ᠬᠤᠷᠢᠨᠭᠡᠷ ᠰᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠲᠤᠰᠬᠠᠶ ᠭᠠᠯ ᠰᠡᠷᠭᠡᠶᠢᠯᠡᠬᠦ ᠠᠩᠭᠢ 2024 ᠣᠨ ᠤ ᠪᠥᠬᠦ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠰᠣᠷᠢᠯᠲᠠ ᠳᠤ ᠣᠷᠣᠯᠴᠠᠪᠠ
ᠨᠡᠶᠢᠲᠡᠯᠡᠭᠰᠡᠨ ᠴᠠᠭ᠄
2024/9/14
     ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠰᠢᠨ᠎ᠡ ᠪᠠᠶᠢᠳᠠᠯ ᠳᠣᠤᠷᠠᠬᠢ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠰᠠᠨᠠᠯ︾ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠮᠠᠨ ᠤ ᠰᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ 9 ᠳ᠋ᠦ᠋ᠭᠡᠷ ᠰᠠᠷ᠎ᠠ ᠶᠢᠨ 13 ᠤ ᠡᠳᠦᠷ ᠤᠨ ᠦᠳᠡ ᠶᠢᠨ ᠬᠤᠶᠢᠨ᠎ᠠ᠂ ᠬᠥᠬᠡᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠬᠡᠷ 2024 ᠣᠨ ᠤ ᠪᠥᠬᠦ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠠᠶᠢᠯᠳᠤᠭᠠᠨ ᠤ ᠰᠣᠷᠢᠯᠲᠠ ᠬᠢᠵᠦ᠂ ᠬᠤᠷᠢᠨᠭᠡᠷ ᠰᠢᠶᠠᠨ ᠤ ᠲᠤᠰᠬᠠᠶ ᠭᠠᠯ ᠰᠡᠷᠭᠡᠶᠢᠯᠡᠨ ᠤᠨᠲᠠᠷᠠᠭᠠᠬᠤ ᠠᠩᠭᠢ ᠶᠢᠨ ᠭᠡᠰᠢᠭᠦᠳ ᠰᠣᠷᠢᠯᠲᠠ ᠳᠤ ᠣᠷᠣᠯᠴᠠᠪᠠ᠃      ᠰᠣᠷᠢᠯᠲᠠ ᠶᠢᠨ ᠳᠤᠮᠳᠠ᠂ ᠵᠢᠯᠤᠭᠤᠳᠤᠭᠴᠢ ᠶᠢᠨ ᠵᠠᠷᠯᠢᠭ ᠪᠠᠭᠤᠬᠤ ᠶᠢ ᠳᠠᠭᠠᠯᠳᠤᠨ᠂ ᠵᠢᠯᠤᠭᠤᠳᠤᠭᠴᠢ ᠪᠠᠶᠢᠯᠳᠤᠭᠴᠢᠳ ᠲᠡᠷᠡ ᠳᠠᠷᠤᠢ ᠳᠤᠨᠢ ᠪᠠᠶᠢᠯᠳᠤᠭᠠᠨ ᠳᠤ ᠣᠷᠣᠯᠴᠠᠵᠤ᠂ ᠰᠠᠯᠬᠢᠨ ᠬᠦᠴᠦᠨ ᠤ ᠭᠠᠯ ᠤᠨᠲᠠᠷᠠᠭᠠᠬᠤ ᠮᠠᠰᠢᠨ᠂ ᠤᠰᠤᠨ ᠬᠥᠭᠡᠷᠭᠡ᠂ ᠬᠤᠶᠠᠳᠤᠭᠠᠷ ᠪᠠᠭᠠᠵᠢ ᠵᠡᠷᠭᠡ ᠶᠢ ᠠᠰᠢᠭᠯᠠᠨ᠂ ᠰᠢᠪᠲᠤᠯᠤᠯᠲᠠ ᠶᠢᠨ ᠴᠡᠭ ᠢᠶᠠᠨ ᠦᠳᠲᠡᠷ ᠲᠦᠷᠭᠡᠨ ᠨᠡᠭᠡᠭᠡᠵᠦ᠂ ᠭᠠᠯ ᠤᠨᠲᠠᠷᠠᠭᠠᠬᠤ ᠱᠤᠭᠤᠮ ᠢ ᠨᠢᠭᠡ ᠬᠤᠶᠠᠷ ᠬᠤᠪᠢᠶᠠᠬᠤ ᠶᠢᠨ ᠬᠠᠮᠲᠤ ᠭᠠᠯ ᠤᠨᠲᠠᠷᠠᠭᠠᠬᠤ ᠳᠤ ᠪᠠᠶᠢᠩᠭᠤ ᠬᠡᠷᠡᠭᠯᠡᠬᠦ ᠪᠠᠶᠢᠯᠳᠤᠭᠠᠨ ᠤ ᠠᠷᠭ᠎ᠠ ᠶᠢ ᠪᠣᠯᠪᠠᠰᠤᠷᠠᠩᠭᠤᠶ ᠬᠡᠷᠡᠭᠯᠡᠵᠦ᠂ ᠭᠠᠯ ᠤᠨ ᠠᠶᠤᠯ ᠠᠴᠠ ᠠᠪᠤᠷᠠᠵᠤ᠂ ᠲᠤᠰᠬᠠᠶ ᠭᠠᠯ ᠤᠨᠲᠠᠷᠠᠭᠠᠬᠤ ᠠᠩᠭᠢ ᠶᠢᠨ ᠪᠣᠳᠠᠲᠤ ᠪᠠᠶᠢᠯᠳᠤᠭᠠᠨ ᠤ ᠴᠢᠳᠠᠪᠤᠷᠢ ᠶᠢ ᠭᠦᠢᠴᠡᠳ ᠢᠯᠡᠷᠡᠭᠦᠯᠪᠡ᠃ ᠪᠦᠬᠦ᠋ᠢᠯᠡ ᠰᠣᠷᠢᠯᠲᠠ ᠶᠢᠨ ᠶᠠᠪᠤᠴᠠ ᠨᠢ ᠪᠠᠴᠢᠮ ᠪᠥᠭᠡᠳ ᠡᠮᠬᠢ ᠵᠢᠷᠤᠮ ᠲᠠᠢ ᠪᠠᠶᠢᠵᠤ᠂ ᠡᠩᠨᠡᠭᠡᠨ ᠤ ᠴᠤᠭᠯᠠᠷᠠᠯ ᠨᠢ ᠲᠦᠷᠭᠡᠨ᠂ ᠬᠠᠮᠵᠢᠯᠴᠠᠭ᠎ᠠ ᠨᠢᠭᠲᠠ ᠪᠠᠶᠢᠵᠤ᠂ ᠣᠶ ᠰᠢᠭᠤᠶ ᠶᠢᠨ ᠭᠠᠯ ᠤᠨ ᠠᠶᠤᠯ ᠭᠠᠷᠤᠭᠰᠠᠨ ᠤ ᠳᠠᠷᠠᠭ᠎ᠠ ᠬᠠᠮᠤᠭ ᠤᠨ ᠲᠦᠷᠭᠡᠨ ᠬᠤᠷᠳᠤᠴᠠ᠂ ᠬᠠᠮᠤᠭ ᠤᠨ ᠣᠬᠤᠷ ᠴᠠᠭ᠂ ᠬᠠᠮᠤᠭ ᠤᠨ ᠪᠦᠲᠦᠮᠵᠢᠲᠡᠶ ᠠᠷᠭ᠎ᠠ ᠬᠡᠮᠵᠢᠶ᠎ᠡ ᠪᠠᠷ ᠤᠨᠲᠠᠷᠠᠭᠠᠬᠤ ᠶᠢ ᠦᠨᠡᠨ ᠬᠦ ᠪᠠᠲᠤᠯᠠᠵᠤ᠂ ︽ᠡᠷᠲᠡ ᠤᠨᠲᠠᠷᠠᠭᠠᠬᠤ᠂ ᠪᠠᠭ᠎ᠠ ᠳᠡᠭᠡᠷ᠎ᠡ ᠨᠢ ᠤᠨᠲᠠᠷᠠᠭᠠᠬᠤ᠂ ᠲᠦᠢᠯᠪᠤᠷᠢᠳᠠᠢ ᠤᠨᠲᠠᠷᠠᠭᠠᠬᠤ︾ ᠵᠠᠷᠴᠢᠮ ᠢ ᠪᠡᠶᠡᠯᠡᠭᠦᠯᠵᠦ᠂ ᠣᠶ ᠰᠢᠭᠤᠶ ᠶᠢᠨ ᠭᠠᠯ ᠤᠨ ᠠᠶᠤᠯ ᠤᠨ ᠬᠤᠬᠢᠷᠠᠯ ᠤᠨ ᠬᠡᠮᠵᠢᠶ᠎ᠡ ᠶᠢ ᠦᠨᠡᠨ ᠬᠦ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠤᠨ᠎ᠠ᠃      ᠲᠣᠰ ᠤᠳᠠᠭᠠᠨ ᠤ ᠰᠣᠷᠢᠯᠲᠠ ᠪᠣᠯ ᠨᠢᠭᠡ ᠤᠳᠠᠭᠠᠨ ᠤ ᠬᠤᠷ᠎ᠠ ᠠᠴᠠ ᠡᠮᠦᠨᠡᠬᠢ ᠪᠡᠯᠡᠳᠬᠡᠯ ᠮᠥᠨ᠂ ᠨᠠᠩ ᠴᠤ ᠨᠢᠭᠡ ᠤᠳᠠᠭᠠᠨ ᠤ ᠰᠢᠯᠭᠠᠯᠲᠠ ᠮᠥᠨ᠂ ᠭᠠᠯ ᠤᠨᠲᠠᠷᠠᠭᠠᠬᠤ ᠲᠣᠨᠤᠭ ᠲᠥᠬᠦᠭᠡᠷᠦᠮᠵᠢ ᠶᠢ ᠳᠡᠯᠭᠡᠨ ᠦᠵᠡᠭᠦᠯᠬᠦ ᠵᠢᠴᠢ ᠭᠠᠯ ᠤᠨ ᠠᠶᠤᠯ ᠢ ᠰᠢᠢᠳᠪᠦᠷᠢᠯᠡᠬᠦ ᠶᠠᠪᠤᠴᠠ ᠳᠠᠬᠢ ᠭᠠᠯ ᠤᠨ ᠠᠶᠤᠯ ᠢ ᠮᠡᠳᠡᠭᠦᠯᠬᠦ᠂ ᠪᠠᠴᠢᠮ ᠪᠠᠶᠢᠳᠠᠯ ᠢ ᠠᠷᠭᠠᠴᠠᠬᠤ᠂ ᠭᠠᠯ ᠤᠨᠲᠠᠷᠠᠭᠠᠬᠤ ᠬᠦᠴᠦᠨ ᠢ ᠲᠥᠪᠯᠡᠷᠡᠭᠦᠯᠬᠦ᠂ ᠲᠤᠬᠠᠶ ᠶᠢᠨ ᠲᠠᠯᠠᠪᠤᠷ ᠲᠤ ᠭᠠᠯ ᠤᠨᠲᠠᠷᠠᠭᠠᠬᠤ ᠪᠠ ᠲᠤᠬᠠᠶ ᠶᠢᠨ ᠲᠠᠯᠠᠪᠠᠶ ᠶᠢ ᠴᠡᠪᠡᠷᠯᠡᠬᠦ ᠵᠡᠷᠭᠡ ᠭᠤᠭᠴᠤᠭ᠎ᠠ ᠳᠤ ᠶᠡᠷᠦᠩᠬᠡᠶᠢᠯᠡᠭᠰᠡᠨ ᠪᠣᠳᠠᠲᠤ ᠪᠠᠶᠢᠯᠳᠤᠭᠠᠨ ᠤ ᠰᠣᠷᠢᠯᠲᠠ ᠬᠢᠬᠦ᠂ ᠠᠪᠤᠷᠠᠨ ᠲᠤᠰᠠᠯᠠᠬᠤ ᠡᠩᠨᠡᠭᠡ ᠶᠢ ᠪᠦᠲᠦᠮᠵᠢᠲᠡᠶ ᠪᠣᠯᠪᠠᠰᠤᠷᠠᠭᠤᠯᠬᠤ ᠪᠠ ᠰᠢᠯᠭᠠᠨ ᠪᠠᠶᠢᠴᠠᠭᠠᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠢᠢᠳᠪᠦᠷᠢᠯᠡᠬᠦ ᠶᠠᠪᠤᠴᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠡᠩᠨᠡᠭᠡᠨ ᠤ ᠲᠦᠷᠭᠡᠨ ᠲᠤᠰᠬᠠᠬᠤ᠂ ᠪᠦᠯᠬᠦᠮᠳᠡᠨ ᠬᠠᠮᠵᠢᠯᠴᠠᠬᠤ ᠵᠢᠴᠢ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠡᠯ᠎ᠡ ᠲᠠᠯ᠎ᠠ ᠶᠢᠨ ᠴᠢᠳᠠᠪᠤᠷᠢ ᠶᠢ ᠴᠢᠩᠭᠠᠷᠠᠭᠤᠯᠵᠤ᠂ ᠪᠥᠬᠦ ᠰᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠦᠨᠡᠨ ᠬᠦ ᠰᠠᠶᠢᠲᠤᠷ ᠬᠢᠵᠦ᠂ ᠣᠶ ᠰᠢᠭᠤᠶ ᠶᠢᠨ ᠭᠠᠯ ᠤᠨᠲᠠᠷᠠᠭᠠᠬᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠪᠠ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠲᠦᠮᠵᠢᠲᠡᠶ ᠬᠠᠮᠠᠭᠠᠯᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃    
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号