ᠦᠵᠡᠰᠭᠦᠯᠡᠩᠲᠦ ᠰᠠᠶᠢᠬᠠᠨ ᠤᠮᠠᠷᠠᠲᠤ ᠬᠢᠯᠢ ᠶᠢᠨ ᠰᠣᠶᠣᠯ ᠤᠨ ᠤᠯᠠᠮᠵᠢᠯᠠᠯ
ᠨᠡᠶᠢᠲᠡᠯᠡᠭᠰᠡᠨ ᠴᠠᠭ᠄
2024/8/22
     
     ᠤᠮᠠᠷᠠᠳᠤ ᠬᠢᠯᠢ ᠶᠢᠨ ᠰᠤᠶᠤᠯ ᠨᠢ ᠥᠪᠥᠷ ᠮᠣᠩᠭᠤᠯ ᠤᠨ ᠥᠪᠡᠷᠮᠢᠴᠡ ᠭᠠᠶᠢᠬᠠᠮᠰᠢᠭᠲᠤ ᠦᠨᠡᠲᠦ ᠡᠷᠳᠡᠨᠢ ᠶᠤᠮ᠃ ᠲᠡᠷᠡ ᠨᠢ ᠢᠷᠠᠭᠤ ᠰᠠᠶᠢᠬᠠᠨ ᠲᠤᠤᠯᠢ ᠮᠡᠲᠦ ᠪᠠᠷ ᠭᠠᠵᠠᠷ ᠳᠡᠭᠡᠷᠡᠬᠢ ᠮᠢᠩᠭᠠᠨ ᠣᠨ ᠤ ᠣᠢ ᠰᠠᠨᠠᠮᠵᠢ ᠪᠣᠯᠤᠨ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠠᠴᠢᠶᠠᠯᠠᠵᠤ᠂ ᠡᠷᠢᠯᠲᠡ ᠬᠠᠶᠢᠯᠲᠠ ᠬᠢᠬᠦ ᠶᠢ ᠬᠦᠯᠢᠶᠡᠵᠦ ᠪᠠᠶᠢᠯ᠎ᠠ᠃ ᠤᠮᠠᠷᠠᠳᠤ ᠬᠢᠯᠢ ᠶᠢᠨ ᠰᠤᠶᠤᠯ ᠪᠣᠯ ᠪᠠᠶᠢᠭᠠᠯᠢ ᠪᠣᠯᠤᠨ ᠬᠦᠮᠦᠡᠯᠢᠭ ᠤᠨ ᠡᠶ᠎ᠡ ᠵᠣᠬᠢᠴᠠᠩᠭᠤᠢ ᠬᠠᠮᠲᠤ ᠶᠢᠨ ᠠᠵᠢᠯᠯᠠᠭ᠎ᠠ ᠮᠥᠨ᠃
     ᠦᠷᠭᠡᠨ ᠠᠭᠤᠳᠠᠮ ᠲᠠᠯ᠎ᠠ ᠨᠤᠳᠤᠭ᠂ ᠠᠤᠭ᠎ᠠ ᠰᠦᠷᠯᠢᠭ ᠠᠭᠤᠯᠠ ᠤᠰᠤ᠂ ᠳᠣᠯᠭᠢᠶᠠᠨ ᠳᠠᠪᠠᠯᠭᠠᠨᠲᠤ ᠭᠤᠤᠯ ᠭᠤᠷᠤᠬ᠎ᠠ᠂ ᠲᠤᠯᠠᠭᠠᠨ ᠰᠠᠶᠢᠬᠠᠨ ᠠᠮᠢᠳᠤᠷᠠᠯ ᠤᠨ ᠦᠨᠦᠷ ᠠᠮᠲᠠ᠂ ᠤᠮᠠᠷᠠᠳᠤ ᠬᠢᠯᠢ ᠶᠢᠨ ᠡᠭᠡ ᠭᠠᠵᠠᠷ ᠠᠤᠭ᠎ᠠ ᠰᠦᠷᠯᠢᠭ ᠪᠠᠶᠢᠭᠠᠯᠢ ᠶᠢᠨ ᠦᠵᠡᠮᠵᠢ ᠨᠢ ᠡᠨᠡ ᠬᠡᠰᠡᠭ ᠭᠠᠵᠠᠷ ᠨᠤᠳᠤᠭ ᠲᠤ ᠠᠮᠢᠳᠤᠷᠠᠵᠤ ᠪᠠᠶᠢᠭ᠎ᠠ ᠦᠨᠳᠦᠰᠦᠳᠡᠨ ᠨᠦᠭᠦᠳ ᠤᠨ ᠠᠷᠠᠳ ᠲᠦᠮᠡᠨ ᠢ ᠤᠶᠤᠨ ᠤᠬᠠᠭᠠᠨ ᠪᠠ ᠠᠵᠢᠯᠴᠢ ᠬᠦᠳᠡᠯᠮᠦᠷᠢ ᠪᠠᠷ ᠢᠶᠠᠨ ᠪᠠᠶᠠᠯᠢᠭ ᠰᠠᠶᠢᠬᠠᠨ ᠰᠤᠶᠤᠯ ᠢ ᠡᠬᠦᠳᠴᠠᠢ᠃
     ᠠᠳᠡ ᠬᠤᠪᠢᠰᠬᠠᠯ ᠤᠨ ᠰᠣᠶᠣᠯ ᠥᠷᠨᠢᠩᠭᠦᠢ ᠬᠥᠭᠵᠢᠵᠦ᠂ ᠭᠠᠶᠢᠬᠠᠮᠰᠢᠭᠲᠤ ᠳᠤᠷᠠᠳᠬᠠᠯ ᠲᠠᠢ ᠴᠠᠭ ᠦᠶ᠎ᠡ ᠶᠢ ᠲᠠᠰᠤᠷᠠᠯᠲᠠ ᠦᠭᠡᠢ ᠦᠷᠭᠦᠯᠵᠢᠯᠡᠭᠦᠯᠵᠦ ᠪᠠᠶᠢᠨ᠎ᠠ᠃
     ᠠᠳᠡ᠂ ᠬᠠᠲᠤᠨ ᠭᠤᠣᠯ ᠤᠨ ᠰᠣᠶᠣᠯ ᠦᠶ᠎ᠡ ᠶᠢᠨ ᠦᠶ᠎ᠡ ᠳᠤ ᠲᠠᠰᠤᠷᠠᠰᠢ ᠦᠭᠡᠢ᠂ ᠡᠨᠡ ᠬᠡᠰᠡᠭ ᠭᠠᠵᠠᠷ ᠰᠢᠷᠤᠢ ᠶᠢᠨ ᠦᠯᠢᠭᠡᠷ ᠳᠣᠮᠤᠭ ᠢ ᠰᠣᠨᠣᠷᠳᠠᠨ ᠰᠢᠪᠡᠨᠡᠨ᠎ᠡ᠃      ᠠᠳᠡ᠂ ᠣᠷᠲᠤ ᠴᠠᠭᠠᠨ ᠬᠡᠷᠡᠮ ᠤᠨ ᠰᠣᠶᠣᠯ ᠲᠠᠣᠭᠡ ᠦᠨᠢ ᠤᠳᠠᠭᠠᠨ᠂ ᠮᠢᠩᠭᠠᠨ ᠵᠢᠯ ᠤᠨ ᠤᠷᠲᠤ ᠬᠤᠭᠤᠴᠠᠭ᠎ᠠ ᠶᠢ ᠥᠩᠭᠡᠷᠡᠭᠡᠨ᠂ ᠣᠷᠣᠨ ᠵᠠᠢ ᠶᠢ ᠳᠠᠪᠠᠨ᠂ ᠡᠨᠠᠭᠦ ᠭᠠᠵᠠᠷ ᠲᠠᠯᠠᠭᠡᠢ ᠶᠢᠨ ᠨᠠᠷᠠᠨ ᠮᠠᠨᠲᠣᠵᠤ ᠰᠠᠷᠠᠨ ᠰᠢᠩᠭᠡᠬᠦ ᠶᠢ ᠭᠡᠷᠡᠴᠢᠯᠡᠨ ᠬᠠᠷᠠᠭᠰᠠᠨ ᠪᠠᠶᠢᠨ᠎ᠠ᠃      ᠠᠳᠡ᠂ ᠲᠠᠷᠢᠶᠠᠯᠠᠬᠤ ᠰᠣᠶᠣᠯ ᠭᠡᠷᠡᠯ ᠰᠠᠴᠤᠷᠠᠩᠭᠤᠢ ᠥᠨᠢ ᠤᠳᠠᠭᠠᠨ ᠤᠯᠠᠮᠵᠢᠯᠠᠯ ᠲᠠᠢ᠂ ᠮᠢᠩᠭᠠᠨ ᠵᠢᠯ ᠤᠨ ᠤᠯᠠᠮᠵᠢᠯᠠᠯ ᠢᠶᠠᠷ᠂ ᠤᠳᠤ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠲᠠᠢ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠦᠵᠡᠰᠬᠦᠯᠡᠩᠲᠦ ᠰᠠᠶᠢᠬᠠᠨ ᠰᠣᠶᠣᠯ ᠤᠨ ᠬᠠᠭᠤᠳᠠᠰᠤ ᠶᠢ ᠬᠠᠮᠲᠤᠪᠠᠷ ᠵᠢᠷᠤᠭᠯᠠᠪᠠ᠃      ᠠᠳᠡ᠂ ᠱᠧᠩ ᠯᠧ ᠰᠣᠶᠣᠯ ᠤᠨ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠥᠪᠡᠷᠮᠢᠴᠡ ᠷᠢᠳᠢ ᠰᠢᠳᠢ ᠶᠢ ᠢᠯᠡᠷᠡᠭᠦᠯᠪᠡ᠃
     ᠠᠳᠡ ᠮᠣᠩᠭᠤᠯ ᠮᠣᠷᠢᠨ ᠤ ᠵᠣᠷᠢᠭ ᠰᠠᠨᠠᠭ᠎ᠠ ᠪᠠ ︽ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ︾ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ ᠪᠣᠬᠢᠷᠲᠤᠯ ᠦᠭᠡᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠰᠠᠶᠢᠲᠤᠷ ᠵᠠᠮᠨᠠᠨ᠎ᠠ᠃    ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号