ᠬᠤᠷᠢᠨᠭᠡᠷ ᠵᠠᠰᠠᠭ ᠠᠯᠪᠠᠨ ᠲᠠᠷᠬᠠᠭᠠᠭᠰᠠᠨ ﹇2020﹈ 7 ᠳ᠋ᠤᠭᠠᠷ ᠲᠣᠭᠠᠲᠤ | ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠢᠶᠠᠩ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠪᠡᠯᠡᠳᠬᠡᠯ ᠳᠤᠭᠤᠶᠢᠯᠠᠩ᠂ | ᠰᠢᠶᠠᠨ ᠤ ᠡᠯ᠎ᠡ ᠵᠥᠪᠯᠡᠯ ᠠᠯᠪᠠᠨ ᠬᠡᠷ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄ | ᠡᠳᠦᠭᠡ ︽ᠬᠤᠷᠢᠨᠭᠡᠷ ᠰᠢᠶᠠᠨ ᠤ ᠭᠡᠨᠡᠳᠲᠡ ᠶᠢᠨ ᠬᠡᠷᠡᠭ ᠤᠨ ᠡᠳ᠋ ᠤᠨ ᠵᠠᠰᠠᠭ ᠤᠨ ᠪᠠᠴᠢᠮ ᠪᠠᠶᠢᠳᠠᠯ ᠢ | ᠠᠷᠭᠠᠴᠠᠭᠠᠬᠤ ᠪᠠᠲᠤᠯᠠᠭ᠎ᠠ ᠶᠢᠨ ᠲᠤᠰᠬᠠᠶ ᠵᠦᠢᠯ ᠤᠨ ᠪᠡᠯᠡᠳᠬᠡᠯ ᠲᠥᠰᠦᠯ︾ ᠢ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 5 ᠰᠠᠷ᠎ᠠ ᠶᠢᠨ 15 ᠤ ᠡᠳᠦᠷ | | | | ᠬᠤᠷᠢᠨᠭᠡᠷ ᠰᠢᠶᠠᠨ ᠤ ᠭᠡᠨᠡᠳᠲᠡ ᠶᠢᠨ ᠬᠡᠷᠡᠭ ᠤᠨ ᠡᠳ᠋ ᠤᠨ ᠵᠠᠰᠠᠭ ᠤᠨ ᠪᠠᠴᠢᠮ ᠪᠠᠶᠢᠳᠠᠯ ᠢ ᠠᠷᠭᠠᠴᠠᠭᠠᠬᠤ | ᠪᠠᠲᠤᠯᠠᠭ᠎ᠠ ᠶᠢᠨ ᠲᠤᠰᠬᠠᠶ ᠵᠦᠢᠯ ᠤᠨ ᠪᠡᠯᠡᠳᠬᠡᠯ ᠲᠥᠰᠦᠯ | | | ᠨᠢᠭᠡ᠂ ᠶᠡᠷᠦᠩᠬᠡᠢ ᠲᠦᠷᠢᠮ | ︵ᠨᠢᠭᠡ︶ ᠨᠠᠶᠢᠷᠠᠭᠤᠯᠤᠨ ᠵᠣᠬᠢᠶᠠᠬᠤ ᠵᠣᠷᠢᠯᠭ᠎ᠠ | ᠭᠡᠨᠡᠳᠲᠡ ᠶᠢᠨ ᠬᠡᠷᠡᠭ ᠭᠠᠷᠤᠭᠰᠠᠨ ᠤ ᠳᠠᠷᠠᠭ᠎ᠠ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠲᠥᠷᠥ ᠶᠢᠨ | ᠪᠣᠳᠣᠯᠭ᠎ᠠ ᠶᠢᠨ ᠳᠡᠮᠵᠢᠯᠭᠡ ᠪᠠ ᠪᠡᠯᠡ ᠮᠥᠩᠭᠦ ᠶᠢᠨ ᠪᠠᠲᠤᠯᠠᠭ᠎ᠠ ᠶᠢ ᠴᠠᠭ ᠲᠤᠬᠠᠶ ᠳᠤᠨᠢ ᠬᠠᠩᠭᠠᠵᠤ᠂ ᠡᠯ᠎ᠡ ᠵᠦᠢᠯ ᠤᠨ | ᠰᠢᠢᠳᠪᠦᠷᠢᠯᠡᠬᠦ ᠠᠵᠢᠯ ᠤᠨ ᠤᠷᠤᠭᠰᠢᠲᠠᠶ ᠥᠷᠨᠢᠬᠦ ᠶᠢ ᠪᠠᠲᠤᠯᠠᠵᠤ᠂ ᠠᠵᠤ ᠠᠬᠤᠶ ᠨᠡᠶᠢᠭᠡᠮ ᠤᠨ ᠲᠣᠭᠲᠠᠭᠤᠨ | ᠪᠠᠶᠢᠳᠠᠯ ᠢ ᠬᠠᠮᠠᠭᠠᠯᠠᠵᠤ᠂ ᠠᠷᠠᠳ ᠣᠯᠠᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠨ᠎ᠠ | ᠃ | ︵ᠬᠤᠶᠠᠷ︶ ᠨᠠᠶᠢᠷᠠᠭᠤᠯᠤᠨ ᠵᠣᠬᠢᠶᠠᠬᠤ ᠦᠨᠳᠦᠰᠦᠯᠡᠯ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ︾᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ ᠶᠢ ᠬᠡᠷᠡᠭᠵᠢᠭᠦᠯᠬᠦ ᠳᠦᠷᠢᠮ︾᠂ ︽ᠬᠤᠷᠢᠨᠭᠡᠷ | ᠰᠢᠶᠠᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶ ᠪᠡᠯᠡᠳᠬᠡᠯ ᠲᠥᠰᠦᠯ︾ ᠵᠡᠷᠭᠡ | ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠲᠤᠰ ᠰᠢᠶᠠᠨ ᠤ | ᠭᠡᠨᠡᠳᠲᠡ ᠶᠢᠨ ᠬᠡᠷᠡᠭ ᠢ ᠠᠷᠭᠠᠴᠠᠭᠠᠬᠤ ᠪᠣᠳᠠᠲᠠᠶ ᠱᠠᠭᠠᠷᠳᠠᠯᠭ᠎ᠠ ᠵᠢᠴᠢ ᠡᠳ᠋ ᠤᠨ ᠵᠠᠰᠠᠭ ᠤᠨ ᠠᠵᠢᠯ ᠤᠨ ᠪᠣᠳᠠᠲᠤ | ᠪᠠᠶᠢᠳᠠᠯ ᠲᠠᠢ ᠤᠶᠠᠯᠳᠤᠭᠤᠯᠵᠤ᠂ ᠲᠤᠰ ᠪᠡᠯᠡᠳᠬᠡᠯ ᠲᠥᠰᠦᠯ ᠢ ᠲᠣᠭᠲᠠᠭᠠᠪᠠ᠃ | ︵ᠭᠤᠷᠪᠠ︶ ᠲᠤᠬᠢᠷᠠᠬᠤ ᠬᠡᠪᠴᠢᠶ᠎ᠠ | ᠲᠣᠰ ᠪᠡᠯᠡᠳᠬᠡᠯ ᠲᠥᠰᠦᠯ ᠢ ᠪᠥᠬᠦ ᠰᠢᠶᠠᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠭᠡᠨᠡᠳᠲᠡ ᠶᠢᠨ | ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠡᠬᠢᠯᠡᠭᠦᠯᠦᠭᠰᠡᠨ ᠤ ᠳᠠᠷᠠᠭᠠᠬᠢ ᠡᠳ᠋ ᠤᠨ | ᠵᠠᠰᠠᠭ ᠤᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠵᠦᠢᠯᠡᠰ ᠲᠤ ᠬᠡᠷᠡᠭᠯᠡᠨ᠎ᠡ᠃ | ︵ᠲᠦᠷᠪᠡ︶ ᠠᠵᠢᠯ ᠤᠨ ᠵᠠᠷᠴᠢᠮ | 1. ᠬᠥᠮᠦᠨ ᠢᠶᠠᠷ ᠦᠨᠳᠦᠰᠦ ᠪᠣᠯᠭᠠᠵᠤ᠂ ᠰᠡᠷᠭᠡᠶᠢᠯᠡᠬᠦ ᠪᠠᠷ ᠭᠤᠤᠯ ᠪᠣᠯᠭᠠᠨ᠎ᠠ᠃ ᠶᠡᠷᠦᠩᠬᠡᠶ ᠱᠦᠵᠢ ᠰᠢ ᠶᠢᠨ | ᠫᠢᠩ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠨ᠂ ᠠᠷᠠᠳ | ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢ ᠪᠠᠴᠢᠮ ᠪᠠᠶᠢᠳᠠᠯ ᠢ ᠠᠷᠭᠠᠴᠠᠭᠠᠬᠤ | ᠠᠵᠢᠯ ᠤᠨ ᠲᠡᠷᠢᠭᠦᠨ ᠴᠢᠬᠤᠯᠠ ᠡᠭᠦᠷᠭᠡ ᠪᠣᠯᠭᠠᠵᠤ᠂ ᠤᠷᠢᠳᠴᠢᠯᠠᠨ ᠰᠡᠷᠭᠡᠶᠢᠯᠡᠬᠦ ᠪᠠ ᠪᠠᠴᠢᠮ ᠪᠠᠶᠢᠳᠠᠯ ᠢ | ᠠᠷᠭᠠᠴᠠᠭᠠᠬᠤ ᠠᠵᠢᠯ ᠤᠨ ᠳᠤᠮᠳᠠ᠂ ᠤᠷᠢᠳᠴᠢᠯᠠᠨ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠭᠠᠬᠤ ᠶᠢ | ᠤᠶᠠᠯᠳᠤᠭᠤᠯᠬᠤ ᠶᠢ ᠪᠠᠷᠢᠮᠲᠠᠯᠠᠵᠤ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠪᠠ ᠪᠠᠷᠠᠭᠠᠯᠬᠢᠯᠠᠯᠳᠤ ᠴᠢᠨᠠᠷᠲᠠᠶ | ᠰᠤᠳᠤᠯᠭᠠᠨ ᠢ ᠴᠢᠩᠭᠠᠳᠬᠠᠵᠤ᠂ ᠡᠯ᠎ᠡ ᠵᠦᠢᠯ ᠤᠨ ᠤᠷᠢᠳᠴᠢᠯᠠᠨ ᠰᠡᠷᠭᠡᠶᠢᠯᠡᠬᠦ ᠲᠦᠷᠢᠮ ᠪᠠ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠡᠯ᠎ᠡ ᠲᠦᠷᠦᠯ ᠤᠨ | ᠭᠡᠨᠡᠳᠲᠡ ᠶᠢᠨ ᠬᠡᠷᠡᠭ ᠢ ᠪᠦᠲᠦᠮᠵᠢᠲᠡᠢ ᠠᠷᠭᠠᠴᠠᠭᠠᠬᠤ ᠳᠤᠮᠳᠠᠬᠢ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ | ᠡᠭᠦᠷᠭᠡ ᠴᠢᠳᠠᠪᠤᠷᠢ ᠶᠢᠨ ᠦᠢᠯᠡᠳᠦᠯ ᠢ ᠪᠦᠲᠦᠮᠵᠢᠲᠡᠢ ᠪᠠᠳᠠᠷᠠᠭᠤᠯᠵᠤ᠂ ᠠᠷᠠᠳ ᠤᠯᠠᠨ ᠤ ᠠᠮᠢ ᠨᠠᠰᠤ ᠡᠳ᠋ | ᠬᠦᠷᠦᠩᠭᠡ ᠶᠢᠨ ᠠᠮᠤᠷ ᠲᠦᠪᠰᠢᠨ ᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠬᠤ ᠪᠠ ᠨᠡᠶᠢᠭᠡᠮ ᠤᠨ ᠲᠣᠭᠲᠠᠭᠤᠨ | ᠪᠠᠶᠢᠳᠠᠯ ᠢ ᠬᠠᠮᠠᠭᠠᠯᠠᠨ᠎ᠠ᠃ | 2. ᠨᠢᠭᠡᠳᠦᠯᠲᠡᠶ ᠤᠳᠤᠷᠢᠳᠴᠤ᠂ ᠱᠠᠲᠤ ᠬᠤᠪᠢᠶᠠᠨ ᠬᠠᠷᠢᠭᠤᠴᠠᠨ᠎ᠠ᠃ ᠰᠢᠶᠠᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ | ᠭᠠᠷᠤᠭᠰᠠᠨ ᠳᠤ ᠴᠢᠭᠯᠡᠭᠦᠯᠦᠨ᠂ ᠡᠳ᠋ ᠤᠨ ᠵᠠᠰᠠᠭ ᠤᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠵᠢᠯ ᠤᠨ | ᠵᠢᠯᠣᠭᠤᠳᠬᠤ ᠪᠠᠶᠢᠭᠤᠯᠤᠮᠵᠢ ᠶᠢ ᠪᠠᠶᠢᠭᠤᠯᠵᠤ᠂ ᠵᠢᠯᠣᠭᠤᠳᠤᠨ ᠵᠣᠬᠢᠴᠠᠭᠤᠯᠬᠤ ᠦᠢᠯᠡᠳᠦᠯ ᠢ ᠪᠠᠳᠠᠷᠠᠭᠤᠯᠤᠨ᠂ | ᠣᠳᠣ ᠶᠢᠨ ᠬᠡᠷᠡᠭᠵᠢᠭᠦᠯᠵᠦ ᠪᠠᠶᠢᠭ᠎ᠠ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ | ᠬᠠᠷᠢᠭᠤᠴᠠᠯᠭ᠎ᠠ ᠶᠢ ᠬᠤᠪᠢᠶᠠᠷᠢᠯᠠᠬᠤ ᠵᠠᠷᠴᠢᠮ ᠶᠣᠰᠣᠭᠠᠷ᠂ ᠵᠣᠬᠢᠴᠠᠩᠭᠤᠢ ᠵᠠᠷᠤᠯᠭ᠎ᠠ ᠶᠢᠨ ᠬᠠᠷᠢᠭᠤᠴᠠᠯᠭ᠎ᠠ ᠶᠢ | ᠡᠭᠦᠷᠭᠡᠯᠡᠨ᠎ᠡ᠃ | 3. ᠲᠦᠷᠭᠡᠨ ᠳᠤᠰᠬᠠᠯ ᠭᠠᠷᠭᠠᠵᠤ ᠪᠠᠲᠤᠯᠠᠭ᠎ᠠ ᠶᠢ ᠬᠦᠴᠦᠲᠡᠢ ᠪᠠᠶᠢᠯᠭᠠᠨ᠎ᠠ᠃ ᠪᠠᠴᠢᠮ ᠪᠠᠶᠢᠳᠠᠯ ᠢ | ᠠᠷᠭᠠᠴᠠᠭᠠᠬᠤ ᠡᠬᠢ ᠪᠠᠶᠠᠯᠢᠭ ᠢ ᠭᠦᠢᠴᠡᠳ ᠠᠰᠢᠭᠯᠠᠨ᠂ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠬᠠᠷᠢᠯᠴᠠᠨ | ᠬᠠᠮᠵᠢᠯᠴᠠᠵᠤ᠂ ᠵᠣᠬᠢᠴᠠᠭᠤᠯᠤᠨ ᠬᠠᠮᠲᠤᠷᠠᠨ ᠬᠥᠳᠡᠯᠦᠯᠴᠡᠵᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠶᠢᠨ | ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠡᠳ᠋ ᠤᠨ | ᠵᠠᠰᠠᠭ ᠤᠨ ᠰᠠᠯᠠᠭ᠎ᠠ ᠮᠥᠴᠢᠷ ᠤᠳ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠭᠡᠨᠡᠳᠲᠡ ᠶᠢᠨ | ᠬᠡᠷᠡᠭ ᠢ ᠰᠢᠢᠳᠪᠦᠷᠢᠯᠡᠬᠦ ᠴᠢᠬᠤᠯᠠ ᠪᠦᠬᠦᠢ ᠵᠠᠷᠤᠳᠠᠯ ᠢ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠨᠢ | ᠲᠣᠳᠣᠷᠬᠠᠶ᠂ ᠵᠢᠷᠤᠮᠵᠢᠯ ᠲᠠᠢ ᠡᠮᠬᠢ ᠵᠢᠷᠤᠮ ᠲᠠᠢ᠂ ᠠᠵᠢᠯᠯᠠᠭᠠᠨ ᠨᠢ ᠥᠨᠳᠥᠷ ᠦᠷ᠎ᠡ ᠪᠦᠲᠦᠮᠵᠢᠲᠡᠶ ᠭᠡᠨᠡᠳᠲᠡ ᠶᠢᠨ | ᠬᠡᠷᠡᠭ ᠤᠨ ᠡᠳ᠋ ᠤᠨ ᠵᠠᠰᠠᠭ ᠤᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠵᠢᠯ ᠤᠨ ᠲᠣᠭᠲᠠᠴᠠ ᠶᠢ ᠪᠤᠶ | ᠪᠣᠯᠭᠠᠨ᠎ᠠ᠃ ᠭᠡᠨᠡᠳᠲᠡ ᠶᠢᠨ ᠬᠡᠷᠡᠭ ᠭᠠᠷᠤᠭᠰᠠᠨ ᠤ ᠳᠠᠷᠠᠭ᠎ᠠ᠂ ᠡᠳ᠋ ᠤᠨ ᠵᠠᠰᠠᠭ ᠤᠨ ᠪᠠᠴᠢᠮ ᠪᠠᠶᠢᠳᠠᠯ ᠢ | ᠠᠷᠭᠠᠴᠠᠭᠠᠬᠤ ᠪᠠᠲᠤᠯᠠᠭ᠎ᠠ ᠶᠢᠨ ᠪᠡᠯᠡᠳᠬᠡᠯ ᠲᠥᠰᠦᠯ ᠢ ᠳᠠᠷᠦ᠋ᠢᠬᠠᠨ ᠡᠬᠢᠯᠡᠭᠦᠯᠵᠦ᠂ ᠡᠯ᠎ᠡ ᠵᠦᠢᠯ ᠤᠨ ᠰᠢᠢᠳᠪᠦᠷᠢᠯᠡᠬᠦ | ᠠᠵᠢᠯ ᠤᠨ ᠴᠠᠭ ᠲᠤᠬᠠᠶ ᠳᠤᠨᠢ᠂ ᠡᠮᠬᠢ ᠵᠢᠷᠤᠮ ᠲᠠᠢ ᠥᠷᠨᠢᠬᠦ ᠶᠢ ᠦᠨᠡᠨᠬᠦ ᠪᠠᠲᠤᠯᠠᠬᠤ ᠬᠡᠷᠡᠭᠲᠡᠶ᠃ | ᠬᠤᠶᠠᠷ᠂ ᠵᠣᠬᠢᠶᠠᠨ ᠪᠠᠶᠢᠭᠤᠯᠤᠨ ᠵᠢᠯᠣᠭᠤᠳᠬᠤ ᠰᠢᠰᠲ᠋ᠧᠮᠵᠢ ᠬᠢᠭᠡᠳ ᠡᠭᠦᠷᠭᠡ ᠬᠠᠷᠢᠭᠤᠴᠠᠯᠭ᠎ᠠ | ᠭᠡᠨᠡᠳᠲᠡ ᠶᠢᠨ ᠬᠡᠷᠡᠭ ᠤᠨ ᠡᠳ᠋ ᠤᠨ ᠵᠠᠰᠠᠭ ᠤᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ | ᠵᠢᠯᠣᠭᠤᠳᠣᠯᠭ᠎ᠠ ᠶᠢ ᠪᠠᠲᠤᠯᠠᠬᠤ ᠶᠢᠨ ᠲᠥᠯᠥᠭᠡ᠂ ᠬᠤᠷᠢᠨᠭᠡᠷ ᠰᠢᠶᠠᠨ ᠳᠤ ᠭᠡᠨᠡᠳᠲᠡ ᠶᠢᠨ ᠬᠡᠷᠡᠭ ᠤᠨ ᠡᠳ᠋ ᠤᠨ | ᠵᠠᠰᠠᠭ ᠤᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠵᠢᠯᠣᠭᠤᠳᠬᠤ ᠭᠠᠵᠠᠷ ᠪᠠᠶᠢᠭᠤᠯᠵᠤ᠂ ᠵᠢᠯᠣᠭᠤᠳᠬᠤ | ᠭᠠᠵᠠᠷ ᠤᠨ ᠶᠡᠷᠦᠩᠬᠡᠶ ᠵᠢᠯᠣᠭᠤᠳᠣᠭᠴᠢ ᠶᠢ ᠰᠢᠶᠠᠨ ᠤ ᠬᠤᠪᠢᠳᠠᠨ ᠬᠠᠮᠢᠶᠠᠷᠴᠤ ᠪᠠᠶᠢᠭ᠎ᠠ ᠡᠳ᠋ ᠤᠨ ᠵᠠᠰᠠᠭ ᠤᠨ | ᠰᠢᠶᠠᠨ ᠤ ᠳᠡᠳ᠋ ᠳᠠᠷᠤᠭ᠎ᠠ ᠡᠭᠦᠷᠭᠡᠯᠡᠵᠦ᠂ ᠳᠡᠳ᠋ ᠶᠡᠷᠦᠩᠬᠡᠶ ᠵᠢᠯᠣᠭᠤᠳᠣᠭᠴᠢ ᠶᠢ ᠰᠢᠶᠠᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠬᠡᠷ ᠤᠨ ᠳᠡᠳ᠋ ᠡᠷᠬᠢᠯᠡᠭᠴᠢ᠂ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠳᠠᠷᠤᠭ᠎ᠠ | ᠡᠭᠦᠷᠭᠡᠯᠡᠨ᠎ᠡ᠃ | ᠭᠡᠨᠡᠳᠲᠡ ᠶᠢᠨ ᠬᠡᠷᠡᠭ ᠤᠨ ᠡᠳ᠋ ᠤᠨ ᠵᠠᠰᠠᠭ ᠤᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ | ᠵᠢᠯᠣᠭᠤᠳᠬᠤ ᠭᠠᠵᠠᠷ ᠤᠨ ᠳᠣᠤᠷ᠎ᠠ ᠵᠢᠯᠣᠭᠤᠳᠬᠤ ᠭᠠᠵᠠᠷ ᠤᠨ ᠠᠯᠪᠠᠨ ᠭᠡᠷ ᠭᠠᠷᠭᠠᠵᠤ᠂ ᠠᠯᠪᠠᠨ ᠭᠡᠷ ᠢ ᠰᠢᠶᠠᠨ ᠤ | ᠡᠳ᠋ ᠤᠨ ᠵᠠᠰᠠᠭ ᠤᠨ ᠲᠣᠪᠴᠢᠶ᠎ᠠ ᠳᠤ ᠭᠠᠷᠭᠠᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠡᠳ᠋ ᠤᠨ | ᠵᠠᠰᠠᠭ ᠤᠨ ᠲᠣᠪᠴᠢᠶᠠᠨ ᠤ ᠳᠠᠷᠤᠭ᠎ᠠ ᠡᠭᠦᠷᠭᠡᠯᠡᠨ᠎ᠡ᠃ | ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠪᠣᠯ ᠪᠦᠬᠦ ᠰᠢᠶᠠᠨ ᠤ ᠭᠡᠨᠡᠳᠲᠡ ᠶᠢᠨ ᠬᠡᠷᠡᠭ ᠤᠨ ᠡᠳ᠋ ᠤᠨ | ᠵᠠᠰᠠᠭ ᠤᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢ ᠶᠡᠷᠦᠩᠬᠡᠶᠢᠯᠡᠨ ᠵᠣᠬᠢᠴᠠᠭᠤᠯᠵᠤ ᠡᠷᠬᠢᠯᠡᠨ ᠬᠠᠮᠢᠶᠠᠷᠬᠤ | ᠰᠠᠯᠠᠭ᠎ᠠ ᠮᠥᠴᠢᠷ ᠪᠣᠯᠤᠨ᠎ᠠ᠃ ᠬᠠᠷᠢᠭᠤᠴᠠᠬᠤ ᠨᠢ᠄ | 1. ᠳᠡᠭᠡᠳᠦ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠡᠨᠡᠳᠲᠡ ᠡᠭᠦᠰᠬᠦ ᠬᠡᠷᠡᠭ ᠢ | ᠠᠷᠭᠠᠴᠠᠭᠠᠬᠤ ᠡᠳ᠋ ᠤᠨ ᠵᠠᠰᠠᠭ ᠤᠨ ᠪᠠᠲᠤᠯᠠᠭ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ ᠡᠯ᠎ᠡ ᠵᠦᠢᠯ ᠤᠨ | ᠰᠢᠢᠳᠪᠦᠷᠢᠲᠦ ᠪᠣᠳᠣᠯᠭ᠎ᠠ᠂ ᠪᠠᠶᠢᠷᠢᠯᠠᠭᠤᠯᠤᠯᠲᠠ ᠪᠣᠯᠤᠨ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠤᠨ᠎ᠠ᠃ | 2. ᠰᠢᠶᠠᠨ ᠤ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ | ᠪᠠᠶᠢᠭᠤᠯᠤᠮᠵᠢ ᠲᠠᠢ ᠬᠠᠮᠵᠢᠯᠴᠠᠨ ᠪᠦᠬᠦ ᠰᠢᠶᠠᠨ ᠤ ᠭᠡᠨᠡᠳᠲᠡ ᠶᠢᠨ ᠬᠡᠷᠡᠭ ᠤᠨ ᠡᠳ᠋ ᠤᠨ ᠵᠠᠰᠠᠭ ᠤᠨ ᠪᠠᠴᠢᠮ | ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠡ᠃ | 3. ᠭᠡᠨᠡᠳᠲᠡ ᠶᠢᠨ ᠬᠡᠷᠡᠭ ᠤᠨ ᠠᠬᠢᠴᠠ ᠶᠢᠨ ᠪᠠᠶᠢᠳᠠᠯ ᠢ ᠴᠠᠭ ᠲᠤᠬᠠᠶ ᠳᠤᠨᠢ ᠣᠶᠢᠯᠠᠭᠠᠵᠤ᠂ ᠰᠢᠶᠠᠨ ᠤ | ᠲᠣᠰ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ᠂ ᠵᠣᠬᠢᠴᠠᠭᠤᠯᠭ᠎ᠠ ᠪᠠᠨ | ᠴᠢᠩᠭᠠᠳᠬᠠᠵᠤ᠂ ᠡᠳ᠋ ᠤᠨ ᠵᠠᠰᠠᠭ ᠤᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠶᠢ ᠰᠤᠳᠤᠯᠤᠨ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠵᠤ | ᠨᠠᠶᠢᠳᠠᠪᠤᠷᠢᠵᠢᠭᠤᠯᠤᠨ᠎ᠠ᠃ | ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠪᠣᠳᠠᠲᠤ ᠪᠠᠶᠢᠳᠠᠯ ᠢᠶᠠᠨ ᠦᠨᠳᠦᠰᠦᠯᠡᠨ ᠭᠡᠨᠡᠳᠲᠡ ᠶᠢᠨ | ᠬᠡᠷᠡᠭ ᠤᠨ ᠡᠳ᠋ ᠤᠨ ᠵᠠᠰᠠᠭ ᠤᠨ ᠪᠡᠯᠡ ᠮᠥᠩᠭᠦ ᠶᠢᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ | ᠵᠣᠬᠢᠴᠠᠭᠤᠯᠬᠤ ᠳᠤᠭᠤᠶᠢᠯᠠᠩ ᠪᠠᠶᠢᠭᠤᠯᠵᠤ᠂ ᠲᠤᠰ ᠪᠡᠯᠡᠳᠬᠡᠯ ᠲᠥᠰᠦᠯ ᠢ ᠡᠬᠢᠯᠡᠭᠦᠯᠵᠦ᠂ ᠡᠭᠦᠷᠭᠡ | ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠲᠣᠭᠲᠠᠭᠠᠭᠰᠠᠨ ᠡᠭᠦᠷᠭᠡ ᠶᠢ ᠪᠣᠳᠠᠲᠠᠶ ᠭᠦᠢᠴᠡᠳᠬᠡᠨ᠎ᠡ᠃ | ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠵᠣᠬᠢᠴᠠᠭᠤᠯᠬᠤ ᠳᠤᠭᠤᠶᠢᠯᠠᠩ ᠤᠨ ᠠᠯᠪᠠᠨ ᠭᠡᠷ ᠢ | ᠲᠥᠰᠦᠪ ᠤᠨ ᠲᠠᠰᠤᠭ ᠲᠤ ᠪᠠᠶᠢᠭᠤᠯᠵᠤ᠂ ᠡᠳᠦᠷ ᠲᠤᠲᠤᠮ ᠤᠨ ᠵᠣᠬᠢᠴᠠᠭᠤᠯᠬᠤ ᠪᠠᠲᠤᠯᠠᠭ᠎ᠠ ᠶᠢᠨ ᠠᠵᠢᠯ ᠢ | ᠡᠭᠦᠷᠭᠡᠯᠡᠨ᠎ᠡ᠃ | ᠭᠤᠷᠪᠠ᠂ ᠰᠡᠷᠡᠮᠵᠢᠯᠡᠭᠦᠯᠵᠦ ᠬᠢᠨᠠᠨ ᠬᠡᠮᠵᠢᠬᠦ ᠪᠠ ᠮᠡᠳᠡᠭᠦᠯᠬᠦ | ︵ᠨᠢᠭᠡ︶ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ | ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠬᠠᠮᠢᠶ᠎ᠠ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠨ ᠪᠠᠴᠢᠮ ᠪᠠᠶᠢᠳᠠᠯ ᠢ ᠠᠷᠭᠠᠴᠠᠭᠠᠨ ᠬᠢᠨᠠᠨ ᠬᠡᠮᠵᠢᠵᠦ ᠰᠡᠷᠡᠮᠵᠢᠯᠡᠭᠦᠯᠬᠦ ᠪᠠ ᠵᠢᠯᠣᠭᠤᠳᠤᠨ ᠲᠣᠬᠢᠷᠠᠭᠤᠯᠬᠤ | ᠰᠢᠰᠲ᠋ᠧᠮ ᠯᠦᠭᠡ ᠪᠦᠲᠦᠮᠵᠢᠲᠡᠢ ᠵᠣᠯᠭᠠᠭᠤᠯᠬᠤ ᠶᠢ ᠪᠡᠶᠡᠯᠡᠭᠦᠯᠵᠦ᠂ ᠬᠢᠨᠠᠨ ᠬᠡᠮᠵᠢᠭᠰᠡᠨ ᠲᠤᠭ᠎ᠠ ᠪᠠᠷᠢᠮᠲᠠ ᠪᠠ | ᠬᠥᠳᠡᠯᠦᠩᠭᠦᠶ ᠮᠡᠳᠡᠭᠡ ᠵᠠᠩᠭᠢ ᠶᠢ ᠶᠡᠷᠦᠩᠬᠡᠶᠢᠯᠡᠨ ᠵᠠᠳᠠᠯᠵᠤ᠂ ᠰᠢᠨᠵᠢᠯᠡᠬᠦ ᠤᠬᠠᠭᠠᠨᠴᠢ ᠪᠠᠷ ᠮᠠᠭᠠᠳᠯᠠᠵᠤ᠂ ᠪᠠᠴᠢᠮ | ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠ ᠰᠢᠢᠳᠪᠦᠷᠢᠲᠦ ᠪᠣᠳᠣᠯᠭ᠎ᠠ ᠶᠢᠨ ᠲᠣᠭᠲᠠᠴᠠ ᠶᠢᠨ | ᠤᠷᠢᠳᠴᠢᠯᠠᠨ ᠰᠤᠳᠤᠯᠬᠤ ᠶᠢ ᠴᠢᠩᠭᠠᠳᠬᠠᠨ᠂ ᠰᠢᠢᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ | ︵ᠬᠤᠶᠠᠷ︶ ᠮᠡᠳᠡᠭᠦᠯᠦᠯᠲᠡ | ᠭᠡᠨᠡᠳᠲᠡ ᠶᠢᠨ ᠬᠡᠷᠡᠭ ᠭᠠᠷᠤᠭᠰᠠᠨ ᠤ ᠳᠠᠷᠠᠭ᠎ᠠ᠂ ᠡᠳ᠋ ᠤᠨ ᠵᠠᠰᠠᠭ ᠤᠨ ᠰᠠᠯᠠᠭ᠎ᠠ ᠮᠥᠴᠢᠷ ᠪᠠᠴᠢᠮ ᠪᠠᠶᠢᠳᠠᠯ ᠢ | ᠠᠷᠭᠠᠴᠠᠭᠠᠬᠤ ᠪᠠᠲᠤᠯᠠᠭ᠎ᠠ ᠣᠯᠭᠤᠬᠤ ᠴᠢᠬᠤᠯᠠᠲᠠᠶ ᠪᠠᠶᠢᠪᠠᠯ᠂ ᠬᠤᠯᠪᠣᠭᠳᠠᠯ ᠪᠦᠬᠦᠢ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠨᠢ ᠰᠢᠶᠠᠨ ᠤ ᠵᠠᠰᠠᠭ ᠤᠨ ᠣᠷᠳᠣᠨ ᠳᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠂ ᠰᠢᠶᠠᠨ ᠤ | ᠡᠳ᠋ ᠤᠨ ᠵᠠᠰᠠᠭ ᠨᠢ ᠵᠠᠰᠠᠭ ᠤᠨ ᠣᠷᠳᠣᠨ ᠤ ᠴᠣᠬᠤᠯᠠᠪᠤᠷᠢ ᠶᠢᠨ ᠰᠠᠨᠠᠯ ᠶᠣᠰᠣᠭᠠᠷ ᠪᠠᠲᠤᠯᠠᠭ᠎ᠠ ᠶᠢᠨ ᠠᠵᠢᠯ ᠢᠶᠠᠨ | ᠨᠠᠶᠢᠳᠠᠪᠤᠷᠢᠵᠢᠭᠤᠯᠬᠤ ᠬᠡᠷᠡᠭᠲᠡᠶ︔ ᠳᠡᠭᠡᠳᠦ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠪᠠᠴᠢᠮ | ᠪᠠᠶᠢᠳᠠᠯ ᠢ ᠠᠷᠭᠠᠴᠠᠭᠠᠬᠤ ᠪᠠᠲᠤᠯᠠᠭ᠎ᠠ ᠣᠯᠭᠤᠬᠤ ᠴᠢᠬᠤᠯᠠᠲᠠᠶ ᠪᠠᠶᠢᠪᠠᠯ᠂ ᠰᠢᠶᠠᠨ ᠤ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠳᠡᠭᠡᠳᠦ ᠱᠠᠲᠤᠨ ᠤ | ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ | ᠮᠡᠳᠡᠭᠦᠯᠦᠯᠲᠡ ᠶᠢᠨ ᠠᠭᠤᠯᠭ᠎ᠠ ᠳᠤ᠄ ᠬᠡᠷᠡᠭ ᠭᠠᠷᠤᠭᠰᠠᠨ ᠴᠠᠭ ᠬᠤᠭᠤᠴᠠᠭ᠎ᠠ᠂ ᠨᠥᠯᠥᠭᠡᠯᠡᠬᠦ ᠬᠡᠮᠵᠢᠶ᠎ᠡ | ᠪᠣᠯᠤᠨ ᠬᠤᠬᠢᠷᠠᠯ ᠤᠨ ᠬᠡᠮᠵᠢᠶ᠎ᠡ ᠶᠢ ᠪᠠᠭᠲᠠᠭᠠᠭᠰᠠᠨ ᠦᠨᠳᠦᠰᠦᠨ ᠪᠠᠶᠢᠳᠠᠯ ᠳᠤ᠂ ᠨᠢᠭᠡᠨᠲᠡ ᠠᠪᠤᠭᠰᠠᠨ ᠭᠤᠤᠯ ᠪᠣᠯᠬᠤ | ᠠᠷᠭ᠎ᠠ ᠬᠡᠮᠵᠢᠶ᠎ᠡ᠂ ᠬᠡᠷᠡᠭ ᠶᠠᠪᠤᠳᠠᠯ ᠤᠨ ᠬᠥᠭᠵᠢᠯᠲᠡ ᠶᠢᠨ ᠲᠥᠰᠦᠭᠡᠯᠡᠯ ᠬᠢᠭᠡᠳ ᠬᠢᠵᠠᠭᠠᠷᠯᠠᠬᠤ ᠬᠡᠮᠵᠢᠶ᠎ᠡ︔ | ᠬᠤᠯᠪᠣᠭᠳᠠᠬᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠬᠡᠷᠡᠭᠵᠢᠭᠦᠯᠵᠦ | ᠪᠠᠶᠢᠭ᠎ᠠ ᠪᠠᠶᠢᠳᠠᠯ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠰᠢᠢᠳᠪᠦᠷᠢᠯᠡᠬᠦ ᠴᠢᠬᠤᠯᠠ ᠲᠠᠢ ᠳᠣᠪᠤᠶᠢᠮ᠎ᠠ | ᠠᠰᠠᠭᠤᠳᠠᠯ ᠵᠡᠷᠭᠡ ᠶᠢ ᠪᠠᠭᠲᠠᠭᠠᠭᠰᠠᠨ ᠪᠠᠶᠢᠬᠤ ᠬᠡᠷᠡᠭᠲᠡᠶ᠃ | ᠮᠡᠳᠡᠭᠦᠯᠦᠯᠲᠡ ᠨᠢ ᠠᠯᠪᠠᠨ ᠪᠢᠴᠢᠭ ᠤᠨ ᠱᠠᠭᠠᠷᠳᠠᠯᠭ᠎ᠠ ᠪᠣᠯᠤᠨ ᠭᠦᠢᠴᠡᠳᠬᠡᠬᠦ ᠶᠠᠪᠤᠴᠠ ᠶᠣᠰᠣᠭᠠᠷ᠂ ᠪᠠᠴᠢᠮ | ᠪᠠᠶᠢᠳᠠᠯ ᠤᠨ ᠳᠣᠤᠷ᠎ᠠ ᠴᠤ ᠤᠷᠢᠳᠠᠪᠠᠷ ᠤᠲᠠᠰᠤ ᠪᠠᠷ ᠮᠡᠳᠡᠭᠦᠯᠵᠦ᠂ ᠳᠠᠷᠠᠭ᠎ᠠ ᠨᠢ ᠵᠢᠩᠬᠢᠨᠢ ᠮᠡᠳᠡᠭᠦᠯᠦᠯᠲᠡ ᠪᠠᠨ | ᠮᠡᠳᠡᠭᠦᠯᠦᠨ ᠬᠦᠷᠭᠡᠬᠦ ᠬᠡᠷᠡᠭᠲᠡᠶ᠃ | ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠳᠣᠲᠣᠭᠠᠳᠤ ᠶᠢᠨ ᠰᠢᠢᠳᠪᠦᠷᠢᠯᠡᠬᠦ ᠳᠡᠰ ᠳᠠᠷᠠᠭᠠᠯᠠᠯ᠄ | ᠮᠡᠳᠡᠭᠦᠯᠦᠯᠲᠡ ᠶᠢ ᠲᠣᠪᠴᠢᠶ᠎ᠠ ᠶᠢᠨ ᠠᠯᠪᠠᠨ ᠬᠡᠷ ᠠᠴᠠ ᠭᠥᠯᠢᠶᠡᠨ ᠠᠪᠴᠤ᠂ ᠠᠯᠪᠠᠨ ᠬᠡᠷ ᠨᠢ ᠮᠡᠳᠡᠭᠦᠯᠦᠯᠲᠡ ᠶᠢ | ᠣᠯᠤᠭᠰᠠᠨ ᠤ ᠳᠠᠷᠠᠭ᠎ᠠ᠂ ᠲᠡᠷᠡ ᠳᠠᠷᠤᠶ ᠳᠤᠨᠢ ᠭᠤᠤᠯ ᠤᠳᠤᠷᠢᠳᠤᠯᠭ᠎ᠠ ᠳᠤ ᠮᠡᠳᠡᠭᠦᠯᠬᠦ ᠶᠢᠨ ᠬᠠᠮᠲᠤ ᠬᠤᠪᠢᠳᠠᠨ | ᠬᠠᠮᠢᠶᠠᠷᠴᠤ ᠪᠥᠬᠦᠶ ᠤᠳᠤᠷᠢᠳᠤᠯᠭ᠎ᠠ ᠪᠣᠯᠤᠨ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠲᠠᠰᠤᠭ ᠤᠨ | ᠬᠠᠷᠢᠭᠤᠴᠠᠯᠭᠠᠲᠠᠨ ᠳᠤ ᠮᠡᠳᠡᠭᠳᠡᠬᠦ ᠬᠡᠷᠡᠭᠲᠡᠶ᠃ ᠬᠡᠷᠪᠡ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠲᠠᠰᠤᠭ | ᠡᠩ ᠲᠡᠷᠢᠭᠦᠨ ᠳᠤ ᠮᠡᠳᠡᠭᠦᠯᠦᠯᠲᠡ ᠶᠢ ᠣᠯᠪᠠᠯ᠂ ᠤᠷᠢᠳᠠᠪᠠᠷ ᠮᠡᠳᠡᠭᠦᠯᠦᠯᠲᠡ ᠬᠢᠵᠦ᠂ ᠳᠠᠬᠢᠨ ᠠᠯᠪᠠᠨ ᠭᠡᠷ ᠲᠤ | ᠮᠡᠳᠡᠭᠳᠡᠵᠦ ᠪᠣᠯᠤᠨ᠎ᠠ᠃ ᠪᠣᠳᠠᠲᠤ ᠪᠠᠶᠢᠳᠠᠯ ᠢ ᠦᠨᠳᠦᠰᠦᠯᠡᠨ ᠳᠣᠲᠣᠭᠠᠳᠤ ᠶᠢᠨ ᠰᠢᠢᠳᠪᠦᠷᠢᠯᠡᠬᠦ ᠵᠢᠷᠤᠮ ᠢ | ᠲᠣᠭᠲᠠᠭᠠᠬᠤ ᠪᠤᠶᠤ ᠲᠣᠬᠢᠷᠠᠭᠤᠯᠵᠤ ᠪᠣᠯᠤᠨ᠎ᠠ᠃ | ᠳᠥᠷᠪᠡ᠂ ᠪᠠᠴᠢᠮ ᠪᠠᠶᠢᠳᠠᠯ ᠢ ᠠᠷᠭᠠᠴᠠᠭᠠᠬᠤ ᠶᠢ ᠳᠠᠭᠠᠬᠤ | ︵ᠨᠢᠭᠡ︶ ᠠᠶᠠᠳᠠᠨ ᠳᠠᠭᠠᠬᠤ ᠳᠠᠷᠠᠭᠠᠯᠠᠯ | ᠡᠳ᠋ ᠤᠨ ᠵᠠᠰᠠᠭ ᠤᠨ ᠰᠠᠯᠠᠭ᠎ᠠ ᠮᠥᠴᠢᠷ ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ᠂ ᠮᠡᠳᠡᠭᠡ ᠵᠠᠩᠭᠢ | ᠴᠤᠭᠯᠠᠭᠤᠯᠬᠤ ᠵᠡᠷᠭᠡ ᠰᠠᠭᠤᠷᠢ ᠠᠵᠢᠯ ᠢ ᠳᠠᠷᠦ᠋ᠢᠬᠠᠨ ᠭᠠᠷᠳᠠᠨ ᠬᠢᠵᠦ᠂ ᠬᠡᠷᠡᠭ ᠶᠠᠪᠤᠳᠠᠯ ᠳᠤ ᠠᠩᠬ᠎ᠠ ᠠᠯᠬᠤᠮ ᠤᠨ | ᠦᠨᠡᠯᠡᠯᠲᠡ ᠪᠠ ᠮᠠᠭᠠᠳᠯᠠᠯᠲᠠ ᠬᠢᠵᠦ᠂ ᠭᠡᠨᠡᠳᠲᠡ ᠶᠢᠨ ᠬᠡᠷᠡᠭ ᠤᠨ ᠪᠣᠳᠠᠲᠤ ᠪᠠᠶᠢᠳᠠᠯ ᠢ ᠦᠨᠳᠦᠰᠦᠯᠡᠨ᠂ ᠲᠤᠰ | ᠤᠷᠢᠳᠴᠢᠯᠠᠭᠰᠠᠨ ᠲᠥᠰᠦᠯ ᠢᠶᠠᠨ ᠡᠬᠢᠯᠡᠭᠦᠯᠬᠦ ᠬᠡᠷᠡᠭᠲᠡᠶ᠃ | ︵ᠬᠤᠶᠠᠷ︶ ᠠᠶᠠᠳᠠᠨ ᠳᠠᠭᠠᠬᠤ ᠠᠷᠭ᠎ᠠ ᠬᠡᠮᠵᠢᠶ᠎ᠠ | ᠭᠡᠨᠡᠳᠲᠡ ᠡᠭᠦᠰᠬᠦ ᠬᠡᠷᠡᠭ ᠤᠨ ᠡᠵᠡᠮᠳᠡᠵᠦ ᠪᠣᠯᠬᠤ ᠴᠢᠨᠠᠷ᠂ ᠬᠦᠨᠳᠦ ᠨᠣᠴᠢᠲᠠᠶ ᠬᠡᠮᠵᠢᠶ᠎ᠡ ᠪᠣᠯᠤᠨ ᠨᠥᠯᠥᠭᠡᠯᠡᠬᠦ | ᠬᠡᠪᠴᠢᠶ᠎ᠡ ᠶᠢ ᠦᠨᠳᠦᠰᠦᠯᠡᠨ᠂ ᠭᠡᠨᠡᠳᠲᠡ ᠡᠭᠦᠰᠬᠦ ᠬᠡᠷᠡᠭ ᠢ ᠪᠦᠬᠦ ᠲᠠᠯ᠎ᠠ ᠶᠢᠨ ᠴᠢᠨᠠᠷᠲᠠᠶ ᠪᠠ ᠬᠡᠰᠡᠭ ᠲᠠᠯ᠎ᠠ ᠶᠢᠨ | ᠴᠢᠨᠠᠷᠲᠠᠶ ᠭᠡᠵᠦ ᠬᠤᠶᠠᠷ ᠲᠥᠷᠥᠯ ᠳᠤ ᠬᠤᠪᠢᠶᠠᠨ᠎ᠠ᠃ | ᠪᠦᠬᠦ ᠲᠠᠯ᠎ᠠ ᠶᠢᠨ ᠴᠢᠨᠠᠷᠲᠠᠶ ᠨᠥᠯᠥᠭᠡ ᠭᠠᠷᠭᠠᠭᠰᠠᠨ ᠭᠡᠨᠡᠳᠲᠡ ᠶᠢᠨ ᠬᠡᠷᠡᠭ ᠲᠤ ᠡᠳ᠋ ᠤᠨ ᠵᠠᠰᠠᠭ ᠤᠨ | ᠣᠷᠣᠯᠭ᠎ᠠ ᠶᠢᠨ ᠲᠥᠷᠥ ᠶᠢᠨ ᠪᠣᠳᠣᠯᠭ᠎ᠠ᠂ ᠡᠳ᠋ ᠤᠨ ᠵᠠᠰᠠᠭ ᠤᠨ ᠵᠠᠷᠤᠯᠭ᠎ᠠ ᠶᠢᠨ ᠲᠥᠷᠥ ᠶᠢᠨ ᠪᠣᠳᠣᠯᠭ᠎ᠠ᠂ ᠪᠠᠴᠢᠮ | ᠬᠤᠳᠠᠯᠳᠤᠨ ᠠᠪᠬᠤ ᠲᠥᠷᠥ ᠶᠢᠨ ᠪᠣᠳᠣᠯᠭ᠎ᠠ᠂ ᠪᠡᠯᠡ ᠮᠥᠩᠭᠦ ᠶᠢ ᠲᠦᠷᠭᠡᠨ ᠰᠠᠯᠭᠠᠨ ᠥᠭᠬᠦ ᠵᠡᠷᠭᠡ ᠪᠠᠴᠢᠮ | ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠵᠡᠷᠭᠡ ᠪᠠᠷ ᠠᠪᠴᠤ ᠪᠣᠯᠤᠨ᠎ᠠ︔ ᠬᠡᠰᠡᠭ ᠲᠠᠯ᠎ᠠ ᠶᠢᠨ | ᠴᠢᠨᠠᠷᠲᠠᠶ ᠨᠥᠯᠥᠭᠡ ᠭᠠᠷᠭᠠᠭᠰᠠᠨ ᠭᠡᠨᠡᠳᠲᠡ ᠶᠢᠨ ᠬᠡᠷᠡᠭ ᠲᠤ ᠪᠠᠶᠢᠳᠠᠯ ᠢ ᠨᠢ ᠦᠵᠡᠵᠦ ᠪᠠᠶᠢᠭᠠᠳ ᠪᠠᠴᠢᠮ ᠪᠠᠶᠢᠳᠠᠯ ᠢ | ᠠᠷᠭᠠᠴᠠᠭᠠᠬᠤ ᠬᠡᠰᠡᠭ ᠪᠠᠲᠤᠯᠠᠭ᠎ᠠ ᠶᠢᠨ ᠠᠷᠭ᠎ᠠ ᠬᠡᠮᠵᠢᠶ᠎ᠡ ᠠᠪᠴᠤ ᠪᠣᠯᠤᠨ᠎ᠠ᠃ | ᠬᠠᠮᠢᠶ᠎ᠠ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠢᠶᠠᠩ ᠪᠠᠯᠭᠠᠰᠤ ᠨᠤᠭᠤᠳ | ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠪᠣᠳᠠᠲᠤ ᠪᠠᠶᠢᠳᠠᠯ ᠢᠶᠠᠨ ᠦᠨᠳᠦᠰᠦᠯᠡᠨ᠂ ᠰᠢᠶᠠᠨ ᠤ ᠡᠳ᠋ ᠤᠨ ᠵᠠᠰᠠᠭ ᠪᠤᠶᠤ | ᠳᠡᠭᠡᠳᠦ ᠱᠠᠲᠤᠨ ᠤ ᠡᠳ᠋ ᠤᠨ ᠵᠠᠰᠠᠭ ᠤᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠬᠡᠷᠡᠭᠰᠡᠬᠦ ᠵᠦᠢᠯᠡᠰ ᠢ | ᠳᠤᠷᠠᠳᠤᠨ ᠭᠠᠷᠭᠠᠬᠤ ᠬᠡᠷᠡᠭᠲᠡᠶ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠪᠠᠴᠢᠮ ᠪᠠᠶᠢᠳᠠᠯ ᠢ ᠠᠷᠭᠠᠴᠠᠭᠠᠬᠤ | ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠲᠣᠭᠲᠠᠭᠠᠭᠰᠠᠨ ᠲᠠᠰ | ᠳᠠᠷᠠᠭᠠᠯᠠᠯ ᠤᠨ ᠶᠣᠰᠣᠭᠠᠷ ᠮᠡᠳᠡᠭᠦᠯᠦᠨ ᠵᠥᠪᠰᠢᠶᠡᠷᠡᠭᠦᠯᠦᠨ᠎ᠡ᠃ ᠪᠠᠴᠢᠮ ᠪᠠᠶᠢᠳᠠᠯ ᠤᠨ ᠳᠣᠤᠷ᠎ᠠ᠂ ᠡᠳ᠋ ᠤᠨ | ᠵᠠᠰᠠᠭ ᠤᠨ ᠰᠠᠯᠠᠭ᠎ᠠ ᠮᠥᠴᠢᠷ ᠨᠢ ᠠᠳᠠᠯᠢ ᠱᠠᠲᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠵᠢᠭᠠᠪᠤᠷᠢ ᠶᠢᠨ | ᠵᠣᠷᠢᠭ ᠰᠠᠨᠠᠭ᠎ᠠ ᠶᠢ ᠦᠨᠳᠦᠰᠦᠯᠡᠨ᠂ ᠤᠷᠢᠳᠠᠪᠠᠷ ᠵᠠᠷᠤᠯᠭ᠎ᠠ ᠲᠣᠬᠢᠷᠠᠭᠤᠯᠬᠤ ᠪᠤᠶᠤ ᠪᠡᠯᠡ ᠮᠥᠩᠭᠦ ᠰᠠᠯᠭᠠᠨ ᠥᠭᠬᠦ | ᠵᠡᠷᠭᠡ ᠠᠷᠭ᠎ᠠ ᠬᠡᠮᠵᠢᠶ᠎ᠡ ᠶᠢ ᠠᠪᠴᠤ᠂ ᠳᠠᠬᠢᠨ ᠳᠡᠰ ᠳᠠᠷᠠᠭᠠᠯᠠᠯ ᠤᠨ ᠶᠣᠰᠣᠭᠠᠷ ᠬᠠᠮᠢᠶ᠎ᠠ ᠪᠦᠬᠦᠢ ᠭᠠᠷᠳᠠᠮ ᠢ | ᠨᠥᠬᠦᠵᠦ ᠭᠦᠢᠴᠡᠳᠬᠡᠵᠦ ᠪᠣᠯᠤᠨ᠎ᠠ᠃ | ︵ᠭᠤᠷᠪᠠ︶ ᠪᠠᠴᠢᠮ ᠪᠠᠶᠢᠳᠠᠯ ᠢ ᠠᠷᠭᠠᠴᠠᠭᠠᠬᠤ ᠪᠡᠯᠡ ᠮᠦᠩᠭᠦ ᠰᠠᠯᠭᠠᠨ ᠥᠭᠬᠦ ᠳᠡᠰ ᠳᠠᠷᠠᠭᠠᠯᠠᠯ | ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠲᠥᠰᠦᠪ ᠢ ᠨᠠᠶᠢᠷᠠᠭᠤᠯᠤᠨ ᠵᠣᠬᠢᠶᠠᠬᠤ ᠳᠠᠭᠠᠨ᠂ ︽ | ᠲᠥᠰᠦᠪ ᠤᠨ ᠬᠠᠤᠯᠢ︾ ᠵᠢᠴᠢ ᠬᠡᠷᠡᠭᠵᠢᠭᠦᠯᠬᠦ ᠳᠦᠷᠢᠮ ᠤᠨ ᠱᠠᠭᠠᠷᠳᠠᠯᠭ᠎ᠠ ᠶᠣᠰᠣᠭᠠᠷ᠂ ᠲᠣᠭᠲᠠᠭᠠᠭᠰᠠᠨ ᠬᠡᠪᠴᠢᠶᠡᠨ | ᠳᠣᠲᠣᠷ᠎ᠠ ᠪᠡᠯᠡᠳᠬᠡᠯ ᠵᠠᠷᠤᠳᠠᠯ ᠢ ᠲᠣᠬᠢᠷᠠᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠵᠦᠢᠯᠡᠰ ᠤᠨ ᠪᠡᠯᠡ | ᠮᠥᠩᠭᠦ ᠶᠢᠨ ᠪᠠᠲᠤᠯᠠᠭ᠎ᠠ ᠶᠢ ᠡᠬᠢ ᠡᠭᠦᠰᠦᠯ ᠠᠴᠠ ᠨᠢ ᠴᠢᠩᠭᠠᠳᠬᠠᠬᠤ ᠬᠡᠷᠡᠭᠲᠡᠶ᠃ | ᠪᠠᠴᠢᠮ ᠪᠠᠶᠢᠳᠠᠯ ᠢ ᠠᠷᠭᠠᠴᠠᠭᠠᠬᠤ ᠬᠡᠷᠡᠭ ᠭᠠᠷᠤᠭᠰᠠᠨ ᠤ ᠳᠠᠷᠠᠭ᠎ᠠ᠂ ᠡᠳ᠋ ᠤᠨ ᠵᠠᠰᠠᠭ ᠤᠨ ᠰᠠᠯᠠᠭ᠎ᠠ | ᠮᠥᠴᠢᠷ ᠤᠳ ᠰᠢᠶᠠᠨ ᠤ ᠵᠠᠰᠠᠭ ᠤᠨ ᠣᠷᠳᠣᠨ ᠤ ᠴᠣᠬᠤᠯᠠᠪᠤᠷᠢᠯᠠᠭᠰᠠᠨ ᠵᠢᠭᠠᠪᠤᠷᠢ ᠶᠢᠨ ᠱᠠᠭᠠᠷᠳᠠᠯᠭ᠎ᠠ ᠶᠣᠰᠣᠭᠠᠷ᠂ | ᠪᠡᠯᠡ ᠮᠥᠩᠭᠦ ᠶᠢ ᠴᠠᠭ ᠲᠤᠬᠠᠶ ᠳᠤᠨᠢ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠰᠠᠯᠭᠠᠨ ᠥᠭᠬᠦ ᠶᠢᠨ ᠬᠠᠮᠲᠤ ᠪᠡᠯᠡ | ᠮᠥᠩᠭᠦ ᠶᠢᠨ ᠵᠠᠷᠤᠯᠭ᠎ᠠ ᠶᠢ ᠴᠠᠭ ᠲᠤᠬᠠᠶ ᠳᠤᠨᠢ ᠲᠣᠬᠢᠷᠠᠭᠤᠯᠬᠤ ᠬᠡᠷᠡᠭᠲᠡᠶ︔ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠳ ᠲᠥᠰᠦᠪ ᠢ ᠨᠢᠭᠡ ᠴᠤᠭᠴᠠᠵᠢᠭᠤᠯᠤᠨ ᠬᠠᠮᠢᠶᠠᠷᠬᠤ ᠱᠠᠭᠠᠷᠳᠠᠯᠭ᠎ᠠ ᠶᠣᠰᠣᠭᠠᠷ ᠲᠥᠷᠥᠯ ᠵᠦᠢᠯ ᠢ | ᠨᠥᠭᠡᠴᠡᠯᠡᠵᠦ ᠬᠥᠮᠥᠷᠭᠡ ᠳᠤ ᠣᠷᠣᠭᠤᠯᠬᠤ ᠵᠡᠷᠭᠡ ᠪᠡᠯᠡ ᠮᠥᠩᠭᠦ ᠥᠭᠬᠦ ᠵᠠᠪᠠᠯ ᠥᠩᠭᠡᠷᠡᠬᠦ ᠳᠡᠰ ᠳᠠᠷᠠᠭᠠᠯᠠᠯ ᠢ ᠴᠠᠭ | ᠲᠤᠬᠠᠶ ᠳᠤᠨᠢ ᠰᠠᠶᠢᠲᠤᠷ ᠬᠢᠬᠦ ᠬᠡᠷᠡᠭᠲᠡᠶ᠃ | ᠲᠠᠪᠤ᠂ ᠰᠡᠭᠦᠯᠴᠢ ᠶᠢᠨ ᠬᠤᠭᠤᠴᠠᠭᠠᠨ ᠳᠤ ᠰᠢᠢᠳᠪᠦᠷᠢᠯᠡᠬᠦ | ︵ᠨᠢᠭᠡ︶ ᠬᠢᠨᠠᠯᠲᠠ ᠲᠠᠯᠪᠢᠨ ᠪᠠᠶᠢᠴᠠᠭᠠᠬᠤ | ᠡᠯ᠎ᠡ ᠬᠤᠯᠪᠣᠭᠳᠠᠯ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠪᠠ ᠪᠡᠯᠡ ᠮᠦᠩᠭᠦ ᠶᠢ ᠬᠡᠷᠡᠭᠯᠡᠬᠦ | ᠰᠠᠯᠠᠭ᠎ᠠ ᠮᠦᠴᠢᠷ ︵ᠨᠢᠭᠡᠴᠢ︶ ᠨᠢ ᠭᠡᠨᠡᠳᠲᠡ ᠶᠢᠨ ᠬᠡᠷᠡᠭ ᠤᠨ ᠡᠳ᠋ ᠤᠨ ᠵᠠᠰᠠᠭ ᠤᠨ ᠪᠠᠴᠢᠮ ᠪᠠᠶᠢᠳᠠᠯ ᠢ | ᠠᠷᠭᠠᠴᠠᠭᠠᠬᠤ ᠪᠠᠲᠤᠯᠠᠭ᠎ᠠ ᠶᠢᠨ ᠪᠡᠯᠡ ᠮᠦᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠴᠢᠩᠭᠠᠳᠬᠠᠵᠤ᠂ ᠲᠤᠰᠬᠠᠢ | ᠵᠣᠭᠤᠰ ᠢ ᠲᠤᠰᠬᠠᠢ ᠵᠦᠢᠯ ᠳᠤ ᠬᠡᠷᠡᠭᠯᠡᠬᠦ ᠶᠢ ᠦᠨᠡᠨᠬᠦ ᠪᠠᠲᠤᠯᠠᠵᠤ᠂ ᠪᠡᠯᠡ ᠮᠦᠩᠭᠦ ᠶᠢᠨ ᠬᠡᠷᠡᠭᠯᠡᠯᠲᠡ ᠶᠢᠨ ᠦᠷ᠎ᠡ | ᠠᠰᠢᠭ ᠢ ᠳᠡᠭᠡᠭᠰᠢᠯᠡᠭᠦᠯᠬᠦ ᠬᠡᠷᠡᠭᠲᠡᠢ᠃ | ᠭᠡᠨᠡᠳᠲᠡ ᠶᠢᠨ ᠬᠡᠷᠡᠭ ᠤᠨ ᠡᠳ᠋ ᠤᠨ ᠵᠠᠰᠠᠭ ᠤᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠪᠡᠯᠡ | ᠮᠥᠩᠭᠦ ᠶᠢᠨ ᠬᠡᠷᠡᠭᠯᠡᠯᠲᠡ ᠳᠤ ᠬᠢᠨᠠᠨ ᠪᠤᠳᠤᠬᠤ ᠰᠠᠯᠠᠭ᠎ᠠ ᠮᠥᠴᠢᠷ ᠤᠨ ᠬᠢᠨᠠᠯᠲᠠ ᠲᠠᠯᠪᠢᠬᠤ᠂ ᠪᠠᠶᠢᠴᠠᠭᠠᠬᠤ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠶ᠃ | ᠭᠡᠨᠡᠳᠲᠡ ᠶᠢᠨ ᠬᠡᠷᠡᠭ ᠤᠨ ᠡᠳ᠋ ᠤᠨ ᠵᠠᠰᠠᠭ ᠤᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠪᠡᠯᠡ | ᠮᠥᠩᠭᠦ ᠶᠢ ᠬᠠᠮᠢᠶᠠᠷᠬᠤ ᠪᠠ ᠬᠡᠷᠡᠭᠯᠡᠬᠦ ᠳᠤᠮᠳᠠᠬᠢ ᠬᠠᠤᠯᠢ ᠰᠠᠬᠢᠯᠭ᠎ᠠ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠬᠡᠨ ᠲᠣᠷᠭᠠᠨ᠎ᠠ︔ ᠶᠠᠯ᠎ᠠ ᠳᠤ ᠬᠦᠷᠦᠭᠰᠡᠨ ᠪᠣᠯ | ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ︵ᠬᠤᠶᠠᠷ︶ ᠳ᠋ᠦᠩᠨᠡᠨ ᠦᠨᠡᠯᠡᠬᠦ | ᠭᠡᠨᠡᠳᠲᠡ ᠶᠢᠨ ᠬᠡᠷᠡᠭ ᠢ ᠰᠢᠢᠳᠪᠦᠷᠢᠯᠡᠵᠦ ᠳᠠᠭᠤᠰᠤᠭᠰᠠᠨ ᠤ ᠳᠠᠷᠠᠭ᠎ᠠ᠂ ᠡᠳ᠋ ᠤᠨ ᠵᠠᠰᠠᠭ ᠤᠨ ᠰᠠᠯᠠᠭ᠎ᠠ | ᠮᠥᠴᠢᠷ ᠤᠳ ᠭᠡᠨᠡᠳᠲᠡ ᠶᠢᠨ ᠬᠡᠷᠡᠭ ᠤᠨ ᠡᠳ᠋ ᠤᠨ ᠵᠠᠰᠠᠭ ᠤᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ | ᠪᠡᠯᠡ ᠮᠥᠩᠭᠦ ᠶᠢ ᠴᠠᠭ ᠲᠤᠬᠠᠢ ᠳᠤ ᠨᠢ ᠢᠯᠭᠠᠷᠠᠭᠤᠯᠤᠨ ᠪᠤᠳᠤᠵᠤ᠂ ᠪᠡᠯᠡ ᠮᠥᠩᠭᠦ ᠶᠢ ᠬᠡᠷᠡᠭᠯᠡᠭᠰᠡᠨ ᠠᠵᠢᠯ ᠤᠨ | ᠠᠮᠵᠢᠯᠲᠠ ᠪᠦᠲᠦᠮᠵᠢ ᠶᠢᠨ ᠦᠨᠡᠯᠡᠯᠲᠡ ᠶᠢ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠃ | ᠡᠳ᠋ ᠤᠨ ᠵᠠᠰᠠᠭ ᠤᠨ ᠰᠠᠯᠠᠭ᠎ᠠ ᠮᠥᠴᠢᠷ ᠱᠠᠭᠠᠷᠳᠠᠯᠭ᠎ᠠ ᠶᠣᠰᠣᠭᠠᠷ᠂ ᠲᠤᠰ ᠭᠠᠵᠠᠷ ᠣᠷᠣᠨ ᠤ ᠪᠠᠨ | ᠭᠡᠨᠡᠳᠲᠡ ᠶᠢᠨ ᠬᠡᠷᠡᠭ ᠢ ᠠᠷᠭᠠᠴᠠᠭᠠᠬᠤ ᠡᠳ᠋ ᠤᠨ ᠵᠠᠰᠠᠭ ᠤᠨ ᠣᠷᠣᠯᠭ᠎ᠠ ᠶᠢᠨ ᠲᠥᠷᠥ ᠶᠢᠨ ᠪᠣᠳᠣᠯᠭ᠎ᠠ᠂ ᠡᠳ᠋ ᠤᠨ | ᠵᠠᠰᠠᠭ ᠤᠨ ᠵᠠᠷᠤᠯᠭ᠎ᠠ ᠶᠢᠨ ᠲᠥᠷᠥ ᠶᠢᠨ ᠪᠣᠳᠣᠯᠭ᠎ᠠ᠂ ᠪᠡᠯᠡ ᠮᠥᠩᠭᠦ ᠰᠠᠯᠭᠠᠨ ᠥᠭᠭᠦᠭᠰᠡᠨ ᠪᠠᠶᠢᠳᠠᠯ ᠵᠡᠷᠭᠡ ᠶᠢ ᠴᠠᠭ | ᠲᠤᠬᠠᠶ ᠳᠤᠨᠢ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠳᠤ ᠮᠡᠳᠡᠭᠦᠯᠬᠦ ᠬᠡᠷᠡᠭᠲᠡᠶ᠃ | ︵ᠭᠤᠷᠪᠠ︶ ᠮᠡᠳᠡᠭᠡ ᠵᠠᠩᠭᠢ ᠶᠢᠨ ᠨᠡᠶᠢᠲᠡᠯᠡᠯ | ᠭᠡᠨᠡᠳᠲᠡ ᠶᠢᠨ ᠬᠡᠷᠡᠭ ᠤᠨ ᠡᠳ᠋ ᠤᠨ ᠵᠠᠰᠠᠭ ᠤᠨ ᠪᠡᠯᠡ ᠮᠥᠩᠭᠦ ᠶᠢᠨ ᠪᠠᠴᠢᠮ ᠪᠠᠶᠢᠳᠠᠯ ᠢ ᠠᠷᠭᠠᠴᠠᠭᠠᠬᠤ | ᠪᠠᠲᠤᠯᠠᠭ᠎ᠠ ᠶᠢᠨ ᠠᠷᠭ᠎ᠠ ᠬᠡᠮᠵᠢᠶ᠎ᠡ ᠵᠢᠴᠢ ᠬᠡᠷᠡᠭᠵᠢᠭᠦᠯᠦᠭᠰᠡᠨ ᠪᠠᠶᠢᠳᠠᠯ ᠵᠡᠷᠭᠡ ᠮᠡᠳᠡᠭᠡ ᠵᠠᠩᠭᠢ ᠶᠢ ᠨᠡᠶᠢᠲᠡᠯᠡᠬᠦ ᠳᠤ᠂ | ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠨᠢᠭᠡᠳᠦᠯᠲᠡᠶ᠂ ᠣᠨᠣᠪᠴᠢᠲᠠᠶ᠂ ᠴᠠᠭ ᠲᠤᠬᠠᠶ ᠳᠤᠨᠢ ᠨᠡᠶᠢᠲᠡᠯᠡᠬᠦ ᠬᠡᠷᠡᠭᠲᠡᠶ᠃ | ᠵᠢᠷᠭᠤᠭ᠎ᠠ᠂ ᠳᠠᠭᠠᠯᠳᠤᠭᠤᠯᠤᠯ ᠳᠦᠷᠢᠮ | ︵ᠨᠢᠭᠡ︶ ᠪᠡᠯᠡᠳᠭᠡᠯ ᠲᠦᠰᠦᠯ ᠤᠨ ᠬᠠᠮᠢᠶᠠᠷᠬᠤ ᠪᠠ ᠵᠠᠰᠠᠪᠤᠷᠢ ᠣᠷᠤᠭᠤᠯᠬᠤ | ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠲᠣᠰ ᠪᠡᠯᠡᠳᠬᠡᠯ ᠲᠥᠰᠦᠯ ᠢ ᠦᠨᠳᠦᠰᠦᠯᠡᠬᠦ ᠶᠢᠨ ᠬᠠᠮᠲᠤ | ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠭᠠᠵᠠᠷ ᠣᠷᠣᠨ ᠤ ᠭᠡᠨᠡᠳᠲᠡ ᠶᠢᠨ | ᠬᠡᠷᠡᠭ ᠤᠨ ᠡᠳ᠋ ᠤᠨ ᠵᠠᠰᠠᠭ ᠤᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠪᠡᠯᠡᠳᠬᠡᠯ ᠲᠥᠰᠦᠯ ᠪᠤᠶᠤ | ᠬᠡᠷᠡᠭᠵᠢᠭᠦᠯᠬᠦ ᠨᠠᠷᠢᠨ ᠲᠦᠷᠢᠮ ᠢ ᠲᠣᠭᠲᠠᠭᠠᠬᠤ ᠶᠢᠨ ᠬᠠᠮᠲᠤ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠳᠤ | ᠮᠡᠳᠡᠭᠦᠯᠦᠨ ᠳᠠᠩᠰᠠᠯᠠᠭᠤᠯᠤᠨ᠎ᠠ᠃ ᠬᠤᠯᠪᠣᠭᠳᠠᠯ ᠪᠦᠬᠦᠢ ᠬᠠᠤᠯᠢ ᠴᠠᠭᠠᠵᠠ ᠳᠦᠷᠢᠮ ᠲᠣᠭᠲᠠᠭᠠᠯ ᠤᠨ ᠱᠠᠭᠠᠷᠳᠠᠯᠭ᠎ᠠ | ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠪᠣᠳᠠᠲᠠᠶ ᠬᠡᠷᠡᠭᠴᠡᠭᠡ ᠶᠢ ᠦᠨᠳᠦᠰᠦᠯᠡᠨ᠂ ᠪᠡᠯᠡᠳᠬᠡᠯ | ᠲᠥᠰᠦᠯ ᠳᠤ ᠴᠠᠭ ᠲᠤᠨᠢ ᠲᠣᠬᠢᠷᠠᠭᠤᠯᠤᠨ ᠵᠠᠰᠠᠪᠤᠷᠢ ᠣᠷᠣᠭᠤᠯᠵᠤ ᠪᠣᠯᠤᠨ᠎ᠠ᠃ | ︵ᠬᠤᠶᠠᠷ︶ ᠪᠡᠯᠡᠳᠭᠡᠯ ᠲᠦᠰᠦᠯ ᠢ ᠬᠡᠷᠡᠭᠵᠢᠭᠦᠯᠬᠦ ᠴᠠᠭ ᠬᠤᠭᠤᠴᠠᠭ᠎ᠠ | ᠲᠣᠰ ᠪᠡᠯᠡᠳᠬᠡᠯ ᠲᠥᠰᠦᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ |