ᠬᠤᠷᠢᠨᠭᠡᠷ ᠵᠠᠰᠠᠭ ᠲᠠᠷᠬᠠᠭᠠᠭᠰᠠᠨ ︹2020︺ 72 ᠳ᠋ᠤᠭᠠᠷ ᠲᠣᠭᠠᠲᠤ | | | ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠤᠨ ᠪᠡᠯᠡᠳᠬᠡᠯ ᠳᠤᠭᠤᠶᠢᠯᠠᠩ᠂ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ | ᠵᠥᠪᠯᠡᠯ᠂ ᠰᠢᠶᠠᠨ ᠤ ᠡᠯ᠎ᠡ ᠵᠥᠪᠯᠡᠯ ᠠᠯᠪᠠᠨ ᠬᠡᠷ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠢ ᠳᠤ᠄ | ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠪᠠ ᠣᠷᠣᠨ ᠨᠤᠲᠤᠭ ᠤᠨ ᠡᠯ᠎ᠡ | ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠣᠬᠢᠶᠠᠨ ᠪᠠᠢᠭᠤᠯᠬᠤ ᠬᠠᠤᠯᠢ ᠶᠢᠨ ᠲᠣᠭᠲᠠᠭᠠᠯ ᠢ | ᠦᠨᠳᠦᠰᠦᠯᠡᠨ᠂ ᠰᠢᠶᠠᠨ ᠤ ᠠᠷᠠᠳ ᠤᠨ ᠵᠠᠰᠠᠭ ᠤᠨ ᠣᠷᠳᠣᠨ ᠳᠤ ᠰᠢᠶᠠᠨ ᠤ ᠳᠠᠷᠤᠭ᠎ᠠ ᠶᠢᠨ ᠬᠠᠷᠢᠭᠤᠴᠠᠬᠤ | ᠳᠦᠷᠢᠮ ᠢ ᠬᠡᠷᠡᠭᠵᠢᠭᠦᠯᠵᠦ᠂ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ︵ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ︶᠂ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠰᠢᠶᠠᠨ ᠤ ᠳᠠᠷᠤᠭ᠎ᠠ ᠶᠢ | ᠬᠠᠪᠰᠤᠷᠤᠨ ᠠᠵᠢᠯᠯᠠᠨ᠎ᠠ ᠠᠵᠢᠯᠲᠠᠨ ᠤ ᠶᠠᠪᠤᠳᠠᠯ ᠤᠨ ᠬᠤᠪᠢᠷᠠᠯᠲᠠ ᠪᠠ ᠠᠵᠢᠯ ᠤᠨ ᠬᠡᠷᠡᠭᠴᠡᠭᠡ ᠶᠢ ᠦᠨᠳᠦᠰᠦᠯᠡᠨ᠂ | ᠰᠤᠳᠤᠯᠬᠤ ᠪᠠᠷ ᠳᠠᠮᠵᠢᠭᠠᠳ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠢᠶᠠᠨ ᠤ ᠳᠠᠷᠤᠭ᠎ᠠ᠂ ᠰᠢᠶᠠᠨ ᠤ | ᠳᠡᠳ᠋ ᠳᠠᠷᠤᠭ᠎ᠠ ︵ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ︶ ᠵᠡᠷᠭᠡ ᠠᠵᠢᠯ ᠤᠨ ᠬᠤᠪᠢᠶᠠᠷᠢᠯᠠᠯ ᠨᠢ | ᠳᠣᠣᠷᠠᠬᠢ ᠮᠡᠲᠦ᠄ | ᠵᠠᠩ ᡁᠢ ᠺᠦᠢ ︵ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠢᠶᠠᠨ ᠤ ᠣᠷᠣᠯᠠᠭᠴᠢ ᠳᠠᠷᠤᠭ᠎ᠠ︶ | ᠄ ᠰᠢᠶᠠᠨ ᠤ ᠠᠷᠠᠳ ᠤᠨ ᠵᠠᠰᠠᠭ ᠤᠨ ᠣᠷᠳᠣᠨ ᠤ ᠪᠦᠬᠦ ᠲᠠᠯ᠎ᠠ ᠶᠢᠨ ᠠᠵᠢᠯ ᠢ ᠡᠷᠬᠢᠯᠡᠵᠦ᠂ ᠬᠢᠨᠠᠨ ᠪᠤᠳᠤᠬᠤ ᠵᠡᠷᠭᠡ | ᠲᠠᠯ᠎ᠠ ᠶᠢᠨ ᠠᠵᠢᠯ ᠢ ᠬᠠᠷᠢᠭᠤᠴᠠᠨ᠎ᠠ᠃ | ᠬᠤᠪᠢᠳᠠᠨ ᠬᠠᠮᠢᠶᠠᠷᠬᠤ ᠨᠢ᠄ ᠬᠢᠨᠠᠨ ᠪᠤᠳᠤᠬᠤ ᠲᠣᠪᠴᠢᠶ᠎ᠠ᠃ | ᠸᠠᠩ ᠰᠢᠶᠤᠤ ᠮᠢᠩ ︵ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠪᠠᠶᠢᠩᠭᠤ ᠶᠢᠨ ᠳᠡᠳ᠋ | ᠰᠢᠶᠠᠨ ᠤ ᠳᠠᠷᠤᠭ᠎ᠠ︶᠄ ᠰᠢᠶᠠᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠵᠤ᠂ | ᠰᠢᠶᠠᠨ ᠤ ᠳᠠᠷᠤᠭ᠎ᠠ ᠶᠢ ᠬᠠᠮᠵᠢᠨ ᠵᠠᠰᠠᠭ ᠤᠨ ᠶᠠᠪᠤᠳᠠᠯ ᠢ ᠢᠯᠡ ᠪᠣᠯᠭᠠᠬᠤ᠂ ᠶᠡᠷᠦᠩᠬᠡᠶᠢᠯᠡᠭᠰᠡᠨ ᠠᠵᠤ ᠠᠬᠤᠶ᠂ | ᠬᠥᠭᠵᠢᠭᠦᠯᠦᠯᠲᠡ ᠪᠠ ᠥᠭᠡᠷᠡᠴᠢᠯᠡᠯᠲᠡ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠪᠠᠯᠠ ᠣᠷᠣᠭᠤᠯᠤᠯᠲᠠ ᠶᠢ ᠠᠬᠢᠭᠤᠯᠬᠤ᠂ ᠬᠤᠳᠠᠯᠳᠤᠭᠠᠨ ᠤ | ᠶᠠᠪᠤᠳᠠᠯ᠂ ᠦᠢᠯᠡᠴᠢᠯᠡᠭᠡᠨ ᠤ ᠦᠢᠯᠡᠰ᠂ ᠠᠮᠤ ᠪᠤᠳᠠᠭ᠎ᠠ᠂ ᠡᠳ᠋ ᠤᠨ ᠵᠠᠰᠠᠭ᠂ ᠤᠯᠤᠰ ᠤᠨ ᠡᠳ᠋ ᠬᠥᠷᠥᠩᠭᠡ᠂ | ᠮᠥᠩᠭᠦᠨ ᠭᠦᠢᠯᠭᠡᠭᠡ᠂ ᠭᠠᠶᠢᠯᠢ ᠲᠠᠲᠠᠪᠤᠷᠢ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠲᠤᠭ᠎ᠠ | ᠪᠦᠷᠢᠳᠬᠡᠯ᠂ ᠭᠠᠵᠠᠷ ᠰᠢᠷᠣᠶ ᠶᠢ ᠬᠤᠳᠠᠯᠳᠤᠨ ᠠᠪᠴᠤ ᠨᠥᠭᠡᠴᠡᠯᠡᠬᠦ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ | ᠬᠤᠪᠢᠳᠠᠨ ᠬᠠᠮᠢᠶᠠᠷᠬᠤ ᠨᠢ᠄ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠬᠡᠷ᠂ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠠᠯᠪᠠᠨ ᠬᠡᠷ︶᠂ ᠡᠳ᠋ ᠤᠨ ᠵᠠᠰᠠᠭ ᠤᠨ ᠲᠣᠪᠴᠢᠶ᠎ᠠ ︵ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ︶᠂ ᠬᠤᠳᠠᠯᠳᠤᠭᠠᠨ ᠤ ᠶᠠᠪᠤᠳᠠᠯ ᠪᠠ ᠪᠠᠯᠠ | ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ︵ | ᠠᠭᠤᠷᠬᠠᠶ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶᠂ ᠲᠤᠭ᠎ᠠ ᠪᠦᠷᠢᠳᠬᠡᠯ ᠤᠨ | ᠲᠣᠪᠴᠢᠶ᠎ᠠ᠂ ᠭᠠᠵᠠᠷ ᠰᠢᠷᠣᠶ ᠬᠤᠳᠠᠯᠳᠤᠨ ᠠᠪᠴᠤ ᠨᠥᠭᠡᠴᠡᠯᠡᠬᠦ ᠠᠷᠠᠯᠵᠢᠶᠠᠨ ᠤ ᠲᠥᠪ᠃ | ᠬᠠᠷᠢᠯᠴᠠᠬᠤ ᠨᠢ᠄ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ | ᠂ ᠤᠯᠤᠰ ᠲᠥᠷᠥ ᠶᠢᠨ ᠵᠥᠪᠯᠡᠯᠭᠡᠨ ᠤ ᠬᠤᠷᠢᠨᠭᠡᠷ ᠰᠢᠶᠠᠨ ᠤ ᠬᠤᠷᠢᠶ᠎ᠠ᠂ ᠰᠢᠶᠠᠨ ᠤ ᠬᠢᠨᠠᠨ ᠪᠠᠶᠢᠴᠠᠭᠠᠬᠤ ᠵᠥᠪᠯᠡᠯ᠂ | ᠰᠢᠶᠠᠨ ᠤ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ᠂ ᠬᠤᠷᠢᠨᠭᠡᠷ ᠰᠢᠶᠠᠨ ᠤ ᠤᠯᠤᠰ ᠲᠤ ᠪᠠᠨ ᠪᠤᠴᠠᠭᠰᠠᠨ | ᠳᠤᠮᠳᠠᠳᠤ ᠶᠢᠨ ᠬᠠᠷᠢᠶᠠᠲᠤ ᠨᠠᠷ ᠤᠨ ᠬᠤᠯᠪᠣᠭᠠᠲᠤ ᠬᠤᠷᠠᠯ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ | ᠲᠥᠪ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠬᠤᠷᠢᠨᠭᠡᠷ ᠰᠢᠶᠠᠨ ᠤ ᠭᠠᠶᠢᠯᠢ ᠶᠢᠨ | ᠶᠠᠪᠤᠳᠠᠯ ᠤᠨ ᠲᠣᠪᠴᠢᠶ᠎ᠠ᠂ ᠬᠥᠬᠡᠬᠤᠲᠠ ᠶᠢᠨ ᠬᠤᠲᠠ ᠬᠥᠳᠡᠭᠡ ᠶᠢᠨ ᠨᠡᠶᠢᠭᠡᠮ ᠠᠵᠤ ᠠᠬᠤᠶ ᠶᠢᠨ ᠥᠯᠢᠭᠡᠷ ᠠᠪᠴᠤ | ᠪᠠᠶᠢᠴᠠᠭᠠᠬᠤ ᠲᠥᠪ ᠤᠨ ᠬᠤᠷᠢᠨᠭᠡᠷ ᠰᠢᠶᠠᠨ ᠤ ᠬᠤᠪᠢᠶᠠᠷᠢ ᠲᠥᠪ᠂ ᠬᠤᠷᠢᠨᠭᠡᠷ ᠰᠢᠶᠠᠨ ᠤ ᠭᠠᠯ ᠤᠨᠲᠠᠷᠠᠭᠠᠵᠤ | ᠠᠪᠤᠷᠠᠨ ᠲᠤᠰᠠᠯᠠᠬᠤ ᠶᠡᠭᠡ ᠠᠩᠭᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ | ᠲᠣᠪᠴᠢᠶ᠎ᠠ ᠶᠢᠨ ᠬᠤᠷᠢᠨᠭᠡᠷ ᠰᠠᠯᠪᠤᠷᠢ ᠲᠣᠪᠴᠢᠶ᠎ᠠ᠂ ᠰᠢᠶᠠᠨ ᠳᠤ ᠰᠠᠭᠤᠭ᠎ᠠ ᠪᠤᠰᠤᠳ ᠪᠠᠩᠬᠢ᠂ ᠡᠯ᠎ᠡ ᠳᠠᠭᠠᠳᠬᠠᠯ ᠤᠨ | ᠺᠣᠮᠫᠠᠨᠢ ᠵᠢᠴᠢ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ᠃ | ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠭᠤᠤ ᠶᠦᠩ ᠸᠠᠩ ︵ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠰᠢᠶᠠᠨ ᠤ ᠳᠡᠳ᠋ | ᠳᠠᠷᠤᠭ᠎ᠠ︶᠄ ᠰᠢᠶᠠᠨ ᠤ ᠳᠠᠷᠤᠭ᠎ᠠ ᠶᠢ ᠬᠠᠮᠵᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ | ᠂ ᠬᠥᠯᠥᠰᠥᠨ ᠠᠵᠢᠯᠴᠢᠨ ᠤ ᠴᠠᠯᠢᠩ ᠤᠨ ᠥᠷᠢ ᠶᠢ ᠢᠯᠭᠠᠷᠠᠭᠤᠯᠬᠤ᠂ ᠰᠣᠶᠣᠯ᠂ ᠵᠢᠭᠤᠯᠴᠢᠯᠠᠯ ᠷᠠᠳᠢᠣ᠋ ᠲᠧᠯᠸᠢᠰ᠂ | ᠪᠡᠶ᠎ᠡ ᠶᠢᠨ ᠲᠠᠮᠢᠷ ᠵᠡᠷᠭᠡ ᠠᠵᠢᠯ ᠢ ᠬᠠᠷᠢᠭᠤᠴᠠᠨ᠎ᠠ︔ ᠸᠠᠩ ᠰᠢᠶᠤᠤ ᠮᠢᠩ ᠢ ᠬᠠᠪᠰᠤᠷᠤᠨ ᠪᠠᠶᠢᠩᠭᠤ ᠶᠢᠨ ᠰᠢᠶᠠᠨ ᠤ | ᠳᠡᠳ᠋ ᠳᠠᠷᠤᠭ᠎ᠠ ᠶᠢ ᠬᠠᠮᠵᠢᠨ ᠶᠡᠷᠦᠩᠬᠡᠶᠢᠯᠡᠭᠰᠡᠨ ᠠᠵᠤ ᠠᠬᠤᠶ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠴᠢᠬᠤᠯᠠ | ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠮᠤ ᠪᠤᠳᠠᠭ᠎ᠠ᠂ ᠡᠳ᠋ ᠤᠨ ᠵᠠᠰᠠᠭ᠂ ᠤᠯᠤᠰ ᠤᠨ ᠡᠳ᠋ | ᠬᠥᠷᠥᠩᠭᠡ᠂ ᠮᠥᠩᠭᠦᠨ ᠭᠦᠢᠯᠭᠡᠭᠡ᠂ ᠭᠠᠶᠢᠯᠢ ᠲᠠᠲᠠᠪᠤᠷᠢ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠪᠠᠯᠠ | ᠣᠷᠣᠭᠤᠯᠤᠯᠲᠠ ᠶᠢ ᠠᠬᠢᠭᠤᠯᠬᠤ᠂ ᠬᠤᠳᠠᠯᠳᠤᠭᠠᠨ ᠤ ᠶᠠᠪᠤᠳᠠᠯ᠂ ᠦᠢᠯᠡᠴᠢᠯᠡᠭᠡᠨ ᠤ ᠦᠢᠯᠡᠰ᠂ ᠲᠤᠭ᠎ᠠ ᠪᠦᠷᠢᠳᠬᠡᠯ | ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ | ᠬᠤᠪᠢᠳᠠᠨ ᠬᠠᠮᠢᠶᠠᠷᠬᠤ ᠨᠢ᠄ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ︵ᠲᠡᠤᠬᠡ ᠶᠢᠨ | ᠳᠤᠷᠠᠰᠬᠠᠯᠲᠤ ᠵᠦᠢᠯ ᠤᠨ ᠲᠣᠪᠴᠢᠶ᠎ᠠ︶᠃ | ᠬᠠᠷᠢᠯᠴᠠᠬᠤ ᠨᠢ᠄ ᠪᠠᠶᠢᠭᠤᠯᠤᠮᠵᠢ ᠶᠢᠨ ᠣᠷᠣᠨ ᠲᠣᠭᠠᠨ ᠤ ᠵᠥᠪᠯᠡᠯ ᠤᠨ ᠠᠯᠪᠠᠨ ᠭᠡᠷ᠂ ᠨᠠᠰᠤᠲᠠᠶᠢᠴᠤᠳ ᠤᠨ | ᠰᠣᠶᠣᠯ ᠪᠡᠶ᠎ᠡ ᠶᠢᠨ ᠲᠠᠮᠢᠷ ᠤᠨ ᠨᠡᠶᠢᠭᠡᠮᠯᠢᠭ᠂ ᠷᠠᠳᠢᠣ᠋ ᠨᠡᠪᠲᠡᠷᠡᠭᠦᠯᠭᠡ ᠲᠧᠯᠸᠢᠰ ᠤᠨ ᠲᠣᠤᠷ ᠰᠦᠯᠵᠢᠶᠡᠨ ᠤ ᠺᠣᠮᠫᠠᠨᠢ᠃ | | ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠸᠧᠶ ᠪᠢᠨ ︵ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠰᠢᠶᠠᠨ ᠤ ᠳᠡᠳ᠋ ᠳᠠᠷᠤᠭ᠎ᠠ︶᠄ | ᠰᠢᠶᠠᠨ ᠤ ᠳᠠᠷᠤᠭ᠎ᠠ ᠶᠢ ᠬᠠᠮᠵᠢᠨ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ᠂ ᠬᠤᠲᠠ ᠶᠢᠨ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ | ᠬᠤᠪᠢᠳᠠᠨ ᠬᠠᠮᠢᠶᠠᠷᠬᠤ ᠨᠢ᠄ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ | ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ︵ᠬᠤᠲᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ︶᠂ ᠬᠤᠷᠢᠨᠭᠡᠷ ᠰᠢᠶᠠᠨ ᠤ ᠱᠧᠩ ᠯᠧ ᠤᠯᠤᠰ ᠤᠨ | ᠥᠮᠴᠢᠯᠡᠯᠲᠦ ᠬᠥᠷᠥᠩᠭᠡ ᠶᠢᠨ ᠪᠠᠯᠠ ᠣᠷᠣᠭᠤᠯᠤᠯᠲᠠ ᠶᠢᠨ ᠡᠵᠡᠩᠨᠡᠯᠲᠡ ᠶᠢᠨ ᠬᠢᠵᠠᠭᠠᠷᠲᠤ ᠺᠣᠮᠫᠠᠨᠢ᠂ ᠬᠤᠷᠢᠨᠭᠡᠷ | ᠰᠢᠶᠠᠨ ᠤ ᠤᠰᠤ ᠬᠠᠩᠭᠠᠬᠤ ᠤᠰᠤ ᠵᠠᠯᠠᠬᠤ ᠬᠢᠵᠠᠭᠠᠷᠲᠤ ᠺᠣᠮᠫᠠᠨᠢ᠂ ᠶᠦᠨ ᠬᠥ᠋ ᠶᠡᠷᠦᠩᠬᠡᠶᠢᠯᠡᠭᠰᠡᠨ ᠦᠢᠯᠡᠴᠢᠯᠡᠭᠡᠨ ᠤ | ᠲᠥᠪ᠃ | ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠮᠠ ᠶᠦᠩ ᠬᠤᠸᠠ ︵ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠰᠢᠶᠠᠨ ᠤ ᠳᠡᠳ᠋ | ᠳᠠᠷᠤᠭ᠎ᠠ︶᠄ ᠪᠠᠶ ᠬᠤᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠢ ᠬᠠᠮᠵᠢᠨ ᠰᠢᠨ᠎ᠡ ᠨᠢᠰᠬᠡᠯ ᠤᠨ | ᠪᠠᠭᠤᠳᠠᠯ ᠤᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠢ ᠳᠡᠮᠵᠢᠬᠦ ᠶᠢ ᠬᠠᠷᠢᠭᠤᠴᠠᠨ᠎ᠠ᠃ | ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠯᠢᠦᠶ ᠶᠣᠣ ᠯᠦᠩ ︵ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠰᠢᠶᠠᠨ ᠤ ᠳᠡᠳ᠋ ᠳᠠᠷᠤᠭ᠎ᠠ | ︶᠄ ᠰᠢᠶᠠᠨ ᠤ ᠳᠠᠷᠤᠭ᠎ᠠ ᠶᠢ ᠬᠠᠮᠵᠢᠨ ᠰᠤᠷᠭᠠᠨ ᠬᠥᠮᠦᠵᠢᠯ᠂ ᠦᠨᠳᠦᠰᠦᠲᠡᠨ᠂ ᠵᠠᠮ ᠬᠠᠷᠢᠯᠴᠠᠭ᠎ᠠ ᠲᠡᠭᠡᠭᠡᠪᠦᠷᠢ᠂ | ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠮᠴᠢᠯᠡᠭᠡᠨ ᠤ ᠪᠠᠲᠤᠯᠠᠭ᠎ᠠ ᠵᠡᠷᠭᠡ ᠠᠵᠢᠯ ᠢ ᠬᠠᠷᠢᠭᠤᠴᠠᠨ᠎ᠠ᠃ | ᠬᠤᠪᠢᠳᠠᠨ ᠬᠠᠮᠢᠶᠠᠷᠬᠤ ᠨᠢ᠄ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ᠂ ᠦᠨᠳᠦᠰᠦᠲᠡᠨ ᠤ ᠬᠡᠷᠡᠭ | ᠶᠠᠪᠤᠳᠠᠯ ᠤᠨ ᠵᠥᠪᠯᠡᠯ ︵ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ︶᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︵ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ | ᠲᠣᠪᠴᠢᠶ᠎ᠠ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶ᠎ᠠ︶᠂ ᠡᠮᠴᠢᠯᠡᠭᠡᠨ ᠤ ᠪᠠᠲᠤᠯᠠᠭ᠎ᠠ ᠶᠢᠨ | ᠲᠣᠪᠴᠢᠶ᠎ᠠ᠃ | ᠬᠠᠷᠢᠯᠴᠠᠬᠤ ᠨᠢ᠄ ᠰᠢᠶᠠᠨ ᠤ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠣᠪᠴᠢᠶ᠎ᠠ᠃ | ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠯᠢ ᠯᠢ ︵ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠰᠢᠶᠠᠨ ᠤ ᠳᠡᠳ᠋ ᠳᠠᠷᠤᠭ᠎ᠠ︶᠄ | ᠰᠢᠶᠠᠨ ᠤ ᠳᠠᠷᠤᠭ᠎ᠠ ᠶᠢ ᠬᠠᠮᠵᠢᠨ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠵᠠᠬᠢᠳᠠᠯ ᠰᠤᠷᠪᠤᠯᠵᠢᠯᠠᠭ᠎ᠠ᠂ | ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠵᠡᠷᠭᠡ ᠠᠵᠢᠯ ᠢ ᠬᠠᠷᠢᠭᠤᠴᠠᠵᠤ᠂ ᠰᠢᠶᠠᠨ ᠤ ᠳᠣᠲᠣᠭᠠᠳᠤ ᠶᠢ | ᠬᠠᠮᠠᠭᠠᠯᠠᠬᠤ ᠲᠣᠪᠴᠢᠶᠠᠨ ᠤ ᠠᠵᠢᠯ ᠢ ᠡᠷᠬᠢᠯᠡᠨ᠎ᠡ᠃ | ᠬᠤᠪᠢᠳᠠᠨ ᠬᠠᠮᠢᠶᠠᠷᠬᠤ ᠨᠢ᠄ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ | ᠲᠣᠪᠴᠢᠶ᠎ᠠ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ᠃ | ᠬᠠᠷᠢᠯᠴᠠᠬᠤ ᠨᠢ᠄ ᠰᠢᠶᠠᠨ ᠤ ᠠᠷᠠᠳ ᠤᠨ ᠰᠢᠭᠦᠬᠦ ᠬᠤᠷᠢᠶ᠎ᠠ᠂ ᠰᠢᠶᠠᠨ ᠤ ᠠᠷᠠᠳ ᠤᠨ ᠪᠠᠶᠢᠴᠠᠭᠠᠬᠤ ᠬᠤᠷᠢᠶ᠎ᠠ | ᠂ ᠰᠢᠶᠠᠨ ᠤ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ᠂ ᠰᠢᠶᠠᠨ ᠤ ᠨᠢᠭᠤᠴᠠ ᠶᠢ ᠬᠠᠮᠠᠭᠠᠯᠠᠬᠤ | ᠨᠢᠭᠤᠴᠠ ᠴᠢᠬᠤᠯᠠ ᠲᠣᠪᠴᠢᠶ᠎ᠠ᠂ ᠰᠢᠶᠠᠨ ᠤ ᠨᠠᠮ ᠤᠨ ᠬᠤᠷᠢᠶ᠎ᠠ ᠶᠢᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ | ᠵᠠᠩᠭᠢᠵᠢᠯᠲᠠ ᠶᠢᠨ ᠭᠡᠰᠢᠭᠦᠨ ᠤ ᠠᠯᠪᠠᠨ ᠬᠡᠷ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠪᠠ ᠣᠶ ᠰᠢᠭᠤᠶ ᠶᠢᠨ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠶᠡᠭᠡ ᠠᠩᠭᠢ᠂ ᠵᠡᠪᠰᠡᠭᠲᠦ ᠴᠠᠭᠳᠠᠭ᠎ᠠ ᠶᠢᠨ ᠬᠥᠬᠡᠬᠤᠲᠠ ᠶᠢᠨ ᠰᠠᠯᠪᠤᠷᠢ ᠠᠩᠭᠢ ᠶᠢᠨ ᠵᠢᠵᠢᠭᠦᠷᠯᠡᠬᠦ | ᠳᠣᠯᠣᠳᠤᠭᠠᠷ ᠶᠡᠭᠡ ᠠᠩᠭᠢ ᠶᠢᠨ ᠬᠤᠷᠢᠨᠭᠡᠷ ᠳᠤᠮᠳᠠ ᠠᠩᠭᠢ᠃ | ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠵᠤᠤ ᠵᠢᠶᠠᠨ ᠴᠢᠩ ︵ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠰᠢᠶᠠᠨ ᠤ ᠳᠡᠳ᠋ ᠳᠠᠷᠤᠭ᠎ᠠ | ︶᠄ ᠰᠢᠶᠠᠨ ᠤ ᠳᠠᠷᠤᠭ᠎ᠠ ᠶᠢ ᠬᠠᠪᠰᠤᠷᠤᠨ ᠰᠢᠨᠵᠢᠯᠡᠬᠦ ᠤᠬᠠᠭᠠᠨ ᠮᠡᠷᠭᠡᠵᠢᠯ᠂ ᠠᠵᠤ ᠦᠢᠯᠡᠳᠪᠦᠷᠢ᠂ ᠠᠮᠢ ᠠᠬᠤᠢ ᠶᠢᠨ | ᠣᠷᠴᠢᠨ ᠲᠣᠭᠤᠷᠢᠨ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ | ᠬᠤᠪᠢᠳᠠᠨ ᠬᠠᠮᠢᠶᠠᠷᠬᠤ ᠨᠢ᠄ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠥᠬᠡᠬᠤᠲᠠ ᠶᠢᠨ ᠠᠮᠢ ᠠᠬᠤᠶ ᠶᠢᠨ ᠣᠷᠴᠢᠨ | ᠲᠣᠭᠤᠷᠢᠨ ᠤ ᠲᠣᠪᠴᠢᠶ᠎ᠠ ᠶᠢᠨ ᠬᠤᠷᠢᠨᠭᠡᠷ ᠰᠢᠶᠠᠨ ᠤ ᠬᠤᠪᠢᠶᠠᠷᠢ ᠲᠣᠪᠴᠢᠶ᠎ᠠ᠂ ᠬᠤᠷᠢᠨᠭᠡᠷ ᠰᠦ ᠶᠢᠨ ᠦᠢᠯᠡᠰ ᠤᠨ | ᠨᠡᠭᠡᠭᠡᠯᠲᠡ ᠶᠢᠨ ᠲᠣᠭᠤᠷᠢᠭ᠂ ᠥᠪᠥᠷ ᠮᠣᠩᠭᠤᠯ ᠤᠨ ᠾᠧ ᠱᠧᠩ ᠬᠥᠭᠵᠢᠭᠦᠯᠦᠯᠲᠡ ᠶᠢᠨ ᠪᠡᠯᠡ | ᠣᠷᠣᠭᠤᠯᠤᠯᠲᠠ ᠶᠢᠨ ᠬᠢᠵᠠᠭᠠᠷᠲᠤ ᠺᠣᠮᠫᠠᠨᠢ᠃ | ᠬᠠᠷᠢᠯᠴᠠᠬᠤ ᠨᠢ᠄ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠦᠢᠯᠡᠳᠪᠦᠷᠢ | ᠬᠤᠳᠠᠯᠳᠤᠭᠠᠨ ᠤ ᠬᠤᠯᠪᠣᠭᠠᠲᠤ ᠬᠤᠷᠠᠯ᠂ ᠠᠵᠢᠯᠴᠢᠨ ᠤ ᠶᠡᠷᠦᠩᠬᠡᠢ ᠡᠪᠯᠡᠯ᠂ ᠨᠠᠪᠴᠢᠨ ᠲᠠᠮᠠᠬᠢ ᠶᠢᠨ ᠲᠤᠰᠬᠠᠢ | ᠬᠤᠳᠠᠯᠳᠤᠭᠠᠨ ᠤ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ᠪᠠ ᠤᠢ ᠰᠢᠭᠤᠢ ᠶᠢᠨ ᠴᠠᠬᠢᠯᠭᠠᠨ | ᠬᠠᠩᠭᠠᠬᠤ ᠬᠤᠪᠢᠶᠠᠷᠢ ᠺᠣᠮᠫᠠᠨᠢ᠂ ᠴᠢᠯᠠᠭᠤᠨ ᠲᠣᠰᠣᠨ ᠤ ᠺᠣᠮᠫᠠᠨᠢ᠂ ᠳᠤᠮᠳᠠᠳᠤ ᠤᠯᠤᠰ ᠤᠨ ᠰᠢᠯᠵᠢᠮᠡᠯ | ᠬᠤᠯᠪᠣᠭ᠎ᠠ ᠶᠢᠨ ᠬᠤᠷᠢᠨᠭᠡᠷ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠬᠤᠷᠢᠨᠭᠡᠷ | ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠬᠤᠷᠢᠨᠭᠡᠷ ᠬᠤᠪᠢᠶᠠᠷᠢ ᠺᠣᠮᠫᠠᠨᠢ᠃ | ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠰᠢᠤᠢ ᠫᠧᠩ ︵ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠰᠢᠶᠠᠨ ᠤ ᠳᠡᠳ᠋ ᠳᠠᠷᠤᠭ᠎ᠠ︶᠄ | ᠰᠢᠶᠠᠨ ᠤ ᠳᠠᠷᠤᠭ᠎ᠠ ᠶᠢ ᠬᠠᠮᠵᠢᠨ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ᠂ ᠤᠰᠤᠨ ᠠᠰᠢᠭᠯᠠᠯᠲᠠ᠂ | ᠣᠶ ᠰᠢᠭᠤᠶ ᠪᠠ ᠨᠤᠲᠤᠭ ᠪᠡᠯᠴᠢᠭᠡᠷ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠵᠠᠰᠠᠭ ᠤᠨ ᠶᠠᠪᠤᠳᠠᠯ ᠤᠨ | ᠦᠢᠯᠡᠴᠢᠯᠡᠭᠡ᠂ ᠲᠣᠮᠣ ᠳ᠋ᠠᠶᠢᠲ᠋ᠠ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ | ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠶ ᠰᠢᠢᠳᠪᠦᠷᠢᠯᠡᠬᠦ᠂ ᠬᠠᠩᠭᠠᠨ ᠪᠣᠷᠣᠯᠠᠭᠤᠯᠬᠤ ᠵᠡᠷᠭᠡ ᠲᠠᠯ᠎ᠠ ᠶᠢᠨ ᠠᠵᠢᠯ ᠢ | ᠬᠠᠷᠢᠭᠤᠴᠠᠨ᠎ᠠ᠃ | ᠬᠤᠪᠢᠳᠠᠨ ᠬᠠᠮᠢᠶᠠᠷᠬᠤ ᠨᠢ᠄ ᠰᠢᠶᠠᠨ ᠤ ᠤᠰᠤᠨ ᠤ ᠶᠠᠪᠤᠳᠠᠯ ᠤᠨ ᠲᠣᠪᠴᠢᠶ᠎ᠠ᠂ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠣᠶ ᠰᠢᠭᠤᠶ ᠪᠠ | ᠨᠤᠲᠤᠭ ᠪᠡᠯᠴᠢᠭᠡᠷ ᠤᠨ ᠲᠣᠪᠴᠢᠶ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ | ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠵᠠᠭᠠᠯᠳᠤᠯᠭ᠎ᠠ ᠶᠢ ᠭᠥᠯᠢᠶᠡᠨ | ᠠᠪᠤᠪᠠᠯ ᠳᠠᠷᠤᠶ ᠰᠢᠢᠳᠪᠦᠷᠢᠯᠡᠬᠦ ᠶᠢ ᠵᠢᠯᠣᠭᠤᠳᠤᠨ ᠳᠣᠭᠢᠷᠠᠭᠤᠯᠬᠤ ᠲᠥᠪ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ | ᠬᠤᠯᠪᠣᠭᠠᠲᠤ ᠬᠤᠷᠰᠢᠶ᠎ᠠ᠂ ᠬᠤᠷᠢᠨᠭᠡᠷ ᠰᠢᠶᠠᠨ ᠤ ᠲᠠᠷᠢᠶᠠᠯᠠᠩ ᠤᠨ ᠬᠥᠭᠵᠢᠭᠦᠯᠦᠯᠲᠡ ᠶᠢᠨ ᠬᠠᠮᠲᠤ ᠶᠢᠨ ᠭᠠᠵᠠᠷ | ᠰᠢᠷᠣᠶ ᠶᠢᠨ ᠡᠵᠡᠩᠨᠡᠯᠲᠡ ᠶᠢᠨ ᠬᠢᠵᠠᠭᠠᠷᠲᠤ ᠺᠣᠮᠫᠠᠨᠢ᠃ | ᠬᠠᠷᠢᠯᠴᠠᠬᠤ ᠨᠢ᠄ ᠰᠢᠶᠠᠨ ᠤ ᠴᠠᠭ ᠠᠭᠤᠷ ᠤᠨ ᠲᠣᠪᠴᠢᠶ᠎ᠠ᠂ ᠬᠤᠪᠢᠰᠬᠠᠯ ᠤᠨ ᠬᠠᠭᠤᠴᠢᠨ ᠰᠠᠭᠤᠷᠢᠨ | ᠭᠠᠵᠠᠷ ᠢ ᠠᠬᠢᠭᠤᠯᠬᠤ ᠬᠤᠷᠠᠯ᠃ | ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠪᠠᠶ ᠬᠤᠤ ︵ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ︶᠄ ᠰᠢᠶᠠᠨ ᠤ ᠳᠠᠷᠤᠭ᠎ᠠ ᠶᠢ | ᠬᠠᠮᠵᠢᠨ ᠠᠷᠠᠳ ᠤᠨ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠴᠡᠷᠢᠭ ᠠᠴᠠ ᠬᠠᠯᠠᠭᠳᠠᠭᠰᠠᠳ ᠤᠨ | ᠶᠠᠪᠤᠳᠠᠯ᠂ ᠲᠠᠩᠰᠠ ᠡᠪᠬᠡᠮᠡᠯ ᠲᠡᠤᠬᠡ ᠣᠶᠢᠯᠠᠯᠭ᠎ᠠ᠂ ᠰᠢᠨ᠎ᠡ ᠨᠢᠰᠬᠡᠯ ᠤᠨ ᠪᠠᠭᠤᠳᠠᠯ ᠤᠨ ᠪᠥᠲᠥᠭᠡᠨ | ᠪᠠᠶᠢᠭᠤᠯᠤᠯᠲᠠ ᠶᠢ ᠳᠡᠮᠵᠢᠬᠦ ᠵᠡᠷᠭᠡ ᠠᠵᠢᠯ ᠢ ᠬᠠᠷᠢᠭᠤᠴᠠᠨ᠎ᠠ᠃ | ᠬᠤᠪᠢᠳᠠᠨ ᠬᠠᠮᠢᠶᠠᠷᠬᠤ ᠨᠢ᠄ ᠠᠷᠠᠳ ᠤᠨ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠂ | ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠰᠢᠨ᠎ᠡ ᠨᠢᠰᠬᠡᠯ ᠤᠨ ᠪᠠᠭᠤᠳᠠᠯ ᠤᠨ ᠪᠥᠲᠥᠭᠡᠨ | ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ᠃ | ᠬᠠᠷᠢᠯᠴᠠᠬᠤ ᠨᠢ᠄ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠳᠠᠩᠰᠠ ᠡᠪᠬᠡᠮᠡᠯ ᠤᠨ ᠣᠷᠳᠣᠨ | ᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠷᠢᠨᠭᠡᠷ ᠰᠢᠶᠠᠨ ᠤ ᠬᠤᠷᠢᠶ᠎ᠠ᠂ ᠡᠮᠡᠭᠲᠡᠶᠢᠴᠦᠳ ᠤᠨ ᠬᠤᠯᠪᠣᠭᠠᠲᠤ | ᠬᠤᠷᠠᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠵᠡᠮᠳᠡᠭᠴᠦᠳ ᠤᠨ ᠬᠤᠯᠪᠣᠭᠠᠲᠤ ᠬᠤᠷᠠᠯ᠂ ᠬᠤᠶᠢᠴᠢ | ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ᠂ ᠤᠳᠬ᠎ᠠ ᠵᠣᠬᠢᠶᠠᠯ ᠤᠷᠠᠯᠢᠭ ᠤᠨ ᠬᠤᠯᠪᠣᠭᠠᠲᠤ ᠬᠤᠷᠠᠯ᠂ | ᠰᠢᠦᠳᠠᠨ ᠤ ᠺᠣᠮᠫᠠᠨᠢ᠂ ᠰᠢᠨᠬᠤᠸᠠ ᠨᠣᠮ ᠤᠨ ᠳᠡᠯᠭᠡᠭᠦᠷ᠃ | ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠸᠠᠩ ᡁᠢ ᠬᠤᠩ ︵ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠵᠠᠰᠠᠭ ᠤᠨ ᠣᠷᠳᠣᠨ ᠤ | ᠠᠯᠪᠠᠨ ᠭᠡᠷ ᠤᠨ ᠡᠷᠬᠢᠯᠡᠭᠴᠢ︶᠄ ᠰᠢᠶᠠᠨ ᠤ ᠳᠠᠷᠤᠭ᠎ᠠ ᠶᠢ ᠬᠠᠮᠵᠢᠨ ᠰᠢᠶᠠᠨ ᠤ ᠵᠠᠰᠠᠭ ᠤᠨ ᠣᠷᠳᠣᠨ ᠤ | ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠰᠢᠢᠳᠪᠦᠷᠢᠯᠡᠵᠦ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠭᠡᠷ ᠤᠨ ᠠᠵᠢᠯ ᠢ ᠡᠷᠬᠢᠯᠡᠨ᠎ᠡ᠃ | ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠠᠵᠢᠯ ᠤᠨ ᠵᠣᠯᠭᠠᠯᠳᠤᠯ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠰᠢᠶᠠᠨ ᠤ | ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠡᠰᠡᠭ ᠪᠦᠷᠢᠯᠳᠦᠬᠦᠨ᠂ ᠰᠢᠶᠠᠨ ᠤ | ᠳᠡᠳ᠋ ᠳᠠᠷᠤᠭ᠎ᠠ ᠶᠢᠨ ᠬᠤᠭᠤᠷᠣᠨᠳᠣ A᠂ B ᠠᠵᠢᠯ ᠤᠨ ᠪᠠᠶᠢᠷᠢ ᠶᠢᠨ ᠠᠵᠢᠯ ᠤᠨ ᠲᠣᠭᠲᠠᠴᠠ ᠶᠢ ᠬᠡᠷᠡᠭᠵᠢᠭᠦᠯᠪᠡ᠃ | ᠸᠠᠩ ᠰᠢᠶᠤᠤ ᠮᠢᠩ ᠨᠥᠬᠦᠷ᠂ ᠭᠤᠤ ᠶᠦᠩ ᠸᠠᠩ ᠨᠥᠬᠦᠷ ᠬᠠᠷᠢᠯᠴᠠᠨ A᠂ B ᠠᠵᠢᠯ ᠤᠨ ᠪᠠᠶᠢᠷᠢ ᠶᠢ | ᠡᠭᠦᠷᠭᠡᠯᠡᠵᠦ ᠪᠤᠢ︔ ᠸᠧᠢ ᠪᠢᠨ ᠨᠥᠬᠦᠷ᠂ ᠯᠢᠦᠢ ᠶᠣᠣ ᠯᠦᠩ ᠨᠥᠬᠦᠷ ᠬᠠᠷᠢᠯᠴᠠᠨ A᠂ B ᠠᠵᠢᠯ ᠤᠨ ᠪᠠᠶᠢᠷᠢ ᠶᠢ | ᠡᠭᠦᠷᠭᠡᠯᠡᠵᠦ ᠪᠤᠢ︔ ᠯᠢ ᠯᠢ ᠨᠥᠬᠦᠷ᠂ ᠰᠢᠤᠢ ᠫᠧᠩ ᠨᠥᠬᠦᠷ ᠬᠠᠷᠢᠯᠴᠠᠨ A᠂ B ᠠᠵᠢᠯ ᠤᠨ ᠪᠠᠶᠢᠷᠢ ᠶᠢ | ᠬᠠᠷᠢᠭᠤᠴᠠᠵᠤ ᠪᠤᠢ︔ ᠵᠤᠤ ᠵᠢᠶᠠᠨ ᠴᠢᠩ ᠨᠥᠬᠦᠷ᠂ ᠪᠠᠢ ᠬᠤᠤ ᠨᠥᠬᠦᠷ ᠬᠠᠷᠢᠯᠴᠠᠨ A᠂ B ᠠᠵᠢᠯ ᠤᠨ ᠪᠠᠶᠢᠷᠢ | ᠪᠣᠯᠤᠨ᠎ᠠ᠃ ᠬᠠᠷᠢᠯᠴᠠᠨ AB ᠠᠵᠢᠯ ᠤᠨ ᠪᠠᠶᠢᠷᠢ ᠲᠠᠢ ᠤᠳᠤᠷᠢᠳᠬᠤ ᠨᠥᠬᠦᠳ᠂ ᠨᠢᠭᠡ ᠨᠢ ᠭᠠᠳᠠᠭᠰᠢ ᠭᠠᠷᠬᠤ | ᠬᠤᠭᠤᠴᠠᠭᠠᠨ ᠳᠤ᠂ ᠨᠥᠭᠦᠭᠡ ᠨᠢᠭᠡ ᠨᠢ ᠵᠠᠰᠠᠭ ᠤᠨ ᠶᠠᠪᠤᠳᠠᠯ ᠤᠨ ᠠᠵᠢᠯᠯᠠᠭ᠎ᠠ ᠶᠢᠨ ᠡᠭᠦᠷᠭᠡ ᠬᠠᠷᠢᠭᠤᠴᠠᠯᠭ᠎ᠠ ᠶᠢ | ᠣᠷᠣᠯᠠᠨ ᠭᠦᠢᠴᠡᠳᠬᠡᠨ᠎ᠡ᠃ ᠪᠠᠴᠢᠮ ᠪᠠᠶᠢᠳᠠᠯ ᠢ ᠠᠷᠭᠠᠴᠠᠭᠠᠬᠤ ᠪᠠᠶᠢᠳᠠᠯ ᠳᠣᠣᠷ᠎ᠠ᠂ ᠰᠢᠶᠠᠨ ᠤ ᠠᠷᠠᠳ ᠤᠨ | ᠵᠠᠰᠠᠭ ᠤᠨ ᠣᠷᠳᠣᠨ ᠤ ᠭᠤᠣᠯ ᠤᠳᠤᠷᠢᠳᠬᠤ ᠨᠥᠬᠦᠳ ᠤᠨ ᠱᠠᠭᠠᠷᠳᠠᠯᠭ᠎ᠠ ᠶᠣᠰᠣᠭᠠᠷ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠨ᠎ᠡ᠃ | | ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ | 2024 ᠣᠨ ᠤ 8 ᠰᠠᠷ᠎ᠠ ᠶᠢᠨ 2 ᠤᠨ ᠡᠳᠦᠷ | | ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ |