ᠬᠤᠷᠢᠨᠭᠡᠷ ᠤᠨ ᠰᠠᠭᠤᠭᠳᠠᠯ
ᠨᠡᠶᠢᠲᠡᠯᠡᠭᠰᠡᠨ ᠴᠠᠭ᠄
2024/8/20
     ᠴᠢᠨ ᠤ ᠶᠦᠨ ᠵᠦᠩ᠂ ᠤᠮᠠᠷᠠᠲᠤ ᠸᠧᠢ ᠶᠢᠨ ᠱᠧᠩ ᠯᠧ᠃      ᠬᠠᠨ ᠤᠯᠤᠰ ᠤᠨ ᠬᠡᠪ ᠨᠠᠮᠪᠠ ᠪᠦᠬᠦᠢ ᠳᠠᠩ ᠤᠯᠤᠰ ᠤᠨ ᠭᠤᠷᠪᠠᠨ ᠥᠩᠭᠡ᠂ ᠰᠣᠶᠣᠯ ᠤᠨ ᠰᠤᠳᠠᠰᠤ ᠡᠷᠲᠡᠨ ᠣᠳᠣ ᠳᠤ ᠨᠡᠪᠲᠡᠷᠡᠨ᠎ᠡ᠃      ᠤᠷᠲᠤ ᠴᠠᠭᠠᠨ ᠬᠡᠷᠡᠮ ᠤᠨ ᠳᠣᠣᠷ᠎ᠠ᠂ ᠬᠠᠲᠤᠨ ᠭᠤᠣᠯ ᠤᠨ ᠬᠤᠶᠢᠲᠤ ᠡᠷᠭᠢ᠃      ᠮᠢᠩᠭᠠᠨ ᠵᠢᠯ ᠤᠨ ᠡᠷᠳᠡᠨ ᠤ ᠬᠤᠳᠠ᠂ ᠦᠩᠭᠡᠷᠡᠭᠰᠡᠨ ᠣᠳᠣ ᠳᠤ ᠨᠡᠷ᠎ᠡ ᠠᠯᠳᠠᠷᠰᠢᠨ ᠵᠣᠷᠴᠢᠨᠠᠮ᠃
     ᠠᠳᠡᠬᠢ ᠪᠤᠯ ᠨᠡᠬᠦᠳᠡᠯ ᠮᠠᠯᠵᠢᠯ ᠤᠨ ᠰᠤᠶᠤᠯ ᠬᠢᠭᠡᠳ ᠲᠠᠷᠢᠶᠠᠯᠠᠬᠤ ᠰᠤᠶᠤᠯ ᠤᠨ ᠠᠭᠤᠰᠤᠯᠴᠠᠨ ᠨᠡᠶᠢᠯᠡᠭᠰᠡᠨ ᠬᠦᠭᠵᠢᠯ ᠮᠠᠨᠳᠤᠯ ᠤᠨ ᠭᠠᠵᠠᠷ ᠪᠤᠯᠤᠨ᠎ᠠ᠃ ᠠᠳᠡ ᠪᠣᠯ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠠᠴᠢᠶᠠᠯᠠᠪᠤᠷᠢ ᠶᠢᠨ ᠵᠠᠩᠭᠢᠯᠠᠭ᠎ᠠ ᠪᠣᠯᠤᠨ᠎ᠠ᠃ ᠨᠠᠩ ᠴᠤ ᠰᠢᠨ᠎ᠡ ᠴᠠᠭ ᠦᠶ᠎ᠡ ᠶᠢᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠬᠠᠩᠭᠢᠨᠠᠮ᠎ᠠ ᠨᠡᠷ᠎ᠡ ᠶᠢᠨ ᠬᠠᠭᠤᠳᠠᠰᠤ ᠪᠣᠯᠤᠨ᠎ᠠ ᠁
     ᠵᠡᠭᠦᠨ ᠬᠠᠨ ᠤᠯᠤᠰ ᠤᠨ ᠣᠩᠭᠤᠨ ᠤ ᠦᠷᠦᠭᠡ ᠶᠢᠨ ᠬᠠᠨ᠎ᠠ ᠶᠢᠨ ᠵᠢᠷᠤᠭ ᠢᠶᠠᠷ ᠵᠡᠭᠦᠨ ᠬᠠᠨ ᠤᠯᠤᠰ ᠤᠨ ᠦᠶ᠎ᠡ ᠶᠢᠨ ᠡᠯ᠎ᠡ ᠦᠨᠳᠦᠰᠦᠲᠡᠨ ᠤ ᠠᠭᠤᠰᠣᠯᠴᠠᠯ ᠢ ᠵᠢᠷᠣᠭᠯᠠᠭᠰᠠᠨ ᠪᠠᠶᠢᠨ᠎ᠠ᠃
     ᠳᠡᠯᠡᠬᠡᠢ ᠶᠢᠨ ᠰᠣᠶᠣᠯ ᠤᠨ ᠥᠪ— ᠮᠢᠩ ᠤᠯᠤᠰ ᠤᠨ ᠤᠷᠲᠤ ᠴᠠᠭᠠᠨ ᠬᠡᠷᠡᠮ ᠠᠭᠤᠯᠠ ᠶᠢ ᠳᠠᠭᠠᠵᠤ ᠦᠷᠲᠡᠭᠡ ᠵᠠᠯᠭᠠᠯᠳᠤᠨ᠂ ᠥᠨᠳᠥᠷ ᠠᠭᠤᠯᠠ ᠥᠨᠳᠥᠷ ᠳᠠᠪᠠᠭᠠᠨ ᠤ ᠳᠤᠮᠳᠠ ᠮᠣᠷᠣᠯᠵᠠᠨ᠎ᠠ᠃
     ᠬᠤᠷᠢᠨᠭᠡᠷ ᠴᠠᠭᠠᠰᠤᠨ ᠬᠠᠶᠢᠴᠢᠯᠠᠮᠠᠯ ᠨᠢ ᠰᠤᠳᠤᠯᠭᠠᠨ ᠤ ᠡᠲᠡᠭᠡᠳ ᠤᠨ ᠬᠢᠨ ᠳᠤ ︽ᠲᠠᠯ᠎ᠠ ᠨᠤᠲᠤᠭ ᠤᠨ ᠴᠡᠴᠡᠭ︾᠂ ︽ᠦᠨᠳᠦᠰᠦᠲᠡᠨ ᠤ ᠲᠡᠦᠬᠡ ᠰᠣᠶᠣᠯ ᠤᠨ ᠠᠮᠢᠳᠤ ᠴᠢᠯᠠᠭᠤᠵᠢᠮᠠᠯ︾ ᠭᠡᠵᠦ ᠠᠯᠳᠠᠷᠰᠢᠭᠰᠠᠨ ᠪᠠᠶᠢᠨ᠎ᠠ᠃
     ᠭᠤᠯᠢᠷ ᠤᠨ ᠭᠠᠷ ᠤᠷᠠᠯᠢᠭ ᠨᠢ ᠵᠠᠭᠤᠨ ᠵᠢᠯ ᠤᠯᠠᠮᠵᠢᠯᠠᠨ ᠵᠠᠯᠭᠠᠮᠵᠢᠯᠠᠵᠤ ᠠᠷᠠᠳ ᠤᠨ ᠵᠠᠩ ᠳᠠᠳᠬᠠᠯ ᠢ ᠵᠡᠷᠭᠡᠪᠡᠷ ᠳᠡᠯᠭᠡᠷᠡᠭᠦᠯᠵᠦ᠂ ᠰᠣᠶᠣᠯ ᠤᠨ ᠤᠯᠠᠮᠵᠢᠯᠠᠯ ᠳᠤ ᠬᠦᠴᠦᠨ ᠨᠡᠮᠡᠷᠢᠯᠡᠨ᠎ᠡ᠃
     ᠤᠮᠠᠷᠠᠲᠤ ᠶᠢᠨ ᠴᠠᠨ᠎ᠠ ᠴᠡᠴᠡᠭ ᠤᠨ ᠤᠭ ᠭᠠᠷᠤᠯᠲᠠ ᠶᠢᠨ ᠣᠷᠣᠨ ᠤ ᠨᠢᠭᠡ ᠨᠢ ᠴᠡᠴᠡᠭ ᠢᠶᠠᠷ ᠵᠠᠭᠤᠴᠢ ᠪᠣᠯᠭᠠᠵᠤ᠂ ᠨᠠᠶᠢᠷ ᠢᠶᠠᠷ ᠨᠠᠶᠢᠵᠠ ᠨᠠᠷ ᠲᠠᠢ ᠪᠠᠨ ᠠᠭᠤᠯᠵᠠᠵᠤ᠂ ᠠᠵᠤ ᠠᠬᠤᠢ ᠪᠣᠯᠣᠨ ᠰᠣᠶᠣᠯ ᠢ ᠬᠠᠮᠲᠤ ᠪᠠᠷ ᠮᠠᠨᠳᠤᠭᠤᠯᠬᠤ ᠪᠠᠷ ᠬᠥᠳᠡᠯᠭᠡᠭᠦᠷ ᠪᠣᠯᠭᠠᠭᠰᠠᠨ ᠪᠠᠶᠢᠨ᠎ᠠ᠃
     ᠬᠤᠷᠢᠨᠭᠡᠷ ︽ᠪᠣᠬᠢᠷᠲᠤᠯ ᠦᠭᠡᠢ ᠨᠤᠭᠤᠭᠠᠨ ᠢᠶᠠᠷ ᠭᠤᠶᠣᠭᠰᠠᠨ ᠪᠠᠶᠢᠳᠠᠯ︾ ᠨᠢ ᠠᠳᠡᠬᠢ ᠦᠵᠡᠮᠵᠢ ᠶᠢ ᠨᠡᠩ ᠠᠭᠤᠯᠤᠭᠳᠠᠬᠤᠨ ᠲᠠᠢ᠂ ᠨᠡᠩ ᠲᠠᠲᠠᠬᠤ ᠬᠦᠴᠦᠨ ᠲᠠᠢ ᠪᠣᠯᠭᠠᠵᠠᠢ᠃
     ᠤᠯᠤᠰ ᠤᠨ ᠳᠡᠰ ᠤᠨ ᠤᠰᠤᠨ ᠠᠰᠢᠭᠯᠠᠯᠲᠠ ᠶᠢᠨ ᠦᠵᠡᠮᠵᠢ ᠶᠢᠨ ᠣᠷᠣᠨ — ᠴᠢᠶᠠᠨ ᠶᠣᠣ ᠽᠢ ᠤᠰᠤᠨ ᠴᠥᠭᠦᠷᠥᠮ ᠤᠨ ᠠᠮᠠᠷᠠᠯᠲᠠ ᠶᠢᠨ ᠲᠣᠰᠭᠤᠨ ᠣᠳᠣ ᠨᠢᠭᠡᠨᠲᠡ ᠡᠷᠭᠢᠨ ᠲᠣᠭᠤᠷᠢᠨ ᠤ ᠵᠤᠭᠠᠴᠠᠭᠰᠠᠳ ᠤᠨ ᠰᠡᠯᠡᠭᠦᠴᠡᠨ ᠠᠮᠠᠷᠠᠬᠤ ᠵᠤᠭᠠᠴᠠᠯ ᠤᠨ ᠬᠦᠰᠡᠯᠡᠩ ᠤᠨ ᠲᠠᠯᠠᠪᠤᠷ ᠪᠣᠯᠵᠠᠢ᠃
     ᠪᠣᠭᠤᠮᠲᠠ ᠶᠢᠨ ᠭᠠᠳᠠᠨᠠᠬᠢ ᠲᠤᠭᠤᠷ ᠤᠨ ᠬᠦᠷᠢᠶᠡᠯᠡᠩ᠂ ᠳᠠᠶᠢᠴᠢᠳ ᠬᠥᠳᠡᠭᠡ ᠲᠣᠰᠬᠤᠨ ᠤ ᠵᠤᠭᠠᠴᠠᠯ ᠪᠠ ᠲᠠᠷᠢᠶᠠᠴᠢᠨ ᠠᠶᠢᠯ ᠤᠨ ᠵᠤᠭᠠᠴᠠᠯ ᠴᠡᠴᠡᠭᠯᠡᠨ ᠬᠥᠭᠵᠢᠬᠦ ᠰᠢᠨ᠎ᠡ ᠬᠡᠯᠪᠡᠷᠢ ᠶᠢᠨ ᠠᠵᠤ ᠦᠢᠯᠡᠰ ᠪᠣᠯᠪᠠ᠃
     ᠣᠤ ᠸᠧᠢ ᠠᠳᠤᠭᠤᠨ ᠤ ᠪᠠᠯᠭᠠᠰᠤ ᠴᠢᠮ᠎ᠠ ᠲᠠᠢ ᠬᠠᠮᠲᠤ ᠭᠤᠶᠢᠳᠠ ᠰᠠᠶᠢᠬᠠᠨ ᠭᠱᠠᠨ ᠮᠥᠴᠡ ᠶᠢ ᠬᠠᠮᠲᠤ ᠪᠠᠷ ᠰᠣᠨᠢᠷᠬᠠᠶ᠎ᠠ ᠬᠡᠮᠡᠨ ᠣᠷᠢᠨ ᠵᠠᠯᠠᠵᠤ ᠪᠣᠢ᠃
      ᠮᠧᠩ ᠨᠢᠦ᠂ ᠵᠧᠩ ᠳ᠋ᠠ᠂ ᠺᠣᠺᠡ ᠺᠣᠯᠠ᠂ ᠶᠠᠨᠵᠢᠩ ᠫᠢᠸᠤ᠋᠂ ᠶᠡᠭᠡ ᠮᠠᠯᠵᠢᠯ ᠤᠨ ᠲᠠᠯᠠᠪᠠᠢ᠂ ᠢᠦᠢ ᠬᠠᠩ ᠷᠧᠨ᠂ ᠲᠦᠩ ᠢ ᠤᠮᠳᠠᠭᠠᠨ ᠵᠡᠷᠭᠡ ᠠᠵᠤ ᠠᠬᠤᠶᠢᠯᠠᠯ ᠢᠶᠠᠷ ᠭᠤᠣᠯᠳᠠᠯᠭ᠎ᠠ ᠪᠣᠯᠭᠠᠭᠰᠠᠨ ᠣᠳᠣ ᠦᠶ᠎ᠡ ᠶᠢᠨ ᠠᠵᠤ ᠦᠢᠯᠡᠳᠪᠦᠷᠢ ᠶᠢᠨ ᠵᠤᠭᠠᠴᠠᠯ ᠤᠨ ᠱᠤᠭᠤᠮ ᠨᠢᠭᠡᠨᠲᠡ ᠪᠦᠷᠢᠯᠳᠦᠵᠡᠢ᠃
     ᠡᠷᠲᠡ ᠡᠳᠦᠭᠡ ᠶᠢ ᠲᠤᠭᠤᠯᠤᠭᠰᠠᠨ᠂ ᠵᠡᠭᠦᠳᠦ ᠵᠡᠷᠭᠡᠯᠭᠡᠨ ᠮᠡᠲᠦ ᠲᠡᠦᠬᠡ᠂ ᠰᠣᠶᠣᠯ᠂ ᠠᠮᠢ ᠠᠬᠤᠢ ᠪᠣᠯᠤᠨ ᠣᠷᠴᠢᠨ ᠦᠶ᠎ᠡ ᠶᠢᠨ ᠠᠭᠤᠷ ᠠᠮᠢᠰᠭᠤᠯ ᠰᠣᠯᠪᠢᠴᠠᠭᠰᠠᠨ ᠬᠤᠩᠭᠢᠯ ᠨᠢ ᠵᠢᠷᠤᠭ ᠰᠢᠭ᠋ ᠳᠡᠯᠭᠡᠭᠳᠡᠨ᠎ᠡ᠃      ᠬᠤᠷᠢᠨᠭᠡᠷ ᠰᠢᠶᠠᠨ ᠪᠣᠯ ᠬᠦᠰᠡᠯ ᠡᠷᠡᠮᠡᠯᠵᠡᠯ ᠲᠠᠢ ᠬᠠᠯᠠᠭᠤᠨ ᠬᠥᠷᠥᠰᠥ ᠮᠥᠨ᠂ ᠲᠠᠨ ᠤ ᠬᠦᠰᠡᠯ ᠵᠡᠭᠦᠳᠦ ᠪᠠᠨ ᠳᠡᠯᠭᠡᠵᠦ ᠪᠠᠶᠢᠭ᠎ᠠ ᠭᠠᠵᠠᠷ ᠮᠥᠨ᠂ ᠪᠦᠬᠦ ᠰᠢᠶᠠᠨ ᠤ ᠠᠷᠠᠳ ᠲᠦᠮᠡᠨ ᠣᠷᠭᠢᠯᠤᠮ᠎ᠠ ᠬᠠᠯᠠᠭᠤᠨ ᠰᠡᠳᠬᠢᠯᠭᠡ ᠲᠠᠢ ᠬᠠᠶᠢᠷ᠎ᠠ ᠰᠡᠳᠬᠢᠯᠭᠡ ᠶᠢ ᠡᠪᠦᠷᠯᠡᠵᠦ᠂ ᠲᠦᠷᠪᠡᠨ ᠳᠠᠯᠠᠢ ᠶᠢᠨ ᠵᠣᠴᠢᠳ ᠢ ᠬᠦᠯᠢᠶᠡᠨ ᠠᠪᠴᠤ ᠪᠠᠶᠢᠳᠠᠭ ᠰᠠᠨ᠃  ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号