ᠬᠤᠷᠢᠨᠭᠡᠷ ᠰᠢᠶᠠᠨ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/25
     9 ᠰᠠᠷ᠎ᠠ ᠶᠢᠨ 19 ᠤ ᠡᠳᠦᠷ᠂ ᠰᠢᠶᠠᠨ ᠤ ᠳᠡᠳ᠋ ᠳᠠᠷᠤᠭ᠎ᠠ ᠶᠢᠨ ᠨᠡᠷ᠎ᠡ ᠳᠤᠷᠠᠳᠤᠭᠳᠠᠭᠴᠢ ᠬᠤ᠋ ᠵᠢᠩ ᠪᠥᠬᠦ ᠰᠢᠶᠠᠨ ᠤ ᠠᠵᠤ ᠠᠬᠤᠶ ᠶᠢᠨ ᠠᠵᠢᠯᠯᠠᠭᠠᠨ ᠤ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠰᠢᠶᠠᠨ ᠤ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠵᠤ᠂ ᠲᠠᠷᠠᠭᠠᠴᠢ ᠶᠢᠨ ᠱᠠᠲᠤᠨ ᠤ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠠᠴᠠ᠂ ᠡᠯ᠎ᠡ ᠨᠢᠭᠡᠴᠡ ᠶᠢᠨ ᠬᠢᠨ ᠣᠳᠣᠬᠠᠨ ᠤ ᠪᠠᠶᠢᠳᠠᠯ ᠢ ᠭᠦᠢᠴᠡᠳ ᠲᠠᠨᠢᠵᠤ᠂ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠬᠤ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠭᠦᠨᠵᠡᠭᠡᠢ ᠡᠷᠢᠵᠦ᠂ ᠠᠵᠤ ᠠᠬᠤᠢ ᠶᠢᠨ ᠲᠣᠭᠲᠠᠭᠤᠨ ᠢᠶᠠᠷ ᠨᠡᠮᠡᠭᠳᠡᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃      ᠬᠤᠷᠠᠯ ᠠᠴᠠ᠂ ᠡᠯ᠎ᠡ ᠨᠢᠭᠡᠴᠡ ᠶᠢᠨ ᠬᠢᠨ ᠪᠦᠬᠦ ᠵᠢᠯ ᠤᠨ ᠬᠠᠷᠠᠯᠲᠠ ᠡᠭᠦᠷᠭᠡ ᠪᠠᠨ ᠲᠣᠭᠲᠠᠭᠠᠵᠤ᠂ ᠠᠵᠢᠯ ᠤᠨ ᠦᠷ᠎ᠡ ᠪᠦᠲᠦᠮᠵᠢ ᠪᠠᠨ ᠦᠨᠡᠨ ᠬᠦ ᠳᠡᠭᠡᠭᠰᠢᠯᠡᠭᠦᠯᠵᠦ᠂ ᠠᠵᠢᠯ ᠤᠨ ᠠᠶᠢᠵᠠᠮ ᠢᠶᠠᠨ ᠲᠦᠷᠭᠡᠳᠬᠡᠵᠦ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠳᠦᠭᠦᠷᠡᠩ ᠦᠢᠯᠡᠳᠪᠦᠷᠢᠯᠡᠯ ᠦᠷ᠎ᠡ ᠪᠦᠲᠦᠮᠵᠢ ᠤᠯᠬᠤ ᠶᠢ ᠲᠦᠷᠭᠡᠳᠬᠡᠨ ᠠᠬᠢᠭᠤᠯᠵᠤ᠂ ᠪᠦᠲᠦᠮᠵᠢᠲᠡᠢ ᠪᠡᠯᠡ ᠣᠷᠣᠭᠤᠯᠤᠯᠲᠠ ᠶᠢ ᠲᠠᠰᠤᠷᠠᠯᠲᠠ ᠦᠭᠡᠢ ᠥᠷᠭᠡᠳᠬᠡᠵᠦ᠂ ᠬᠡᠷᠡᠭᠯᠡᠭᠡᠨ ᠤ ᠳᠠᠯᠳᠠ ᠬᠦᠴᠦᠨ ᠢ ᠪᠦᠲᠦᠮᠵᠢᠲᠡᠢ ᠬᠥᠭᠵᠢᠭᠡᠵᠦ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠡᠷᠡᠰ ᠭᠤᠶᠢᠪᠢᠰᠢ ᠦᠭᠡᠢ ᠰᠠᠶᠢᠲᠤᠷ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃    
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号