ᠶᠢ ᠬᠥᠲᠥᠯᠥᠨ ᠵᠢᠯᠤᠭᠤᠳᠴᠤ᠂ ᠱᠠᠯᠢᠨ ᠪᠦᠷᠢᠯᠭᠡᠬᠦ ᠶᠢ ᠡᠰᠡᠷᠭᠦᠴᠡᠨ᠂ ︽ᠠᠷᠪᠢᠲᠠᠢ ᠬᠤᠭᠤᠯᠠᠯᠠᠬᠤ | ᠠᠵᠢᠯᠯᠠᠭ᠎ᠠ︾ ᠶᠢ ᠳᠡᠯᠭᠡᠷᠡᠭᠦᠯᠵᠦ᠂ ᠭᠡᠲᠦ ᠨᠠᠷᠢᠯᠢᠭ ᠪᠣᠭᠤᠳᠠᠯᠯᠠᠬᠤ ᠶᠢ ᠬᠤᠷᠢᠭᠯᠠᠨ᠂ ᠨᠢᠭᠡ ᠯᠡ ᠤᠳᠠᠭ᠎ᠠ ᠬᠡᠷᠡᠭᠯᠡᠬᠦ | ᠵᠦᠢᠯᠡᠰ ᠤᠨ ᠬᠡᠷᠡᠭᠯᠡᠯᠲᠡ ᠶᠢ ᠪᠠᠭᠠᠰᠬᠠᠵᠤ᠂ ᠣᠯᠠᠨ ᠨᠡᠶᠢᠲᠡ ᠶᠢᠨ ᠵᠠᠮ ᠬᠠᠷᠢᠯᠴᠠᠭ᠎ᠠ᠂ ᠶᠠᠪᠠᠭᠠᠨ ᠶᠠᠪᠤᠬᠤ᠂ ᠳᠤᠭᠤᠢ ᠲᠡᠷᠭᠡ | ᠵᠡᠷᠭᠡ ᠪᠣᠬᠢᠷᠳᠤᠯ ᠦᠭᠡᠢ ᠶᠠᠪᠤᠵᠤ ᠰᠠᠭᠤᠬᠤ ᠠᠷᠭ᠎ᠠ ᠮᠠᠶ᠋ᠢᠭ ᠢ ᠤᠷᠢᠳ ᠢᠶᠠᠷ ᠰᠣᠩᠭᠤᠬᠤ ᠶᠢ ᠬᠥᠲᠥᠯᠥᠨ ᠵᠢᠯᠤᠭᠤᠳᠴᠤ᠂ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠥᠷᠭᠡᠨ ᠢᠶᠠᠷ ᠥᠷᠨᠢᠭᠦᠯᠦᠨ᠂ ᠱᠤᠤᠭᠢᠶᠠᠨ᠂ ᠣᠲᠤᠭ᠎ᠠ᠂ | ᠦᠮᠡᠬᠡᠢ ᠦᠨᠦᠷ ᠵᠡᠷᠭᠡ ᠣᠯᠠᠨ ᠲᠦᠮᠡᠨ ᠤ ᠳᠡᠷᠭᠡᠳᠡᠬᠢ ᠣᠷᠴᠢᠨ ᠲᠣᠭᠤᠷᠢᠨ ᠤ ᠠᠰᠠᠭᠤᠳᠠᠯ ᠢ ᠰᠢᠢᠳᠪᠦᠷᠢᠯᠡᠬᠦ ᠶᠢ | ᠠᠬᠢᠭᠤᠯᠵᠤ᠂ ᠠᠮᠢ ᠠᠬᠤᠢ ᠶᠢᠨ ᠪᠣᠯᠪᠠᠰᠤᠨ ᠢ ᠡᠷᠭᠢᠮᠯᠡᠭᠦ ᠨᠡᠶᠢᠭᠡᠮ ᠤᠨ ᠠᠭᠤᠷ ᠠᠮᠢᠰᠬᠤᠯ ᠢ ᠪᠦᠷᠢᠯᠳᠦᠭᠦᠯᠦᠨ᠎ᠡ᠃ | ︵ᠠᠷᠪᠠ ᠶᠢᠰᠦ︶ ᠪᠣᠬᠢᠷᠳᠤᠯ ᠦᠭᠡᠢ ᠪᠦᠲᠦᠭᠡᠭᠳᠡᠬᠦᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ ᠠᠵᠤ ᠠᠬᠤᠶᠢᠯᠠᠯ ᠤᠨ | ᠪᠣᠬᠢᠷᠳᠤᠯ ᠦᠭᠡᠢ ᠪᠠᠷ ᠵᠢᠷᠤᠵᠤ ᠲᠥᠯᠥᠪᠯᠡᠬᠦ᠂ ᠪᠣᠬᠢᠷᠳᠤᠯ ᠦᠭᠡᠢ ᠮᠠᠲ᠋ᠧᠷᠢᠶᠠᠯ ᠢ ᠰᠣᠩᠭᠤᠬᠤ᠂ ᠪᠣᠬᠢᠷᠳᠤᠯ ᠦᠭᠡᠢ | ᠦᠢᠯᠡᠳᠬᠦ᠂ ᠪᠣᠬᠢᠷᠳᠤᠯ ᠦᠭᠡᠢ ᠪᠣᠭᠤᠳᠠᠯᠯᠠᠬᠤ᠂ ᠪᠣᠬᠢᠷᠳᠤᠯ ᠦᠭᠡᠢ ᠲᠡᠭᠡᠭᠡᠪᠦᠷᠢᠯᠡᠬᠦ᠂ ᠡᠬᠢ ᠪᠠᠶᠠᠯᠢᠭ ᠢ ᠬᠤᠷᠢᠶᠠᠨ ᠠᠪᠴᠤ | ᠠᠰᠢᠭᠯᠠᠬᠤ ᠶᠢ ᠬᠥᠲᠥᠯᠥᠨ ᠵᠢᠯᠤᠭᠤᠳᠴᠤ᠂ ᠦᠢᠯᠡᠳᠬᠦᠨ ᠤ ᠪᠦᠭᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠠᠬᠢ | ᠡᠨᠧᠷᠭᠢ ᠶᠢᠨ ᠡᠬᠢ ᠪᠠᠶᠠᠯᠢᠭ ᠤᠨ ᠬᠤᠷᠣᠭᠳᠠᠯ ᠪᠠ ᠠᠮᠢ ᠠᠬᠤᠢ ᠣᠷᠴᠢᠨ ᠲᠣᠭᠤᠷᠢᠨ ᠳᠤ ᠦᠵᠡᠭᠦᠯᠭᠦ ᠨᠥᠯᠥᠭᠡ ᠶᠢ | ᠪᠠᠭᠤᠷᠠᠭᠤᠯᠤᠨ᠎ᠠ᠃ ᠪᠣᠬᠢᠷᠳᠤᠯ ᠦᠭᠡᠢ ᠦᠢᠯᠡᠳᠬᠦᠨ ᠢ ᠵᠢᠷᠤᠵᠤ ᠲᠥᠯᠥᠪᠯᠡᠬᠦ᠂ ᠬᠤᠳᠠᠯᠳᠤᠨ ᠠᠪᠬᠤ᠂ ᠦᠢᠯᠡᠳᠬᠦ | ᠪᠠᠷᠢᠮᠵᠢᠶ᠎ᠠ ᠵᠢᠷᠤᠮᠵᠢᠯ ᠢ ᠪᠠᠶᠢᠭᠤᠯᠤᠨ ᠪᠦᠷᠢᠨᠰᠢᠭᠦᠯᠵᠦ᠂ ᠪᠣᠬᠢᠷᠳᠤᠯ ᠦᠭᠡᠢ ᠦᠢᠯᠡᠳᠬᠦᠨ ᠢ ᠬᠢᠨᠠᠨ ᠭᠡᠷᠡᠴᠢᠯᠡᠬᠦ ᠬᠢᠭᠡᠳ | ᠢᠯᠭᠠᠮᠵᠢ ᠲᠡᠮᠳᠡᠭ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠂ ᠡᠨᠧᠷᠭᠢ ᠶᠢᠨ ᠠᠰᠢᠭᠯᠠᠮᠵᠢ᠂ ᠤᠰᠤᠨ ᠤ | ᠠᠰᠢᠭᠯᠠᠮᠵᠢ ᠶᠢᠨ ᠢᠯᠭᠠᠮᠵᠢ ᠲᠡᠮᠳᠡᠭ ᠤᠨ ᠳᠦᠷᠢᠮ ᠢ ᠲᠡᠭᠦᠯᠳᠡᠷᠵᠢᠭᠦᠯᠵᠦ᠂ ᠦᠢᠯᠡᠳᠬᠦᠨ ᠤ ᠨᠡᠭᠦᠷᠡᠰᠦᠲᠥ᠋ᠷᠥᠭᠴᠢ ᠶᠢᠨ | ᠤᠯᠠ ᠮᠥᠷ ᠤᠨ ᠬᠠᠮᠢᠶᠠᠷᠤᠯᠲᠠ ᠶᠢᠨ ᠰᠢᠰᠲ᠋ᠧᠮ ᠪᠠ ᠦᠢᠯᠡᠳᠬᠦᠨ ᠤ ᠨᠡᠭᠦᠷᠡᠰᠦᠲᠥ᠋ᠷᠥᠭᠴᠢ ᠶᠢᠨ ᠢᠯᠭᠠᠮᠵᠢ ᠲᠡᠮᠳᠡᠭ ᠢ | ᠭᠡᠷᠡᠴᠢᠯᠡᠬᠦ ᠳᠦᠷᠢᠮ ᠢ ᠲᠣᠭᠲᠠᠭᠠᠨ᠎ᠠ᠃ ᠪᠣᠬᠢᠷᠳᠤᠯ ᠦᠭᠡᠢ ᠦᠢᠯᠡᠳᠬᠦᠨ ᠪᠠ ᠦᠢᠯᠡᠴᠢᠯᠡᠭᠡᠨ ᠢ ᠬᠢᠨᠠᠨ ᠭᠡᠷᠡᠴᠢᠯᠡᠬᠦ | ᠬᠠᠮᠢᠶᠠᠷᠤᠯᠲᠠ ᠶᠢ ᠴᠢᠩᠭᠠᠳᠬᠠᠵᠤ᠂ ᠬᠢᠨᠠᠨ ᠭᠡᠷᠡᠴᠢᠯᠡᠬᠦ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ | ᠲᠡᠭᠦᠯᠳᠡᠷᠵᠢᠭᠦᠯᠦᠨ᠂ ᠳᠡᠯᠡᠬᠡᠢ ᠳᠤ ᠨᠥᠯᠥᠭᠡᠯᠡᠬᠦ ᠬᠦᠴᠦᠨ ᠲᠠᠢ ᠪᠣᠬᠢᠷᠳᠤᠯ ᠦᠭᠡᠢ ᠶᠢᠨ ᠬᠢᠨᠠᠨ ᠭᠡᠷᠡᠴᠢᠯᠡᠬᠦ ᠪᠠᠶᠢᠭᠤᠯᠤᠮᠵᠢ ᠶᠢ | ᠪᠤᠶᠢᠵᠢᠭᠤᠯᠤᠨ᠎ᠠ᠃ | ︵ᠬᠤᠷᠢ︶ ᠪᠣᠬᠢᠷᠳᠤᠯ ᠦᠭᠡᠢ ᠬᠡᠷᠡᠭᠯᠡᠭᠡ ᠶᠢ ᠢᠳᠡᠪᠬᠢᠲᠡᠢ ᠥᠷᠭᠡᠳᠬᠡᠨ᠎ᠡ᠃ ᠪᠣᠬᠢᠷᠳᠤᠯ ᠦᠭᠡᠢ ᠬᠡᠷᠡᠭᠯᠡᠭᠡ ᠶᠢ | ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ ᠵᠠᠰᠠᠭ ᠤᠨ ᠣᠷᠳᠣᠨ ᠤ ᠪᠣᠬᠢᠷᠳᠤᠯ ᠦᠭᠡᠢ ᠬᠤᠳᠠᠯᠳᠤᠨ ᠠᠪᠬᠤ | ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠪᠣᠬᠢᠷᠳᠤᠯ ᠦᠭᠡᠢ ᠦᠢᠯᠡᠳᠬᠦᠨ ᠬᠤᠳᠠᠯᠳᠤᠨ ᠠᠪᠬᠤ ᠬᠡᠪᠴᠢᠶ᠎ᠡ ᠪᠠ | ᠬᠡᠮᠵᠢᠶ᠎ᠡ ᠶᠢ ᠥᠷᠭᠡᠳᠬᠡᠨ᠂ ᠴᠠᠭ ᠲᠤᠨᠢ ᠲᠣᠬᠢᠷᠠᠭᠤᠯᠤᠨ ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠱᠠᠭᠠᠷᠳᠠᠯᠭ᠎ᠠ ᠶᠢ | ᠵᠠᠰᠠᠭ ᠤᠨ ᠣᠷᠳᠣᠨ ᠤ ᠬᠤᠳᠠᠯᠳᠤᠨ ᠠᠪᠬᠤ ᠳᠤ ᠣᠷᠣᠭᠤᠯᠤᠨ᠎ᠠ᠃ ᠠᠵᠤ ᠠᠬᠤᠶᠢᠯᠠᠯ ᠤᠨ ᠪᠣᠬᠢᠷᠳᠤᠯ ᠦᠭᠡᠢ ᠬᠤᠳᠠᠯᠳᠤᠨ | ᠠᠪᠬᠤ ᠵᠦᠭᠯᠡᠭᠦᠷ ᠢ ᠬᠡᠷᠡᠭᠵᠢᠭᠦᠯᠬᠦ ᠶᠢ ᠬᠥᠲᠥᠯᠥᠨ ᠵᠢᠯᠤᠭᠤᠳᠴᠤ᠂ ᠨᠥᠬᠦᠴᠡᠯ ᠲᠠᠢ ᠠᠵᠤ ᠠᠬᠤᠶᠢᠯᠠᠯ ᠤᠨ ᠪᠣᠬᠢᠷᠳᠤᠯ | ᠦᠭᠡᠢ ᠬᠠᠩᠭᠠᠯᠭ᠎ᠠ ᠶᠢᠨ ᠬᠡᠯᠬᠢᠶᠡᠰᠦ ᠪᠠᠶᠢᠭᠤᠯᠬᠤ ᠶᠢ ᠵᠣᠷᠢᠭᠵᠢᠭᠤᠯᠤᠨ᠂ ᠡᠬᠢᠨ ᠤ ᠪᠠ ᠡᠴᠦᠰ ᠤᠨ ᠬᠡᠯᠬᠢᠶ᠎ᠡ ᠶᠢᠨ ᠠᠵᠤ | ᠠᠬᠤᠶᠢᠯᠠᠯ ᠤᠨ ᠬᠠᠮᠵᠢᠯᠴᠠᠨ ᠭᠡᠯᠪᠡᠷᠢ ᠪᠠᠨ ᠬᠤᠪᠢᠷᠠᠭᠤᠯᠬᠤ ᠶᠢ ᠳᠠᠶᠢᠴᠢᠯᠠᠨ᠎ᠠ᠃ ᠨᠥᠬᠦᠴᠡᠯ ᠲᠠᠢ ᠭᠠᠵᠠᠷ ᠣᠷᠣᠨ ᠢ | ᠳᠡᠮᠵᠢᠵᠦ ᠬᠡᠷᠡᠭᠯᠡᠭᠡ ᠶᠢᠨ ᠲᠡᠮᠳᠡᠭᠲᠦ᠂ ᠪᠣᠬᠢᠷᠳᠤᠯ ᠦᠭᠡᠢ ᠶᠢᠨ ᠬᠤᠪᠢ ᠬᠤᠷᠠᠮᠳᠤᠭᠤᠯᠬᠤ ᠵᠡᠷᠭᠡ ᠠᠷᠭ᠎ᠠ ᠵᠠᠮ ᠢᠶᠠᠷ | ᠳᠠᠮᠵᠢᠭᠤᠯᠤᠨ᠂ ᠠᠵᠤ ᠠᠬᠤᠶᠢᠯᠠᠯ ᠤᠨ ︽ᠬᠠᠭᠤᠴᠢᠨ ᠢᠶᠠᠷ ᠰᠢᠨ᠎ᠡ ᠶᠢ ᠰᠣᠯᠢᠬᠤ︾ ᠵᠡᠷᠭᠡ ᠠᠷᠭ᠎ᠠ ᠭᠡᠯᠪᠡᠷᠢ ᠶᠢ ᠬᠡᠷᠡᠭᠯᠡᠨ᠂ | ᠬᠡᠷᠡᠭᠯᠡᠭᠴᠢᠳ ᠤᠨ ᠪᠣᠬᠢᠷᠳᠤᠯ ᠦᠭᠡᠢ ᠦᠢᠯᠡᠳᠬᠦᠨ ᠬᠤᠳᠠᠯᠳᠤᠨ ᠠᠪᠬᠤ ᠶᠢ ᠬᠥᠲᠥᠯᠥᠨ ᠵᠢᠯᠣᠭᠤᠳᠤᠨ᠎ᠠ᠃ ᠰᠢᠨ᠎ᠡ | ᠡᠨᠧᠷᠭᠢ ᠶᠢᠨ ᠮᠠᠰᠢᠨ ᠲᠡᠷᠭᠡ ᠪᠠ ᠪᠣᠬᠢᠷᠳᠤᠯ ᠦᠭᠡᠢ ᠣᠶᠤᠨᠴᠢ ᠭᠡᠷ ᠤᠨ ᠴᠠᠭᠢᠯᠭᠠᠨ ᠬᠡᠷᠡᠭᠰᠡᠯ᠂ ᠤᠰᠤ ᠠᠷᠪᠢᠯᠠᠬᠤ ᠪᠠᠭᠠᠵᠢ | ᠬᠡᠷᠡᠭᠰᠡᠯ᠂ ᠡᠨᠧᠷᠭᠢ ᠠᠷᠪᠢᠯᠠᠬᠤ ᠵᠤᠤᠬ᠎ᠠ᠂ ᠪᠣᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠢ ᠬᠥᠳᠡᠭᠡ ᠪᠠᠭᠤᠯᠭᠠᠬᠤ | ᠠᠵᠢᠯᠯᠠᠭ᠎ᠠ ᠶᠢ ᠥᠷᠨᠢᠭᠦᠯᠵᠦ᠂ ᠢᠵᠢ ᠪᠦᠷᠢᠳᠦᠭᠦᠯᠬᠦ ᠲᠤᠨᠤᠭ ᠲᠥᠬᠦᠭᠡᠷᠦᠮᠵᠢ ᠶᠢᠨ ᠪᠠᠶᠢᠭᠤᠯᠤᠯᠲᠠ ᠪᠠ ᠪᠣᠷᠤᠯᠠᠭᠤᠯᠭ᠎ᠠ ᠶᠢᠨ | ᠳᠠᠷᠠᠭᠠᠬᠢ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠨ᠎ᠠ᠃ ᠬᠡᠷᠡᠭᠯᠡᠭᠴᠢᠳ ᠤᠨ ᠪᠣᠬᠢᠷᠳᠤᠯ ᠦᠭᠡᠢ ᠡᠨᠧᠷᠭᠢ ᠶᠢᠨ | ᠬᠡᠷᠡᠭᠯᠡᠭᠡ ᠪᠠᠨ ᠥᠷᠭᠡᠳᠬᠡᠬᠦ ᠶᠢ ᠵᠣᠷᠢᠭᠵᠢᠭᠤᠯᠤᠨ᠎ᠠ᠃ | ᠶᠢᠰᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠲᠤᠯᠭᠠᠭᠤᠷᠢᠯᠠᠬᠤ ᠦᠢᠯᠡᠳᠦᠯ ᠢ | ᠪᠠᠳᠠᠷᠠᠭᠤᠯᠤᠨ᠎ᠠ | ︵ᠬᠤᠷᠢᠨ ᠨᠢᠭᠡ︶ ᠬᠡᠷᠡᠭᠯᠡᠭᠡᠨ ᠤ ᠰᠠᠭᠤᠷᠢ ᠰᠤᠳᠤᠯᠭᠠᠨ ᠢ ᠴᠢᠩᠭᠠᠷᠠᠭᠤᠯᠤᠨ᠎ᠠ᠃ ᠬᠤᠰᠢᠭᠤᠷᠠᠯ ᠬᠥᠲᠥᠯᠥᠨ | ᠳᠠᠭᠠᠭᠤᠯᠬᠤ ᠮᠡᠷᠭᠡᠵᠢᠯ᠂ ᠡᠭᠦᠳᠦᠯᠲᠡ ᠶᠢᠨ ᠴᠢᠨᠠᠷᠲᠠᠢ ᠮᠡᠷᠭᠡᠵᠢᠯ ᠢ ᠲᠥᠰᠥᠭᠡᠯᠡᠬᠦ᠂ ᠢᠯᠡᠷᠡᠭᠦᠯᠬᠦ᠂ ᠦᠨᠡᠯᠡᠨ ᠵᠢᠱᠢᠬᠦ ᠪᠠ | ᠤᠷᠢᠳᠴᠢᠯᠠᠨ ᠰᠡᠷᠡᠮᠵᠢᠯᠡᠭᠦᠯᠭᠦ ᠲᠣᠭᠲᠠᠴᠠ ᠶᠢ ᠪᠠᠶᠢᠭᠤᠯᠵᠤ᠂ ᠤᠯᠤᠰ ᠤᠨ ᠴᠢᠬᠤᠯᠠ ᠶᠡᠭᠡ ᠰᠢᠨᠵᠢᠯᠡᠬᠦ ᠤᠬᠠᠭᠠᠨ ᠤ | ᠰᠤᠳᠤᠯᠭᠠᠨ ᠤ ᠰᠠᠭᠤᠷᠢ ᠲᠥᠬᠦᠭᠡᠷᠦᠮᠵᠢ ᠶᠢ ᠵᠣᠬᠢᠬᠤ ᠬᠡᠮᠵᠢᠶ᠎ᠡ ᠪᠠᠷ ᠤᠷᠢᠳᠴᠢᠯᠠᠨ ᠪᠠᠶᠢᠷᠢᠰᠢᠭᠤᠯᠵᠤ᠂ ᠨᠢᠭᠡ ᠪᠦᠯᠦᠭ ᠪᠦᠭᠦ | ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠪᠠ ᠤᠯᠤᠰ ᠤᠨ ᠰᠢᠨ᠎ᠡ ᠶᠢ ᠡᠭᠦᠳᠬᠦ ᠲᠠᠪᠴᠠᠩ ᠢ ᠵᠣᠬᠢᠬᠤ | ᠬᠡᠮᠵᠢᠶᠡᠨ ᠳᠣᠲᠣᠷ᠎ᠠ ᠤᠷᠢᠳᠴᠢᠯᠠᠨ ᠪᠠᠶᠢᠷᠢᠰᠢᠭᠤᠯᠵᠤ᠂ ᠨᠢᠭᠡ ᠪᠦᠯᠦᠭ ᠤᠯᠤᠰ ᠤᠨ ᠭᠤᠣᠯᠳᠠᠭ᠎ᠠ ᠲᠠᠢ ᠲᠤᠷᠰᠢᠯᠲᠠ ᠶᠢᠨ | ᠳᠠᠰᠤᠭ ᠪᠠ ᠤᠯᠤᠰ ᠤᠨ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠵᠤ᠂ ᠨᠢᠭᠡ ᠪᠦᠯᠦᠭ ᠤᠯᠤᠰ ᠤᠨ ᠴᠢᠬᠤᠯᠠ ᠶᠡᠭᠡ | ᠬᠤᠰᠢᠭᠤᠷᠠᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠢ ᠬᠡᠷᠡᠭᠵᠢᠭᠦᠯᠵᠦ᠂ ᠪᠣᠬᠢᠷᠳᠤᠯ ᠦᠭᠡᠢ ᠪᠥᠭᠡᠳ | ᠨᠡᠭᠦᠷᠡᠰᠦᠳᠥ᠋ᠷᠦᠭᠴᠢ ᠪᠠᠭᠠᠲᠠᠢ ᠬᠦᠷᠢᠶ᠎ᠡ ᠴᠠᠷᠠᠭ᠎ᠠ ᠳᠠᠬᠢ ᠬᠡᠷᠡᠭᠯᠡᠭᠡᠨ ᠤ ᠰᠠᠭᠤᠷᠢ ᠰᠤᠳᠤᠯᠭᠠᠨ ᠢ ᠬᠦᠴᠦᠯᠡᠨ ᠴᠢᠩᠭᠠᠳᠬᠠᠵᠤ᠂ | ᠡᠭᠦᠳᠦᠯᠲᠡ ᠶᠢᠨ ᠴᠢᠨᠠᠷᠲᠠᠢ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠥᠭᠵᠢᠭᠡᠨ᠎ᠡ᠃ ᠴᠢᠳᠠᠪᠤᠷᠢᠲᠠᠨ ᠢ ᠬᠥᠮᠥᠵᠢᠭᠦᠯᠬᠦ | ᠵᠠᠭᠪᠤᠷ ᠤᠨ ᠰᠢᠨ᠎ᠡ ᠶᠢ ᠡᠭᠦᠳᠴᠦ᠂ ᠶᠡᠭᠡ ᠳᠡᠭᠡᠳᠦ ᠰᠤᠷᠭᠠᠭᠤᠯᠢ ᠶᠢᠨ ᠬᠢᠴᠢᠶᠡᠯ ᠰᠢᠨᠵᠢᠯᠡᠭᠡᠨ ᠲᠤᠰᠬᠠᠢ ᠮᠡᠷᠭᠡᠵᠢᠯ ᠤᠨ | ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠣᠶᠤᠨ ᠤ | ᠰᠠᠭᠤᠷᠢ ᠶᠢ ᠪᠠᠬᠢᠵᠢᠭᠦᠯᠦᠨ᠎ᠡ᠃ | ︵ᠬᠤᠷᠢᠨ ᠬᠤᠶᠠᠷ︶ ᠵᠠᠩᠭᠢᠯᠠᠭ᠎ᠠ ᠶᠢᠨ ᠮᠡᠷᠭᠡᠵᠢᠯ ᠢ ᠰᠤᠳᠤᠯᠤᠨ ᠨᠡᠭᠡᠭᠡᠬᠦ ᠶᠢ ᠲᠦᠷᠭᠡᠳᠬᠡᠨ᠎ᠡ᠃ ᠪᠣᠬᠢᠷᠳᠤᠯ ᠦᠭᠡᠢ | ᠪᠥᠭᠡᠳ ᠨᠡᠭᠦᠷᠡᠰᠦᠲᠥ᠋ᠷᠥᠭᠴᠢ ᠪᠠᠭᠠᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ | ᠬᠦᠴᠦᠷᠬᠡᠭᠵᠢᠬᠦ ᠶᠢ ᠠᠬᠢᠭᠤᠯᠵᠤ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠬᠤᠯᠪᠣᠭᠳᠠᠯ ᠪᠦᠬᠦᠢ | ᠮᠡᠷᠭᠡᠵᠢᠯ ᠢ ᠤᠯᠤᠰ ᠤᠨ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠶᠢᠨ ᠬᠤᠯᠪᠣᠭᠳᠠᠯ ᠪᠦᠬᠦᠢ | ᠭᠤᠣᠯᠳᠠᠯᠭ᠎ᠠ ᠲᠠᠢ ᠲᠤᠰᠬᠠᠢ ᠲᠦᠷᠦᠯ ᠵᠦᠢᠯ ᠤᠨ ᠴᠢᠬᠤᠯᠠ ᠳᠡᠮᠵᠢᠯᠭᠡ ᠶᠢᠨ ᠴᠢᠭᠯᠡᠯ ᠪᠤᠯᠭᠠᠵᠤ᠂ ᠡᠨᠧᠷᠭᠢ ᠶᠢᠨ ᠪᠣᠬᠢᠷᠳᠤᠯ | ᠦᠭᠡᠢ ᠪᠥᠭᠡᠳ ᠨᠡᠭᠦᠷᠡᠰᠦᠳᠥ᠋ᠷᠦᠭᠴᠢ ᠪᠠᠭᠠᠲᠠᠢ ᠲᠡᠶᠢᠰᠢ ᠭᠡᠯᠪᠡᠷᠢ ᠪᠠᠨ ᠬᠤᠪᠢᠷᠠᠭᠤᠯᠬᠤ᠂ ᠨᠡᠭᠦᠷᠡᠰᠦᠲᠥ᠋ᠷᠥᠭᠴᠢ ᠪᠠᠭᠠᠲᠠᠢ | ᠨᠡᠭᠦᠷᠡᠰᠦᠳᠥ᠋ᠷᠦᠭᠴᠢ ᠦᠯᠦ ᠭᠠᠳᠠᠭᠰᠢᠯᠠᠭᠤᠯᠬᠤ ᠤᠷ᠎ᠠ ᠮᠡᠷᠭᠡᠰᠢᠯ ᠤᠨ ᠶᠠᠪᠤᠴᠠ ᠶᠢ ᠲᠠᠭᠢᠨ ᠦᠢᠯᠡᠳᠬᠦ᠂ ᠰᠢᠨ᠎ᠡ | ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠴᠤᠭᠯᠠᠭᠤᠯᠤᠨ | ᠠᠰᠢᠭᠯᠠᠬᠤ ᠪᠠ ᠪᠢᠲᠡᠭᠦᠮᠵᠢᠯᠡᠨ ᠬᠠᠳᠠᠭᠠᠯᠠᠬᠤ᠂ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠬᠦ ᠪᠠ ᠡᠷᠭᠢᠯᠳᠦᠭᠦᠯᠦᠨ | ᠠᠰᠢᠭᠯᠠᠬᠤ᠂ ᠰᠢᠨ᠎ᠡ ᠪᠣᠬᠢᠷᠳᠤᠯ ᠪᠣᠳᠠᠰ ᠢ ᠵᠠᠰᠠᠬᠤ ᠵᠡᠷᠭᠡ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ | ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠨᠢᠭᠡᠳᠦᠯᠲᠡᠢ ᠲᠥᠯᠥᠪᠵᠢᠭᠦᠯᠦᠨ ᠴᠢᠩᠭᠠᠳᠬᠠᠨ᠎ᠠ᠃ | ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ | ᠰᠠᠭᠤᠷᠢ ᠶᠢ ᠴᠢᠩᠭᠠᠷᠠᠭᠤᠯᠵᠤ᠂ ᠳᠠᠭᠠᠭᠤᠯᠤᠭᠴᠢ ᠠᠵᠤ ᠠᠬᠤᠶᠢᠯᠠᠯ ᠤᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ | ᠪᠣᠭᠤᠮᠲᠠ ᠰᠢᠪᠲᠤᠯᠬᠤ ᠬᠤᠯᠪᠣᠭᠠᠲᠤ ᠴᠣᠭᠴᠠ ᠶᠢ ᠲᠦᠷᠦᠭᠦᠯᠡᠨ ᠪᠠᠶᠢᠭᠤᠯᠬᠤ ᠶᠢ ᠳᠡᠮᠵᠢᠵᠦ᠂ ᠳᠤᠮᠳᠠ ᠵᠢᠵᠢᠭ ᠠᠵᠤ | ᠠᠬᠤᠶᠢᠯᠠᠯ ᠤᠨ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠮᠡᠷᠭᠡᠵᠢᠯ ᠢ ᠰᠤᠳᠤᠯᠤᠨ ᠨᠡᠭᠡᠭᠡᠬᠦ ᠶᠢ ᠲᠤᠰᠠᠯᠠᠬᠤ | ᠡᠷᠴᠢᠮ ᠢ ᠴᠢᠩᠭᠠᠷᠠᠭᠤᠯᠤᠨ᠂ ᠡᠯ᠎ᠡ ᠲᠥᠷᠥᠯ ᠤᠨ ᠥᠮᠴᠢᠯᠡᠯ ᠤᠨ ᠳᠦᠷᠢᠮᠲᠦ ᠠᠵᠤ ᠠᠬᠤᠶᠢᠯᠠᠯ ᠤᠨ ᠤᠯᠤᠰ ᠤᠨ ᠬᠠᠮᠢᠶ᠎ᠠ | ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ᠳᠤ ᠣᠷᠤᠯᠴᠠᠬᠤ ᠶᠢ ᠵᠣᠷᠢᠭᠵᠢᠭᠤᠯᠤᠨ᠎ᠠ᠃ | ︵ᠬᠤᠷᠢᠨ ᠭᠤᠷᠪᠠ︶ ᠰᠢᠨ᠎ᠡ ᠶᠢ ᠡᠭᠦᠳᠴᠦ ᠵᠢᠱᠢᠶ᠎ᠡ ᠦᠵᠡᠭᠦᠯᠦᠨ ᠳᠡᠯᠭᠡᠷᠡᠭᠦᠯᠬᠦ ᠶᠢ ᠥᠷᠨᠢᠭᠦᠯᠦᠨ᠎ᠡ᠃ ᠰᠢᠨ᠎ᠡ ᠶᠢ | ᠡᠭᠦᠳᠬᠦ ᠶᠢᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠳᠤ ᠦᠵᠡᠭᠦᠯᠭᠦ ᠵᠠᠩᠭᠢᠯᠠᠭ᠎ᠠ ᠶᠢᠨ ᠬᠥᠲᠥᠯᠥᠨ | ᠳᠠᠭᠠᠭᠤᠯᠬᠤ ᠦᠢᠯᠡᠳᠦᠯ ᠢ ᠪᠠᠳᠠᠷᠠᠭᠤᠯᠤᠨ᠎ᠠ᠃ ᠤᠯᠠᠨ ᠲᠡᠰ ᠳᠠᠪᠬᠤᠷᠭ᠎ᠠ ᠶᠢᠨ ᠲᠤᠷᠰᠢᠯᠲᠠ ᠶᠢ ᠥᠷᠨᠢᠭᠦᠯᠵᠦ᠂ ᠠᠵᠤ | ᠦᠢᠯᠡᠳᠪᠦᠷᠢ᠂ ᠡᠨᠧᠷᠭᠢ᠂ ᠵᠠᠮ ᠲᠡᠭᠡᠭᠡᠪᠦᠷᠢ᠂ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠵᠡᠷᠭᠡ | ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠠᠬᠢ ᠪᠣᠬᠢᠷᠳᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ | ᠬᠠᠮᠵᠢᠯᠴᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ | ᠪᠠᠭᠠᠲᠠᠢ ᠲᠡᠷᠢᠭᠦᠨ ᠤ ᠮᠡᠷᠭᠡᠵᠢᠯ ᠤᠨ ᠵᠢᠱᠢᠶ᠎ᠡ ᠦᠵᠡᠭᠦᠯᠭᠦ ᠢᠨᠵᠧᠨᠧᠷᠢᠩ ᠢ ᠬᠡᠷᠡᠭᠵᠢᠭᠦᠯᠵᠦ᠂ ᠲᠡᠷᠢᠭᠦᠨ ᠤ ᠬᠡᠷᠡᠭᠯᠡᠭᠡᠨ ᠤ | ᠮᠡᠷᠭᠡᠵᠢᠯ ᠤᠨ ᠵᠢᠱᠢᠶ᠎ᠡ ᠦᠵᠡᠭᠦᠯᠭᠦ ᠬᠡᠷᠡᠭᠯᠡᠯᠲᠡ ᠪᠠ ᠳᠡᠯᠭᠡᠷᠡᠭᠦᠯᠦᠯᠲᠡ ᠶᠢ ᠲᠦᠷᠭᠡᠳᠬᠡᠨ᠎ᠡ᠃ ᠪᠣᠬᠢᠷᠳᠤᠯ ᠦᠭᠡᠢ ᠪᠥᠭᠡᠳ | ᠨᠡᠭᠦᠷᠡᠰᠦᠲᠥ᠋ᠷᠥᠭᠴᠢ ᠪᠠᠭᠠᠲᠠᠢ ᠮᠡᠷᠭᠡᠵᠢᠯ ᠢ ᠦᠨᠡᠯᠡᠨ ᠵᠢᠱᠢᠬᠦ᠂ ᠠᠷᠠᠯᠵᠢᠶᠠᠯᠠᠬᠤ ᠰᠢᠰᠲ᠋ᠧᠮ ᠪᠠ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠴᠢᠯᠡᠭᠡᠨ ᠤ ᠲᠠᠪᠴᠠᠩ ᠢ ᠲᠡᠭᠦᠯᠳᠡᠷᠵᠢᠭᠦᠯᠵᠦ᠂ ᠪᠣᠬᠢᠷᠳᠤᠯ ᠦᠭᠡᠢ | ᠪᠥᠭᠡᠳ ᠨᠡᠭᠦᠷᠡᠰᠦᠲᠥ᠋ᠷᠥᠭᠴᠢ ᠪᠠᠭᠠᠲᠠᠢ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠭᠡᠯᠪᠡᠷᠢ ᠶᠢᠨ ᠬᠥᠭᠵᠢᠯᠲᠡ ᠳᠤ | ᠠᠰᠢᠭᠲᠠᠢ ᠬᠤᠳᠠᠯᠳᠤᠭᠠᠨ ᠤ ᠵᠠᠭᠪᠤᠷ ᠢ ᠰᠦᠪᠡᠭᠴᠢᠯᠡᠨ᠂ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ | ᠮᠡᠷᠭᠡᠵᠢᠯ ᠤᠨ ᠮᠡᠳᠡᠯᠭᠡ ᠶᠢᠨ ᠥᠮᠴᠢᠯᠡᠯ ᠤᠨ ᠡᠷᠬᠡ ᠶᠢ ᠡᠭᠦᠳᠦᠨ ᠪᠦᠲᠦᠭᠡᠬᠦ᠂ ᠬᠠᠮᠠᠭᠠᠯᠠᠬᠤ᠂ ᠬᠡᠷᠡᠭᠯᠡᠬᠦ ᠶᠢ ᠴᠢᠩᠭᠠᠳᠬᠠᠵᠤ᠂ | ᠪᠦᠭᠦ ᠨᠡᠶᠢᠭᠡᠮ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠨ᠎ᠡ᠃ | ᠠᠷᠪᠠ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠲᠥᠷᠥ ᠶᠢᠨ ᠪᠣᠳᠣᠯᠭ᠎ᠠ ᠶᠢᠨ ᠰᠢᠰᠲ᠋ᠧᠮ ᠢ | ᠲᠡᠭᠦᠯᠳᠡᠷᠵᠢᠭᠦᠯᠦᠨ᠎ᠡ | ︵ᠬᠤᠷᠢᠨ ᠳᠥᠷᠪᠡ︶ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠡᠳ᠋ ᠤᠨ ᠵᠠᠰᠠᠭ ᠭᠠᠶᠢᠯᠢ ᠶᠢᠨ | ᠲᠥᠷᠥ ᠶᠢᠨ ᠪᠣᠳᠣᠯᠭ᠎ᠠ ᠶᠢ ᠪᠦᠷᠢᠨᠰᠢᠭᠦᠯᠦᠨ᠎ᠡ᠃ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠬᠥᠭᠵᠢᠯᠲᠡ | ᠪᠠ ᠡᠬᠢ ᠪᠠᠶᠠᠯᠢᠭ ᠢ ᠥᠨᠳᠥᠷ ᠪᠦᠲᠦᠮᠵᠢᠲᠡᠶ ᠠᠰᠢᠭᠯᠠᠬᠤ ᠶᠢ ᠠᠬᠢᠭᠤᠯᠬᠤ ᠳᠤ ᠠᠰᠢᠭᠲᠠᠢ ᠡᠳ᠋ ᠤᠨ ᠵᠠᠰᠠᠭ ᠭᠠᠶᠢᠯᠢ ᠶᠢᠨ | ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠢᠳᠡᠪᠬᠢᠲᠡᠢ ᠪᠠᠶᠢᠭᠤᠯᠵᠤ᠂ ᠰᠢᠨ᠎ᠡ ᠭᠡᠯᠪᠡᠷᠢ ᠶᠢᠨ ᠡᠨᠧᠷᠭᠢ ᠶᠢᠨ ᠰᠢᠰᠲ᠋ᠧᠮ ᠤᠨ | ᠪᠠᠶᠢᠭᠤᠯᠤᠯᠲᠠ᠂ ᠤᠯᠠᠮᠵᠢᠯᠠᠯᠲᠤ ᠠᠵᠢᠯ ᠲᠥᠷᠥᠯ ᠢ ᠥᠭᠡᠷᠡᠴᠢᠯᠡᠨ ᠲᠠᠰ ᠳᠡᠪᠰᠢᠭᠦᠯᠬᠦ᠂ ᠪᠣᠬᠢᠷᠳᠤᠯ ᠦᠭᠡᠢ ᠪᠥᠭᠡᠳ | ᠨᠡᠭᠦᠷᠡᠰᠦᠲᠥ᠋ᠷᠥᠭᠴᠢ ᠪᠠᠭᠠᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠡᠨᠧᠷᠭᠢ ᠶᠢᠨ ᠡᠬᠢ | ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠪᠠ ᠪᠣᠬᠢᠷᠳᠤᠯ ᠦᠭᠡᠢ ᠪᠥᠭᠡᠳ ᠨᠡᠭᠦᠷᠡᠰᠦᠳᠥ᠋ᠷᠦᠭᠴᠢ ᠪᠠᠭᠠᠲᠠᠢ | ᠠᠮᠢᠳᠤᠷᠠᠯ ᠤᠨ ᠠᠷᠭ᠎ᠠ ᠭᠡᠯᠪᠡᠷᠢ ᠶᠢ ᠳᠡᠯᠭᠡᠷᠡᠭᠦᠯᠬᠦ ᠵᠡᠷᠭᠡ ᠬᠦᠷᠢᠶ᠎ᠡ ᠴᠠᠷᠠᠭ᠎ᠠ ᠶᠢᠨ ᠠᠵᠢᠯ ᠢ ᠳᠡᠮᠵᠢᠨ᠎ᠡ᠃ ᠣᠷᠴᠢᠨ | ᠲᠣᠭᠤᠷᠢᠨ ᠤ ᠬᠠᠮᠠᠭᠠᠯᠠᠯᠲᠠ᠂ ᠡᠨᠧᠷᠭᠢ ᠠᠷᠪᠢᠯᠠᠵᠤ ᠤᠰᠤ ᠠᠷᠪᠢᠯᠠᠬᠤ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ᠂ | ᠰᠢᠨ᠎ᠡ ᠡᠨᠧᠷᠭᠢ ᠪᠠ ᠴᠡᠪᠡᠷ ᠡᠨᠧᠷᠭᠢ ᠶᠢᠨ ᠲᠡᠷᠭᠡ ᠬᠥᠰᠬᠡ ᠶᠢᠨ ᠭᠠᠶᠢᠯᠢ ᠬᠥᠰᠬᠡ ᠶᠢᠨ ᠬᠠᠷᠠᠭᠠᠯᠵᠠᠯ ᠢ | ᠨᠠᠶᠢᠳᠠᠪᠤᠷᠢᠵᠢᠭᠤᠯᠤᠨ᠎ᠠ᠃ ᠪᠣᠬᠢᠷᠳᠤᠯ ᠦᠭᠡᠢ ᠭᠠᠶᠢᠯᠢ ᠶᠢᠨ ᠳᠦᠷᠢᠮ ᠢ ᠲᠡᠭᠦᠯᠳᠡᠷᠵᠢᠭᠦᠯᠵᠦ᠂ ᠤᠰᠤᠨ ᠤ ᠡᠬᠢ ᠪᠠᠶᠠᠯᠢᠭ ᠤᠨ | ᠰᠦᠢᠳᠬᠡᠯ ᠤᠨ ᠭᠠᠶᠢᠯᠢ ᠶᠢ ᠥᠭᠡᠷᠡᠴᠢᠯᠡᠬᠦ ᠶᠢ ᠪᠦᠭᠦ ᠲᠠᠯ᠎ᠠ ᠪᠠᠷ ᠬᠡᠷᠡᠭᠵᠢᠭᠦᠯᠵᠦ᠂ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠭᠠᠶᠢᠯᠢ ᠬᠤᠷᠢᠶᠠᠬᠤ ᠰᠢᠰᠲ᠋ᠧᠮ ᠢ ᠲᠡᠭᠦᠯᠳᠡᠷᠵᠢᠭᠦᠯᠵᠦ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ | ᠪᠠᠭᠠᠰᠬᠠᠬᠤ ᠶᠢ ᠳᠡᠮᠵᠢᠬᠦ ᠬᠠᠮᠢᠶ᠎ᠠ ᠪᠦᠬᠦᠢ ᠭᠠᠶᠢᠯᠢ ᠶᠢᠨ ᠲᠥᠷᠥ ᠶᠢᠨ ᠪᠣᠳᠣᠯᠭ᠎ᠠ ᠶᠢ ᠰᠤᠳᠤᠯᠤᠨ᠎ᠠ᠃ | ︵ᠬᠤᠷᠢᠨ ᠲᠠᠪᠤ︶ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠮᠥᠩᠭᠦᠨ ᠭᠦᠢᠯᠭᠡᠭᠡᠨ ᠤ ᠪᠠᠭᠠᠵᠢ ᠶᠢ | ᠪᠠᠶᠠᠯᠢᠭᠵᠢᠭᠤᠯᠤᠨ᠎ᠠ᠃ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠪᠠᠭᠠᠰᠬᠠᠬᠤ ᠶᠢ ᠳᠡᠮᠵᠢᠬᠦ ᠪᠠᠭᠠᠵᠢ ᠶᠢ ᠬᠡᠷᠡᠭᠵᠢᠭᠦᠯᠬᠦ | ᠬᠤᠭᠤᠴᠠᠭ᠎ᠠ ᠶᠢ 2027 ᠣᠨ ᠤ ᠡᠴᠦᠰ ᠪᠤᠯᠲᠠᠯ᠎ᠠ ᠤᠷᠲᠤᠳᠬᠠᠨ᠎ᠠ᠃ ᠭᠡᠯᠪᠡᠷᠢ ᠪᠠᠨ ᠬᠤᠪᠢᠷᠠᠭᠤᠯᠬᠤ ᠮᠥᠩᠭᠦᠨ | ᠭᠦᠢᠯᠭᠡᠭᠡᠨ ᠤ ᠪᠠᠷᠢᠮᠵᠢᠶ᠎ᠠ ᠶᠢ ᠰᠤᠳᠤᠯᠤᠨ ᠲᠣᠭᠲᠠᠭᠠᠵᠤ᠂ ᠤᠯᠠᠮᠵᠢᠯᠠᠯᠲᠤ ᠠᠵᠢᠯ ᠲᠥᠷᠥᠯ ᠤᠨ ᠬᠦᠷᠢᠶ᠎ᠡ ᠴᠠᠷᠠᠭ᠎ᠠ ᠶᠢᠨ | ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭ᠎ᠠ ᠲᠡᠶᠢᠰᠢ ᠭᠡᠯᠪᠡᠷᠢ ᠪᠠᠨ ᠬᠤᠪᠢᠷᠠᠭᠤᠯᠬᠤ ᠳᠤ ᠵᠦᠢ ᠵᠣᠬᠢᠰᠲᠠᠢ | ᠴᠢᠬᠤᠯᠠ ᠪᠦᠬᠦᠢ ᠮᠥᠩᠭᠦᠨ ᠭᠦᠢᠯᠭᠡᠭᠡᠨ ᠤ ᠳᠡᠮᠵᠢᠯᠭᠡ ᠬᠠᠩᠭᠠᠨ᠎ᠠ᠃ ᠪᠠᠩᠬᠢ ᠶᠢ ᠵᠣᠷᠢᠭᠵᠢᠭᠤᠯᠵᠤ ᠲᠦᠭᠰᠢᠭᠦᠷᠢ ᠶᠢ ᠵᠦᠢ | ᠵᠣᠬᠢᠰᠲᠠᠢ ᠦᠨᠡᠯᠡᠨ ᠵᠢᠱᠢᠭᠰᠡᠨ ᠰᠠᠭᠤᠷᠢᠨ ᠳᠡᠭᠡᠷ᠎ᠡ ᠢᠲᠡᠭᠡᠮᠵᠢᠲᠦ ᠵᠢᠭᠡᠯᠡᠯᠭᠡ ᠶᠢᠨ ᠡᠬᠢ ᠪᠠᠶᠠᠯᠢᠭ ᠤᠨ ᠪᠣᠬᠢᠷᠳᠤᠯ ᠦᠭᠡᠢ | ᠲᠡᠶᠢᠰᠢ ᠲᠣᠬᠢᠷᠠᠭᠤᠯᠤᠯᠲᠠ ᠬᠢᠬᠦ ᠶᠢ ᠬᠥᠲᠥᠯᠥᠨ ᠵᠢᠯᠤᠭᠤᠳᠴᠤ᠂ ᠨᠥᠬᠦᠴᠡᠯ ᠲᠠᠢ ᠭᠠᠵᠠᠷ ᠣᠷᠣᠨ ᠨᠢ ᠵᠠᠰᠠᠭ ᠤᠨ | ᠣᠷᠳᠣᠨ ᠤ ᠴᠢᠨᠠᠷᠲᠠᠢ ᠪᠡᠯᠡ ᠬᠤᠷᠠᠮᠳᠤᠭᠤᠯᠬᠤ ᠪᠠᠲᠤᠯᠠᠭ᠎ᠠ ᠶᠢᠨ ᠪᠠᠶᠢᠭᠤᠯᠤᠮᠵᠢ ᠪᠠᠷ ᠳᠠᠮᠵᠢᠭᠤᠯᠤᠨ ᠪᠣᠬᠢᠷᠳᠤᠯ ᠦᠭᠡᠢ | ᠢᠲᠡᠭᠡᠮᠵᠢᠲᠦ ᠵᠢᠭᠡᠯᠡᠯᠭᠡ ᠶᠢᠨ ᠬᠥᠭᠵᠢᠯᠲᠡ ᠶᠢ ᠳᠡᠮᠵᠢᠵᠦ ᠪᠣᠯᠣᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠣᠯᠠᠨ | ᠵᠦᠢᠯ ᠤᠨ ᠠᠷᠭ᠎ᠠ ᠭᠡᠯᠪᠡᠷᠢ ᠪᠠᠷ ᠳᠠᠮᠵᠢᠭᠤᠯᠤᠨ ᠪᠣᠬᠢᠷᠳᠤᠯ ᠦᠭᠡᠢ ᠵᠢᠭᠡᠯᠡᠯᠭᠡ ᠶᠢᠨ ᠲᠡᠮᠳᠡᠭᠲᠦ ᠶᠢᠨ ᠪᠡᠯᠡ | ᠬᠤᠷᠠᠮᠳᠤᠭᠤᠯᠬᠤ ᠶᠢᠨ ᠥᠪᠡᠷ ᠤᠨ ᠥᠷᠲᠡᠭ ᠢ ᠪᠠᠭᠤᠷᠠᠭᠤᠯᠬᠤ ᠶᠢ ᠵᠣᠷᠢᠭᠵᠢᠭᠤᠯᠤᠨ᠎ᠠ᠃ ᠪᠣᠬᠢᠷᠳᠤᠯ ᠦᠭᠡᠢ ᠰᠲ᠋ᠣᠺ ᠤᠨ | ᠡᠷᠬᠡ ᠶᠢᠨ ᠪᠡᠯᠡ ᠬᠤᠷᠠᠮᠳᠤᠭᠤᠯᠬᠤ᠂ ᠪᠣᠬᠢᠷᠳᠤᠯ ᠦᠭᠡᠢ ᠪᠡᠯᠡ ᠬᠤᠷᠠᠮᠳᠤᠭᠤᠯᠬᠤ ᠲᠦᠷᠢᠶᠡᠰᠦᠯᠡᠭᠦᠯᠬᠦ᠂ ᠪᠣᠬᠢᠷᠳᠤᠯ ᠦᠭᠡᠢ | ᠢᠲᠡᠭᠡᠮᠵᠢ ᠵᠡᠷᠭᠡ ᠮᠥᠩᠭᠦᠨ ᠭᠦᠢᠯᠭᠡᠭᠡᠨ ᠤ ᠪᠠᠭᠠᠵᠢ ᠶᠢ ᠢᠳᠡᠪᠬᠢᠲᠡᠢ ᠬᠥᠭᠵᠢᠭᠦᠯᠵᠦ᠂ ᠨᠡᠭᠦᠷᠡᠰᠦᠲᠥ᠋ᠷᠥᠭᠴᠢ ᠶᠢᠨ ᠮᠥᠩᠭᠦᠨ | ᠭᠦᠢᠯᠭᠡᠭᠡᠨ ᠤ ᠪᠦᠲᠦᠭᠡᠭᠳᠡᠬᠦᠨ ᠪᠠ ᠡᠭᠦᠰᠦᠮᠡᠯ ᠪᠠᠭᠠᠵᠢ ᠶᠢᠨ ᠰᠢᠨ᠎ᠡ ᠶᠢ ᠡᠭᠦᠳᠬᠦ ᠶᠢ ᠡᠮᠬᠢ ᠵᠢᠷᠤᠮ ᠲᠠᠢ ᠪᠠᠷ ᠠᠬᠢᠭᠤᠯᠤᠨ᠎ᠠ᠃ | ᠪᠣᠬᠢᠷᠳᠤᠯ ᠦᠭᠡᠢ ᠳᠠᠭᠠᠳᠬᠠᠯ ᠢ ᠬᠥᠭᠵᠢᠭᠦᠯᠵᠦ᠂ ᠵᠥᠷᠢᠶᠡᠲᠦ ᠳᠠᠭᠠᠳᠬᠠᠯ ᠤᠨ ᠰᠦᠢᠳᠬᠡᠯ ᠤᠨ ᠨᠤᠷᠮ᠎ᠠ ᠶᠢᠨ | ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ | ︵ᠬᠤᠷᠢᠨ ᠵᠢᠷᠭᠤᠭ᠎ᠠ︶ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠪᠡᠯᠡ ᠣᠷᠣᠭᠤᠯᠤᠯᠲᠠ ᠶᠢᠨ | ᠲᠣᠭᠲᠠᠴᠠ ᠶᠢ ᠰᠢᠯᠢᠳᠡᠭᠵᠢᠭᠦᠯᠦᠨ᠎ᠡ᠃ ᠪᠡᠯᠡ ᠣᠷᠣᠭᠤᠯᠤᠯᠲᠠ ᠶᠢᠨ ᠲᠣᠭᠲᠠᠴᠠ ᠶᠢᠨ ᠰᠢᠨ᠎ᠡ ᠶᠢ ᠡᠭᠦᠳᠬᠦ ᠪᠠ | ᠰᠢᠯᠢᠳᠡᠭᠵᠢᠭᠦᠯᠵᠦ᠂ ᠡᠯ᠎ᠡ ᠲᠦᠷᠦᠯ ᠤᠨ ᠬᠥᠷᠥᠩᠭᠡ ᠶᠢᠨ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ | ᠬᠦᠷᠢᠶ᠎ᠡ ᠴᠠᠷᠠᠭ᠎ᠠ ᠳᠠᠬᠢ ᠪᠡᠯᠡ ᠣᠷᠣᠭᠤᠯᠤᠯᠲᠠ ᠶᠢᠨ ᠬᠠᠷᠢᠴᠠᠯ ᠢᠶᠠᠨ ᠳᠡᠭᠡᠭᠰᠢᠯᠡᠭᠦᠯᠭᠦ ᠶᠢ ᠵᠣᠷᠢᠭᠵᠢᠭᠤᠯᠤᠨ᠎ᠠ᠃ ᠲᠥᠪ ᠤᠨ | ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠨᠢ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ | ᠲᠡᠷᠢᠭᠦᠨ ᠤ ᠮᠡᠷᠭᠡᠵᠢᠯ ᠤᠨ ᠵᠢᠱᠢᠶ᠎ᠡ ᠦᠵᠡᠭᠦᠯᠭᠦ᠂ ᠭᠤᠣᠯᠳᠠᠯᠭ᠎ᠠ ᠲᠠᠢ ᠠᠵᠢᠯ ᠲᠥᠷᠥᠯ ᠤᠨ ᠡᠨᠧᠷᠭᠢ ᠠᠷᠪᠢᠯᠠᠵᠤ | ᠨᠡᠭᠦᠷᠡᠰᠦᠲᠥ᠋ᠷᠥᠭᠴᠢ ᠪᠠᠭᠠᠰᠬᠠᠬᠤ᠂ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠡᠷᠭᠢᠯᠳᠦᠭᠦᠯᠦᠨ ᠠᠰᠢᠭᠯᠠᠬᠤ᠂ ᠣᠷᠴᠢᠨ | ᠲᠣᠭᠤᠷᠢᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠬᠦᠷᠢᠶ᠎ᠡ ᠴᠠᠷᠠᠭ᠎ᠠ ᠳᠠᠬᠢ ᠭᠤᠣᠯᠳᠠᠯᠭ᠎ᠠ ᠲᠠᠢ | ᠲᠥᠷᠥᠯ ᠵᠦᠢᠯ ᠳᠤ ᠢᠳᠡᠪᠬᠢᠲᠡᠢ ᠳᠡᠮᠵᠢᠯᠭᠡ ᠦᠵᠡᠭᠦᠯᠦᠨ᠎ᠡ᠃ ᠨᠡᠶᠢᠭᠡᠮ ᠤᠨ ᠬᠥᠷᠥᠩᠭᠡ ᠶᠢᠨ ᠪᠣᠬᠢᠷᠳᠤᠯ ᠦᠭᠡᠢ ᠪᠥᠭᠡᠳ | ᠨᠡᠭᠦᠷᠡᠰᠦᠲᠥ᠋ᠷᠥᠭᠴᠢ ᠪᠠᠭᠠᠲᠠᠢ ᠲᠥᠷᠥᠯ ᠵᠦᠢᠯ ᠤᠨ ᠪᠡᠯᠡ ᠣᠷᠣᠭᠤᠯᠤᠯᠲᠠ᠂ ᠪᠦᠲᠦᠭᠡᠨ ᠪᠠᠶᠢᠭᠤᠯᠤᠯᠲᠠ᠂ ᠡᠵᠡᠩᠨᠡᠯᠲᠡ ᠳᠤ | ᠣᠷᠤᠯᠴᠠᠬᠤ ᠶᠢ ᠬᠥᠲᠥᠯᠥᠨ ᠵᠢᠯᠤᠭᠤᠳᠬᠤ ᠪᠠ ᠵᠢᠷᠤᠮᠵᠢᠭᠤᠯᠵᠤ᠂ ᠨᠡᠶᠢᠭᠡᠮ ᠤᠨ ᠬᠥᠷᠥᠩᠭᠡ ᠶᠢᠨ ᠵᠠᠬ᠎ᠠ ᠳᠡᠯᠭᠡᠭᠦᠷᠴᠢᠯᠡᠭᠰᠡᠨ | ᠠᠷᠭ᠎ᠠ ᠭᠡᠯᠪᠡᠷᠢ ᠪᠠᠷ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠠᠵᠤ ᠦᠢᠯᠡᠰ ᠤᠨ ᠪᠡᠯᠡ | ᠣᠷᠣᠭᠤᠯᠤᠯᠲᠠ ᠶᠢᠨ ᠰᠠᠭᠤᠷᠢ ᠮᠥᠩᠭᠦ ᠪᠠᠶᠢᠭᠤᠯᠬᠤ ᠶᠢ ᠵᠣᠷᠢᠭᠵᠢᠭᠤᠯᠤᠨ᠎ᠠ᠃ ᠨᠥᠬᠦᠴᠡᠯ ᠳᠤ ᠨᠡᠶᠢᠴᠡᠬᠦ ᠰᠢᠨ᠎ᠡ ᠡᠨᠧᠷᠭᠢ᠂ | ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ | ᠬᠠᠮᠢᠶ᠎ᠠ ᠪᠦᠬᠦᠢ ᠲᠥᠷᠥᠯ ᠵᠦᠢᠯ ᠤᠨ ᠰᠠᠭᠤᠷᠢ ᠲᠥᠬᠦᠭᠡᠷᠦᠮᠵᠢ ᠶᠢᠨ ᠬᠦᠷᠢᠶ᠎ᠡ ᠴᠠᠷᠠᠭ᠎ᠠ ᠶᠢᠨ ᠲᠣᠭᠲᠠᠮᠠᠯ ᠬᠥᠷᠥᠩᠭᠡ ᠶᠢᠨ | ᠪᠡᠯᠡ ᠣᠷᠣᠭᠤᠯᠤᠯᠲᠠ ᠶᠢᠨ ᠢᠲᠡᠭᠡᠮᠵᠢᠲᠦ ᠰᠠᠭᠤᠷᠢ ᠮᠥᠩᠭᠦ ︵REITs︶ ᠲᠠᠷᠬᠠᠭᠠᠬᠤ ᠶᠢ ᠳᠡᠮᠵᠢᠨ᠎ᠡ᠃ | ︵ᠬᠤᠷᠢᠨ ᠳᠣᠯᠤᠭ᠎ᠠ︶ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠦᠨ᠎ᠡ ᠬᠠᠩᠰᠢ ᠶᠢᠨ | ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠴᠠᠭᠢᠯᠭᠠᠨ ᠬᠦᠴᠦᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠠᠮᠢᠳᠤᠯᠢᠭ ᠴᠢᠨᠠᠷᠲᠠᠢ ᠴᠠᠭᠢᠯᠭᠠᠨ ᠡᠭᠦᠰᠬᠡᠭᠴᠢ ᠶᠢᠨ ᠰᠢᠰᠲ᠋ᠧᠮ ᠲᠠᠢ ᠲᠣᠬᠢᠷᠠᠭᠤᠯᠬᠤ ᠦᠨ᠎ᠡ | ᠬᠠᠩᠰᠢ ᠶᠢᠨ ᠲᠣᠭᠲᠠᠴᠠ ᠳᠤ ᠣᠷᠤᠯᠴᠠᠬᠤ ᠶᠢ ᠲᠡᠭᠦᠯᠳᠡᠷᠵᠢᠭᠦᠯᠦᠨ ᠵᠣᠷᠢᠭᠵᠢᠭᠤᠯᠵᠤ᠂ ᠨᠡᠭᠦᠷᠡᠰᠦ ᠴᠠᠭᠢᠯᠭᠠᠨ ᠤ | ᠪᠠᠭᠲᠠᠭᠠᠮᠵᠢ ᠶᠢᠨ ᠴᠠᠭᠢᠯᠭᠠᠨ ᠤ ᠦᠨ᠎ᠡ ᠶᠢᠨ ᠲᠣᠭᠲᠠᠴᠠ ᠶᠢ ᠬᠡᠷᠡᠭᠵᠢᠭᠦᠯᠵᠦ᠂ ᠰᠢᠨ᠎ᠡ ᠭᠡᠯᠪᠡᠷᠢ ᠶᠢᠨ ᠬᠠᠳᠠᠭᠠᠯᠠᠮᠵᠢ | ᠡᠨᠧᠷᠭᠢ ᠶᠢᠨ ᠦᠨ᠎ᠡ ᠪᠦᠷᠢᠯᠳᠦᠬᠦ ᠲᠣᠭᠲᠠᠴᠠ ᠶᠢ ᠰᠤᠳᠤᠯᠤᠨ ᠪᠠᠶᠢᠭᠤᠯᠤᠨ ᠪᠦᠷᠢᠨᠰᠢᠭᠦᠯᠵᠦ᠂ ᠴᠠᠭᠢᠯᠭᠠᠨ ᠤ ᠱᠠᠲᠤᠯᠢᠭ | ᠦᠨ᠎ᠡ ᠶᠢᠨ ᠳᠦᠷᠢᠮ ᠪᠠ ᠴᠠᠭ ᠬᠤᠪᠢᠶᠠᠭᠰᠠᠨ ᠴᠠᠭᠢᠯᠭᠠᠨ ᠤ ᠦᠨ᠎ᠡ ᠶᠢᠨ ᠲᠦᠷᠦ ᠶᠢᠨ ᠪᠣᠳᠣᠯᠭ᠎ᠠ ᠶᠢ ᠪᠦᠷᠢᠨᠰᠢᠭᠦᠯᠵᠦ᠂ | ᠡᠨᠧᠷᠭᠢ ᠶᠢᠨ ᠬᠤᠷᠣᠭᠳᠠᠭᠤᠯᠤᠯ ᠶᠡᠬᠡᠲᠡᠢ ᠠᠵᠢᠯ ᠲᠦᠷᠦᠯ ᠤᠨ ᠴᠠᠭᠢᠯᠭᠠᠨ ᠤ ᠱᠠᠲᠤᠯᠢᠭ ᠦᠨ᠎ᠡ ᠶᠢᠨ ᠳᠦᠷᠢᠮ ᠢ | ᠲᠡᠭᠦᠯᠳᠡᠷᠵᠢᠭᠦᠯᠦᠨ᠎ᠡ᠃ ᠰᠠᠭᠤᠭᠠᠯᠢ ᠠᠷᠠᠳ ᠤᠨ ᠤᠰᠤᠨ ᠤ ᠱᠠᠲᠤᠯᠢᠭ ᠦᠨ᠎ᠡ ᠬᠠᠩᠰᠢ᠂ ᠰᠠᠭᠤᠭᠠᠯᠢ ᠠᠷᠠᠳ ᠤᠨ ᠪᠤᠰᠤ | ᠬᠡᠷᠡᠭᠯᠡᠬᠦ ᠤᠰᠤ ᠵᠢᠴᠢ ᠣᠨᠴᠠ ᠲᠥᠷᠥᠯ ᠳᠤ ᠬᠡᠷᠡᠭᠯᠡᠬᠦ ᠤᠰᠤᠨ ᠤ ᠲᠣᠭᠲᠠᠭᠰᠠᠨ ᠲᠤᠭ᠎ᠠ ᠠᠴᠠ ᠬᠡᠲᠦᠷᠡᠭᠰᠡᠨ ᠬᠡᠰᠡᠭ ᠲᠤ | ᠠᠬᠢᠭᠤᠯᠤᠨ ᠪᠤᠳᠤᠵᠤ ᠦᠨ᠎ᠡ ᠨᠡᠮᠡᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠲᠠᠷᠢᠶᠠᠯᠠᠩ ᠳᠤ ᠬᠡᠷᠡᠭᠯᠡᠬᠦ | ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠤᠨ᠎ᠠ᠃ ᠣᠷᠣᠨ ᠨᠤᠲᠤᠭ ᠤᠨ ᠬᠢᠨ ᠤ | ᠰᠦᠢᠳᠬᠡᠯ ᠬᠤᠷᠢᠶᠠᠬᠤ ᠵᠠᠭᠪᠤᠷ ᠢᠶᠠᠨ ᠲᠡᠭᠦᠯᠳᠡᠷᠵᠢᠭᠦᠯᠬᠦ ᠶᠢ ᠳᠡᠮᠵᠢᠵᠦ᠂ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ | ᠰᠦᠢᠳᠬᠡᠯ ᠬᠤᠷᠢᠶᠠᠬᠤ ᠠᠷᠭ᠎ᠠ ᠭᠡᠯᠪᠡᠷᠢ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠬᠤᠲᠠ ᠪᠠᠯᠭᠠᠰᠤ ᠶᠢᠨ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠪᠠ ᠬᠡᠮᠵᠢᠶ᠎ᠡ ᠶᠢ ᠪᠠᠭᠠᠰᠬᠠᠬᠤ ᠶᠢ ᠤᠷᠮᠠᠰᠢᠭᠤᠯᠬᠤ ᠲᠣᠭᠲᠠᠴᠠ ᠶᠢ | ᠪᠠᠶᠢᠭᠤᠯᠤᠨ᠎ᠠ᠃ | ︵ᠬᠤᠷᠢᠨ ᠨᠠᠢᠮᠠ︶ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠵᠠᠬ᠎ᠠ ᠳᠡᠯᠭᠡᠭᠦᠷᠴᠢᠯᠡᠬᠦ | ᠲᠣᠭᠲᠠᠴᠠ ᠶᠢ ᠪᠦᠷᠢᠨᠰᠢᠭᠦᠯᠦᠨ᠎ᠡ᠃ ᠡᠬᠢ ᠪᠠᠶᠠᠯᠢᠭ ᠣᠷᠴᠢᠨ ᠲᠣᠭᠤᠷᠢᠨ ᠤ ᠴᠢᠬᠤᠯᠠ ᠬᠦᠴᠦᠨ ᠵᠦᠢᠯ ᠢ ᠵᠠᠬ᠎ᠠ | ᠳᠡᠯᠭᠡᠭᠦᠷᠴᠢᠯᠡᠨ ᠲᠣᠬᠢᠷᠠᠭᠤᠯᠬᠤ ᠰᠢᠰᠲ᠋ᠧᠮ ᠢ ᠪᠦᠷᠢᠨᠰᠢᠭᠦᠯᠵᠦ᠂ ᠠᠷᠠᠯᠵᠢᠶ᠎ᠠ ᠶᠢᠨ ᠳᠦᠷᠢᠮ ᠤᠨ ᠵᠢᠷᠤᠮᠵᠢᠯ ᠵᠢᠴᠢ ᠳᠡᠩᠰᠡᠯᠡᠨ | ᠲᠡᠮᠳᠡᠭᠯᠡᠬᠦ᠂ ᠬᠢᠮᠳᠠ ᠦᠨ᠎ᠡ ᠪᠠᠷ ᠬᠤᠳᠠᠯᠳᠤᠬᠤ᠂ ᠰᠢᠯᠵᠢᠭᠦᠯᠦᠨ ᠥᠭᠬᠦ᠂ ᠪᠠᠷᠢᠴᠠᠭᠠᠯᠠᠬᠤ ᠵᠡᠷᠭᠡ ᠢᠵᠢ ᠪᠦᠷᠢᠳᠦᠭᠦᠯᠦᠭᠰᠡᠨ | ᠳᠦᠷᠢᠮ ᠢ ᠲᠡᠭᠦᠯᠳᠡᠷᠵᠢᠭᠦᠯᠦᠨ᠂ ᠡᠬᠢ ᠪᠠᠶᠠᠯᠢᠭ ᠣᠷᠴᠢᠨ ᠲᠣᠭᠤᠷᠢᠨ ᠤ ᠡᠷᠬᠡ ᠠᠰᠢᠭ ᠲᠤ ᠰᠠᠭᠤᠷᠢᠯᠠᠭᠰᠠᠨ ᠪᠡᠯᠡ | ᠬᠤᠷᠠᠮᠳᠤᠭᠤᠯᠬᠤ ᠪᠠᠭᠠᠵᠢ ᠶᠢ ᠰᠦᠪᠡᠭᠴᠢᠯᠡᠨ᠎ᠡ᠃ ᠠᠮᠢ ᠠᠬᠤᠢ ᠶᠢᠨ ᠬᠠᠮᠠᠭᠠᠯᠠᠯᠲᠠ ᠶᠢᠨ ᠬᠥᠨᠳᠡᠯᠡᠨ ᠴᠢᠭᠯᠡᠯ ᠤᠨ | ᠨᠥᠬᠦᠪᠦᠷᠢ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠠᠮᠢ ᠠᠬᠤᠢ ᠶᠢᠨ ᠦᠢᠯᠡᠳᠬᠦᠨ ᠤ ᠦᠷᠳᠡᠭ ᠢ ᠪᠡᠶᠡᠯᠡᠭᠦᠯᠬᠦ | ᠲᠣᠭᠲᠠᠴᠠ ᠶᠢ ᠲᠡᠭᠦᠯᠳᠡᠷᠵᠢᠭᠦᠯᠦᠨ᠎ᠡ᠃ ᠪᠦᠭᠦ ᠤᠯᠤᠰ ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ | ᠠᠷᠠᠯᠵᠢᠶᠠᠨ ᠤ ᠵᠠᠬ᠎ᠠ ᠳᠡᠯᠭᠡᠭᠦᠷ ᠪᠠ ᠰᠠᠶᠢᠨ ᠳᠤᠷ᠎ᠠ ᠠᠴᠠ ᠪᠠᠨ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ | ᠪᠠᠭᠠᠰᠬᠠᠬᠤ ᠠᠷᠠᠯᠵᠢᠶᠠᠨ ᠤ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠠᠤᠯᠢ ᠲᠣᠭᠲᠠᠭᠠᠯ | ᠳᠦᠷᠢᠮ ᠢ ᠪᠦᠷᠢᠨᠰᠢᠭᠦᠯᠦᠨ᠂ ᠠᠷᠠᠯᠵᠢᠶᠠᠨ ᠤ ᠠᠵᠢᠯ ᠲᠦᠷᠦᠯ ᠤᠨ ᠬᠡᠪᠴᠢᠶ᠎ᠡ ᠶᠢ ᠴᠠᠭ ᠲᠤᠨᠢ ᠲᠣᠬᠢᠷᠠᠭᠤᠯᠤᠨ ᠡᠮᠬᠢ | ᠵᠢᠷᠤᠮ ᠲᠠᠢ ᠪᠠᠷ ᠥᠷᠭᠡᠳᠬᠡᠨ᠎ᠡ᠃ ᠪᠣᠬᠢᠷᠳᠤᠯ ᠦᠭᠡᠢ ᠴᠠᠭᠢᠯᠭᠠᠨ ᠬᠦᠴᠦᠨ ᠤ ᠦᠨᠡᠮᠯᠡᠯ ᠤᠨ ᠠᠷᠠᠯᠵᠢᠶᠠᠨ ᠤ ᠳᠦᠷᠢᠮ ᠢ | ᠲᠡᠭᠦᠯᠳᠡᠷᠵᠢᠭᠦᠯᠵᠦ᠂ ᠪᠣᠬᠢᠷᠳᠤᠯ ᠦᠭᠡᠢ ᠴᠠᠭᠢᠯᠭᠠᠨ᠂ ᠪᠣᠬᠢᠷᠳᠤᠯ ᠦᠭᠡᠢ ᠦᠨᠡᠮᠯᠡᠯ᠂ ᠨᠡᠭᠦᠷᠡᠰᠦᠲᠥ᠋ᠷᠥᠭᠴᠢ ᠶᠢᠨ ᠠᠷᠠᠯᠵᠢᠶ᠎ᠠ | ᠵᠡᠷᠭᠡ ᠵᠠᠬ᠎ᠠ ᠳᠡᠯᠭᠡᠭᠦᠷᠴᠢᠯᠡᠭᠰᠡᠨ ᠲᠣᠭᠲᠠᠴᠠ ᠶᠢᠨ ᠲᠦᠷᠦ ᠶᠢᠨ ᠪᠣᠳᠣᠯᠭ᠎ᠠ ᠶᠢᠨ ᠬᠠᠮᠵᠢᠯᠴᠠᠭ᠎ᠠ ᠶᠢ ᠴᠢᠩᠭᠠᠳᠬᠠᠨ᠎ᠠ᠃ | ︵ᠬᠤᠷᠢ ᠶᠢᠰᠦ︶ ᠪᠣᠬᠢᠷᠳᠤᠯ ᠦᠭᠡᠢ ᠬᠥᠭᠵᠢᠯᠲᠡ ᠶᠢᠨ ᠪᠠᠷᠢᠮᠵᠢᠶ᠎ᠠ ᠶᠢᠨ ᠰᠢᠰᠲ᠋ᠧᠮ ᠢ ᠪᠠᠶᠢᠭᠤᠯᠤᠨ᠎ᠠ᠃ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠪᠠᠷᠢᠮᠵᠢᠶ᠎ᠠ ᠶᠢᠨ ᠰᠢᠰᠲ᠋ᠧᠮ ᠢ ᠪᠠᠶᠢᠭᠤᠯᠵᠤ᠂ ᠰᠠᠭᠤᠷᠢ ᠨᠡᠶᠢᠳᠡᠮ ᠬᠡᠷᠡᠭᠯᠡᠬᠦ ᠪᠠᠷᠢᠮᠵᠢᠶ᠎ᠠ ᠵᠢᠴᠢ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠪᠠᠭᠠᠰᠬᠠᠬᠤ᠂ ᠨᠡᠭᠦᠷᠡᠰᠦᠲᠥ᠋ᠷᠥᠭᠴᠢ ᠶᠢ ᠠᠷᠢᠯᠭᠠᠬᠤ ᠬᠤᠯᠪᠣᠭᠳᠠᠯ ᠪᠦᠬᠦᠢ | ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠶᠢ ᠠᠬᠢᠭᠤᠯᠵᠤ᠂ ᠠᠵᠤ ᠠᠬᠤᠶᠢᠯᠠᠯ ᠤᠨ ᠨᠡᠭᠦᠷᠡᠰᠦᠲᠥ᠋ᠷᠥᠭᠴᠢ ᠶᠢ | ᠭᠠᠳᠠᠭᠰᠢᠯᠠᠭᠤᠯᠬᠤ ᠪᠠ ᠦᠢᠯᠡᠳᠬᠦᠨ ᠤ ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠲᠣᠭᠠᠴᠠᠭ᠎ᠠ ᠬᠢᠬᠦ᠂ ᠮᠡᠳᠡᠭᠦᠯᠬᠦ᠂ | ᠬᠢᠨᠠᠨ ᠪᠠᠶᠢᠴᠠᠭᠠᠬᠤ ᠵᠡᠷᠭᠡ ᠪᠠᠷᠢᠮᠵᠢᠶ᠎ᠠ ᠶᠢ ᠲᠣᠭᠲᠠᠭᠠᠨ᠎ᠠ᠃ ᠡᠨᠧᠷᠭᠢ ᠠᠷᠪᠢᠯᠠᠬᠤ ᠪᠠᠷᠢᠮᠵᠢᠶ᠎ᠠ ᠶᠢ ᠰᠢᠨᠡᠳᠬᠡᠨ ᠲᠡᠰ | ᠳᠡᠪᠰᠢᠭᠦᠯᠬᠦ ᠶᠢ ᠲᠦᠷᠭᠡᠳᠬᠡᠵᠦ᠂ ᠭᠤᠣᠯᠳᠠᠯᠭ᠎ᠠ ᠲᠠᠢ ᠦᠢᠯᠡᠳᠬᠦᠨ ᠤ ᠡᠨᠧᠷᠭᠢ ᠶᠢᠨ ᠬᠤᠷᠣᠭᠳᠠᠭᠤᠯᠤᠯ ᠤᠨ ᠬᠢᠵᠠᠭᠠᠷ | ᠲᠤᠭ᠎ᠠ ᠶᠢᠨ ᠱᠠᠭᠠᠷᠳᠠᠯᠭ᠎ᠠ ᠶᠢ ᠳᠡᠭᠡᠭᠰᠢᠯᠡᠭᠦᠯᠦᠨ᠂ ᠡᠨᠧᠷᠭᠢ ᠶᠢᠨ ᠬᠤᠷᠣᠭᠳᠠᠭᠤᠯᠤᠯ ᠤᠨ ᠬᠢᠵᠠᠭᠠᠷ ᠲᠤᠭ᠎ᠠ ᠶᠢᠨ | ᠪᠠᠷᠢᠮᠵᠢᠶ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ᠳᠠᠭᠢᠨ ᠡᠭᠦᠰᠴᠦ ᠪᠤᠯᠬᠤ ᠡᠨᠧᠷᠭᠢ ᠶᠢᠨ ᠪᠠᠷᠢᠮᠵᠢᠶ᠎ᠠ ᠶᠢᠨ | ᠰᠢᠰᠲ᠋ᠧᠮ ᠪᠠ ᠠᠵᠤ ᠦᠢᠯᠡᠳᠪᠦᠷᠢ ᠶᠢᠨ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠪᠠᠷᠢᠮᠵᠢᠶ᠎ᠠ ᠶᠢᠨ | ᠰᠢᠰᠲ᠋ᠧᠮ ᠢ ᠲᠡᠭᠦᠯᠳᠡᠷᠵᠢᠭᠦᠯᠵᠦ᠂ ᠤᠰᠤᠲᠥ᠋ᠷᠥᠭᠴᠢ ᠡᠨᠧᠷᠭᠢ ᠶᠢ ︽ᠦᠢᠯᠡᠳᠴᠦ ᠬᠠᠳᠠᠭᠠᠯᠠᠵᠤ ᠲᠡᠭᠡᠭᠡᠪᠦᠷᠢᠯᠡᠵᠦ ᠬᠡᠷᠡᠭᠯᠡᠬᠦ︾ | ᠪᠠᠷᠢᠮᠵᠢᠶ᠎ᠠ ᠶᠢ ᠪᠠᠶᠢᠭᠤᠯᠤᠨ ᠪᠦᠷᠢᠨᠰᠢᠭᠦᠯᠦᠨ᠎ᠡ᠃ | ᠠᠷᠪᠠᠨ ᠨᠢᠭᠡ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠤᠯᠠᠨ ᠤᠯᠤᠰ ᠤᠨ ᠬᠠᠮᠲᠤᠷᠠᠯᠴᠠᠭ᠎ᠠ ᠶᠢ | ᠴᠢᠩᠭᠠᠳᠬᠠᠨ᠎ᠠ | ︵ᠭᠤᠴᠢ︶ ᠪᠦᠭᠦ ᠪᠥᠮᠪᠥᠷᠴᠡᠭ ᠤᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠠᠬᠢᠴᠠ ᠳᠤ | ᠣᠷᠣᠯᠴᠠᠨ᠎ᠠ᠃ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ | ᠪᠠᠷᠢᠮᠲᠠᠯᠠᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ᠂ ᠲᠠᠯᠠᠢ ᠲᠠᠩᠭᠢᠰ ᠤᠨ ᠪᠣᠬᠢᠷᠳᠤᠯ ᠢ ᠵᠠᠰᠠᠬᠤ᠂ ᠠᠮᠢᠳᠤ | ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ᠂ ᠰᠦᠯᠢᠶᠥᠦ ᠶᠢᠨ ᠪᠣᠬᠢᠷᠳᠤᠯ ᠢ ᠵᠠᠰᠠᠬᠤ ᠵᠡᠷᠭᠡ ᠬᠦᠷᠢᠶ᠎ᠡ | ᠴᠠᠷᠠᠭ᠎ᠠ ᠳᠠᠬᠢ ᠤᠯᠠᠨ ᠤᠯᠤᠰ ᠤᠨ ᠳᠦᠷᠢᠮ ᠢ ᠲᠣᠭᠲᠠᠭᠠᠬᠤ ᠳᠤ ᠢᠳᠡᠪᠬᠢᠲᠡᠢ ᠣᠷᠣᠯᠴᠠᠵᠤ᠂ ᠲᠥᠪ ᠭᠤᠣᠯᠴᠢ ᠵᠦᠢ | ᠵᠣᠬᠢᠰᠲᠠᠢ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠪᠦᠭᠦ ᠪᠥᠮᠪᠥᠷᠴᠡᠭ ᠤᠨ ᠣᠷᠴᠢᠨ ᠲᠣᠭᠤᠷᠢᠨ ᠠᠭᠤᠷ | ᠠᠮᠢᠰᠬᠤᠯ ᠤᠨ ᠵᠠᠰᠠᠯᠲᠠ ᠶᠢᠨ ᠰᠢᠰᠲ᠋ᠧᠮ ᠢ ᠪᠠᠶᠢᠭᠤᠯᠬᠤ ᠶᠢ ᠠᠬᠢᠭᠤᠯᠤᠨ᠎ᠠ᠃ ᠪᠦᠭᠦ ᠪᠥᠮᠪᠥᠷᠴᠡᠭ ᠤᠨ ᠬᠥᠭᠵᠢᠯᠲᠡ ᠶᠢᠨ | ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭ᠎ᠠ ᠵᠢᠴᠢ | ᠡᠷᠭᠢᠨ ᠲᠣᠭᠤᠷᠢᠨ ᠤ ᠤᠯᠤᠰ ᠤᠳ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠴᠢᠳᠠᠯ ᠤᠨ ᠢᠶᠠᠨ ᠬᠢᠷᠢ ᠪᠠᠷ | ᠬᠥᠭᠵᠢᠵᠦ ᠪᠠᠶᠢᠭ᠎ᠠ ᠤᠯᠤᠰ ᠤᠳ ᠲᠤ ᠳᠡᠮᠵᠢᠯᠭᠡ ᠬᠠᠩᠭᠠᠨ᠎ᠠ᠃ | ︵ᠭᠤᠴᠢᠨ ᠨᠢᠭᠡ︶ ᠲᠥᠷᠥ ᠶᠢᠨ ᠪᠣᠳᠣᠯᠭ᠎ᠠ ᠶᠢᠨ ᠰᠣᠯᠢᠯᠴᠠᠭ᠎ᠠ ᠪᠠ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ | ᠴᠢᠩᠭᠠᠳᠬᠠᠨ᠎ᠠ᠃ ᠤᠯᠠᠨ ᠲᠠᠯᠠᠲᠤ ᠪᠠ ᠬᠤᠶᠠᠷ ᠲᠠᠯᠠᠲᠤ ᠶᠠᠷᠢᠯᠴᠠᠭ᠎ᠠ ᠬᠠᠮᠲᠤᠷᠠᠯᠴᠠᠭ᠎ᠠ ᠶᠢᠨ ᠠᠷᠭ᠎ᠠ ᠵᠠᠮ ᠢ ᠥᠷᠭᠡᠳᠬᠡᠵᠦ᠂ | ᠪᠣᠬᠢᠷᠳᠤᠯ ᠦᠭᠡᠢ ᠬᠥᠭᠵᠢᠯᠲᠡ ᠶᠢᠨ ᠬᠦᠷᠢᠶ᠎ᠡ ᠴᠠᠷᠠᠭ᠎ᠠ ᠳᠠᠬᠢ ᠤᠯᠠᠨ ᠲᠠᠯᠠᠲᠤ ᠬᠠᠮᠲᠤᠷᠠᠯᠴᠠᠭᠠᠨ ᠤ ᠲᠠᠪᠴᠠᠩ ᠤᠨ | ᠪᠠᠶᠢᠭᠤᠯᠤᠯᠲᠠ ᠶᠢ ᠴᠢᠩᠭᠠᠳᠬᠠᠵᠤ᠂ ᠳᠤᠮᠳᠠᠳᠤ ᠤᠯᠤᠰ ᠤᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠤᠭᠰᠠᠨ | ᠦᠷ᠎ᠡ ᠪᠦᠲᠦᠮᠵᠢ ᠶᠢ ᠶᠡᠭᠡ ᠪᠠᠷ ᠤᠬᠠᠭᠤᠯᠵᠤ᠂ ᠤᠯᠠᠨ ᠤᠯᠤᠰ ᠤᠨ ᠲᠤᠷᠰᠢᠯᠭ᠎ᠠ ᠪᠠᠷ ᠢᠳᠡᠪᠬᠢᠲᠡᠢ ᠲᠣᠯᠢ ᠪᠣᠯᠭᠠᠨ᠎ᠠ᠃ | ᠪᠣᠬᠢᠷᠳᠤᠯ ᠦᠭᠡᠢ ᠪᠡᠯᠡ ᠣᠷᠣᠭᠤᠯᠤᠯᠲᠠ ᠪᠠ ᠠᠷᠠᠯᠵᠢᠶᠠᠨ ᠤ ᠬᠠᠮᠲᠤᠷᠠᠯᠴᠠᠭ᠎ᠠ ᠶᠢ ᠴᠢᠩᠭᠠᠳᠬᠠᠵᠤ᠂ ︽ᠪᠣᠬᠢᠷᠳᠤᠯ ᠦᠭᠡᠢ | ᠲᠣᠷᠭᠠᠨ ᠵᠠᠮ︾ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠬᠤᠯᠪᠣᠭᠳᠠᠯ ᠪᠦᠬᠦᠢ ᠤᠯᠤᠰ ᠯᠤᠭ᠎ᠠ ᠶᠢᠨ ᠪᠣᠳᠠᠲᠠᠢ ᠶᠢ | ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠬᠢᠯᠢ ᠶᠢᠨ ᠭᠠᠳᠠᠨᠠᠬᠢ ᠲᠥᠷᠥᠯ ᠵᠦᠢᠯ ᠤᠨ ᠣᠷᠴᠢᠨ ᠲᠣᠭᠤᠷᠢᠨ ᠤ | ᠦᠷᠭᠦᠯᠵᠢᠯᠡᠬᠦ ᠴᠢᠨᠠᠷ ᠢ ᠳᠡᠭᠡᠭᠰᠢᠯᠡᠭᠦᠯᠦᠨ᠂ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠦᠢᠯᠡᠳᠬᠦᠨ ᠢ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠵᠣᠷᠢᠭᠵᠢᠭᠤᠯᠤᠨ᠎ᠠ᠃ ᠪᠣᠬᠢᠷᠳᠤᠯ ᠦᠭᠡᠢ ᠶᠢᠨ ᠲᠤᠬᠠᠢ | ᠮᠡᠷᠭᠡᠵᠢᠯ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ | ᠪᠠᠶᠢᠭᠤᠯᠤᠮᠵᠢ ᠶᠢᠨ ᠭᠠᠳᠠᠭᠠᠳᠤ ᠶᠢᠨ ᠬᠢᠨ ᠲᠠᠢ ᠡᠷᠳᠡᠮ ᠰᠢᠨᠵᠢᠯᠡᠭᠡᠨ ᠤ ᠰᠣᠯᠢᠯᠴᠠᠭ᠎ᠠ ᠥᠷᠨᠢᠭᠦᠯᠵᠦ᠂ ᠤᠯᠠᠨ ᠤᠯᠤᠰ ᠤᠨ | ᠬᠠᠮ ᠰᠢᠨᠵᠢᠯᠡᠬᠦ ᠤᠬᠠᠭᠠᠨ ᠤ ᠢᠨᠵᠧᠨᠧᠷᠢᠩ ᠳᠤ ᠢᠳᠡᠪᠬᠢᠲᠡᠢ ᠣᠷᠤᠯᠴᠠᠬᠤ ᠶᠢ ᠵᠣᠷᠢᠭᠵᠢᠭᠤᠯᠤᠨ᠎ᠠ᠃ ᠪᠣᠬᠢᠷᠳᠤᠯ ᠦᠭᠡᠢ | ᠪᠠᠶᠢᠬᠤ ᠪᠠᠷᠢᠮᠵᠢᠶ᠎ᠠ ᠬᠢᠭᠡᠳ ᠬᠢᠷᠢ ᠲᠡᠩᠴᠡᠯᠲᠡ ᠶᠢ ᠦᠨᠡᠯᠡᠨ ᠲᠣᠭᠲᠠᠭᠠᠬᠤ ᠣᠯᠠᠨ ᠤᠯᠤᠰ ᠤᠨ ᠬᠠᠮᠲᠤᠷᠠᠯᠴᠠᠭ᠎ᠠ ᠶᠢ | ᠴᠢᠩᠭᠠᠳᠬᠠᠵᠤ᠂ ᠣᠯᠠᠨ ᠤᠯᠤᠰ ᠤᠨ ᠬᠠᠮᠢᠶ᠎ᠠ ᠪᠦᠬᠦᠢ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠳᠤ | ᠣᠷᠣᠯᠴᠠᠵᠤ᠂ ᠭᠤᠣᠯ ᠪᠤᠯᠬᠤ ᠠᠷᠠᠯᠵᠢᠶᠠᠨ ᠤ ᠬᠠᠨᠢᠲᠠᠨ ᠯᠤᠭ᠎ᠠ ᠨᠡᠭᠦᠷᠡᠰᠦᠲᠥ᠋ᠷᠥᠭᠴᠢ ᠶᠢᠨ ᠤᠯᠠ ᠮᠥᠷ ᠵᠡᠷᠭᠡ | ᠳᠦᠷᠢᠮ ᠤᠨ ᠲᠠᠯ᠎ᠠ ᠪᠠᠷ ᠵᠣᠯᠭᠠᠯᠳᠤᠭᠤᠯᠤᠨ ᠬᠠᠷᠢᠯᠴᠠᠨ ᠮᠡᠳᠡᠷᠡᠬᠦ ᠶᠢ ᠠᠬᠢᠭᠤᠯᠤᠨ᠎ᠠ᠃ | ᠠᠷᠪᠠᠨ ᠬᠤᠶᠠᠷ᠂ ᠵᠣᠬᠢᠶᠠᠨ ᠪᠠᠶᠢᠭᠤᠯᠤᠨ ᠬᠡᠷᠡᠭᠵᠢᠭᠦᠯᠬᠦ | ︵ᠭᠤᠴᠢᠨ ᠬᠤᠶᠠᠷ︶ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠨᠠᠮ ᠤᠨ | ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠨᠠᠮ ᠤᠨ | ᠤᠳᠤᠷᠢᠳᠤᠯᠭ᠎ᠠ ᠶᠢ ᠠᠵᠢᠯ ᠤᠨ ᠪᠦᠭᠦ ᠶᠠᠪᠤᠴᠠ ᠪᠠ ᠡᠯ᠎ᠡ ᠲᠠᠯ᠎ᠠ ᠳᠤ ᠲᠤᠭᠤᠰᠢᠯᠠᠭᠤᠯᠤᠨ᠎ᠠ᠃ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠤᠨ ᠬᠢᠨ ᠲᠣᠰ ᠭᠠᠵᠠᠷ ᠣᠷᠣᠨ ᠲᠣᠰ ᠰᠠᠯᠠᠭ᠎ᠠ ᠮᠥᠴᠢᠷ ᠤᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ | ᠬᠤᠪᠢᠷᠠᠭᠤᠯᠬᠤ ᠳᠠᠬᠢ ᠭᠤᠣᠯᠳᠠᠯᠭ᠎ᠠ ᠲᠠᠢ ᠡᠭᠦᠷᠭᠡ ᠪᠠᠨ ᠲᠣᠳᠣᠷᠬᠠᠶᠢᠯᠠᠵᠤ᠂ ᠪᠣᠳᠠᠲᠠᠢ ᠲᠠᠢ ᠪᠠᠨ ᠤᠶᠠᠯᠳᠤᠭᠤᠯᠤᠨ ᠲᠣᠰ | ᠰᠠᠨᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ | ᠨᠢᠭᠡᠴᠢ᠂ ᠠᠷᠠᠳ ᠤᠨ ᠪᠦᠯᠭᠦᠮ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠲᠣᠰ ᠬᠦᠷᠢᠶ᠎ᠡ ᠴᠠᠷᠠᠭ᠎ᠠ ᠳᠠᠬᠢ ᠪᠣᠬᠢᠷᠳᠤᠯ | ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠠᠵᠢᠯ ᠢ ᠢᠳᠡᠪᠬᠢᠲᠡᠢ ᠠᠬᠢᠭᠤᠯᠬᠤ ᠬᠡᠷᠡᠭᠲᠡᠢ᠃ ᠤᠯᠤᠰ ᠤᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠢᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ | ᠴᠢᠩᠭᠠᠳᠬᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠨᠧᠷᠭᠢ ᠶᠢᠨ ᠬᠤᠷᠣᠭᠳᠠᠭᠤᠯᠤᠯ ᠤᠨ ᠬᠤᠣᠰ | ᠡᠵᠡᠮᠳᠡᠯ ᠢ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠤᠣᠰ ᠡᠵᠡᠮᠳᠡᠯ ᠪᠣᠯᠭᠠᠨ ᠪᠦᠭᠦ ᠲᠠᠯ᠎ᠠ ᠪᠠᠷ | ᠬᠤᠪᠢᠷᠠᠭᠤᠯᠬᠤ ᠰᠢᠨ᠎ᠡ ᠲᠣᠭᠲᠠᠴᠠ ᠶᠢ ᠪᠠᠶᠢᠭᠤᠯᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ | ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠶᠡᠷᠦᠩᠬᠡᠶᠢᠯᠡᠨ ᠦᠨᠡᠯᠡᠵᠦ ᠬᠢᠨᠠᠨ ᠰᠢᠯᠭᠠᠬᠤ | ᠳᠦᠷᠢᠮ ᠢ ᠲᠣᠭᠲᠠᠭᠠᠨ ᠬᠡᠷᠡᠭᠵᠢᠭᠦᠯᠵᠦ᠂ ᠰᠢᠨᠵᠢᠯᠡᠬᠦ ᠤᠬᠠᠭᠠᠨᠴᠢ ᠪᠠᠷ ᠬᠢᠨᠠᠨ ᠰᠢᠯᠭᠠᠵᠤ᠂ ᠦᠨᠡᠯᠡᠵᠦ ᠬᠢᠨᠠᠨ ᠰᠢᠯᠭᠠᠭᠰᠠᠨ | ᠦᠷ᠎ᠡ ᠳ᠋ᠦᠩ ᠤᠨ ᠬᠡᠷᠡᠭᠯᠡᠭᠡ ᠶᠢ ᠴᠢᠩᠭᠠᠳᠬᠠᠬᠤ ᠬᠡᠷᠡᠭᠲᠡᠢ᠃ ᠴᠢᠬᠤᠯᠠ ᠪᠠᠶᠢᠳᠠᠯ ᠳᠤ ᠴᠠᠭ ᠲᠤᠬᠠᠢ ᠳᠤᠨᠢ ᠲᠡᠰ ᠳᠠᠷᠠᠭᠠᠯᠠᠯ | ᠶᠣᠰᠣᠭᠠᠷ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠵᠢᠭᠠᠪᠤᠷᠢ ᠠᠪᠴᠤ ᠮᠡᠳᠡᠭᠦᠯᠬᠦ ᠬᠡᠷᠡᠭᠲᠡᠢ᠃ | ︵ᠭᠤᠴᠢᠨ ᠭᠤᠷᠪᠠ︶ ᠬᠠᠤᠯᠢᠵᠢᠯ ᠤᠨ ᠪᠠᠲᠤᠯᠠᠭ᠎ᠠ ᠶᠢ ᠴᠢᠩᠭᠠᠳᠬᠠᠨ᠎ᠠ᠃ ᠡᠯ᠎ᠡ ᠬᠤᠯᠪᠣᠭᠳᠠᠯ ᠪᠦᠬᠦᠢ ᠨᠢᠭᠡᠴᠢ ᠠᠮᠢ | ᠠᠬᠤᠢ ᠣᠷᠴᠢᠨ ᠲᠣᠭᠤᠷᠢᠨ ᠤ ᠬᠠᠤᠯᠢ ᠶᠢᠨ ᠪᠢᠴᠢᠭ ᠪᠠ ᠡᠨᠧᠷᠭᠢ ᠶᠢᠨ ᠬᠠᠤᠯᠢ᠂ ᠡᠨᠧᠷᠭᠢ ᠶᠢ ᠠᠷᠪᠢᠯᠠᠬᠤ ᠬᠠᠤᠯᠢ᠂ | ᠴᠠᠭᠢᠯᠭᠠᠨ ᠬᠦᠴᠦᠨ ᠤ ᠬᠠᠤᠯᠢ᠂ ᠨᠡᠭᠦᠷᠡᠰᠦᠨ ᠤ ᠬᠠᠤᠯᠢ᠂ ᠳᠠᠭᠢᠨ ᠡᠭᠦᠰᠴᠦ ᠪᠤᠯᠬᠤ ᠡᠨᠧᠷᠭᠢ ᠶᠢᠨ ᠬᠠᠤᠯᠢ᠂ ᠡᠷᠭᠢᠯᠲᠡᠲᠦ | ᠠᠵᠤ ᠠᠬᠤᠢ ᠶᠢ ᠠᠬᠢᠭᠤᠯᠬᠤ ᠬᠠᠤᠯᠢ ᠵᠡᠷᠭᠡ ᠬᠠᠤᠯᠢ ᠲᠣᠭᠲᠠᠭᠠᠯ ᠢ ᠲᠣᠭᠲᠠᠭᠠᠬᠤ ᠪᠠ ᠲᠡᠭᠦᠨ ᠳᠤ ᠵᠠᠰᠠᠪᠤᠷᠢ ᠣᠷᠣᠭᠤᠯᠬᠤ | ᠠᠵᠢᠯ ᠢ ᠲᠦᠷᠭᠡᠯᠡᠨ ᠠᠬᠢᠭᠤᠯᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠪᠠ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠲᠤᠰᠬᠠᠢ ᠬᠠᠤᠯᠢ | ᠴᠠᠭᠠᠵᠠ ᠶᠢ ᠰᠤᠳᠤᠯᠤᠨ ᠲᠣᠭᠲᠠᠭᠠᠬᠤ ᠬᠡᠷᠡᠭᠲᠡᠢ᠃ ᠢᠷᠭᠡᠨ ᠤ ᠬᠠᠤᠯᠢ ᠶᠢᠨ ᠪᠢᠴᠢᠭ ᠤᠨ ᠪᠣᠬᠢᠷᠳᠤᠯ ᠦᠭᠡᠢ ᠪᠠᠶᠢᠬᠤ | ᠵᠠᠷᠴᠢᠮ ᠢ ᠨᠠᠶᠢᠳᠠᠪᠤᠷᠢᠵᠢᠭᠤᠯᠵᠤ᠂ ᠢᠷᠭᠡᠨ ᠤ ᠬᠡᠷᠡᠭ ᠤᠨ ᠭᠤᠣᠯ ᠴᠣᠭᠴᠠ ᠶᠢᠨ ᠡᠨᠧᠷᠭᠢ ᠡᠬᠢ ᠪᠠᠶᠠᠯᠢᠭ ᠢ ᠠᠷᠪᠢᠯᠠᠬᠤ᠂ | ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠶᠢ ᠬᠥᠲᠥᠯᠥᠨ ᠵᠢᠯᠣᠭᠤᠳᠤᠨ᠎ᠠ᠃ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢ ᠡᠷᠡᠭᠦᠦ ᠶᠢᠨ ᠬᠡᠷᠡᠭ ᠤᠨ ᠬᠠᠤᠯᠢ ᠪᠠᠷᠢᠬᠤ ᠯᠤᠭ᠎ᠠ ᠵᠣᠯᠭᠠᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ | ᠠᠮᠢ ᠠᠬᠤᠢ ᠣᠷᠴᠢᠨ ᠲᠣᠭᠤᠷᠢᠨ ᠤ ᠬᠤᠬᠢᠷᠠᠯ ᠤᠨ ᠲᠥᠯᠥᠪᠦᠷᠢ ᠶᠢᠨ ᠵᠠᠷᠭᠤ᠂ ᠠᠮᠢ ᠠᠬᠤᠢ ᠣᠷᠴᠢᠨ ᠲᠣᠭᠤᠷᠢᠨ ᠪᠠ ᠡᠬᠢ | ᠪᠠᠶᠠᠯᠢᠭ ᠤᠨ ᠬᠠᠮᠠᠭᠠᠯᠠᠯᠲᠠ ᠶᠢᠨ ᠬᠦᠷᠢᠶ᠎ᠡ ᠴᠠᠷᠠᠭ᠎ᠠ ᠳᠠᠬᠢ ᠨᠡᠶᠢᠲᠡ ᠶᠢᠨ ᠠᠰᠠᠷᠠᠮᠵᠢ ᠶᠢᠨ ᠵᠠᠷᠭᠤ ᠶᠢ ᠬᠠᠤᠯᠢ ᠶᠣᠰᠣᠭᠠᠷ | ᠥᠷᠨᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠬᠤᠬᠢᠷᠠᠯ ᠤᠨ ᠲᠥᠯᠥᠪᠦᠷᠢ ᠥᠭᠬᠦ ᠪᠠ ᠵᠠᠰᠠᠨ ᠰᠡᠷᠭᠦᠭᠡᠬᠦ | ᠲᠣᠭᠲᠠᠴᠠ ᠶᠢ ᠲᠡᠭᠦᠯᠳᠡᠷᠵᠢᠭᠦᠯᠦᠨ᠎ᠡ᠃ | |