ᠰᠢᠶᠠᠨ ᠤ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠶᠢ ᠡᠷᠭᠢᠯᠡᠵᠦ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2025/4/14
     4 ᠰᠠᠷ᠎ᠠ ᠶᠢᠨ 2 ᠤᠨ ᠡᠳᠦᠷ ᠠᠴᠠ 3 ᠤ ᠡᠳᠦᠷ ᠪᠣᠯᠲᠠᠯ᠎ᠠ᠂ ᠰᠢᠶᠠᠨ ᠤ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠵᠦ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠪᠠ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠵᠤ᠂ ᠪᠥᠬᠦ ᠰᠢᠶᠠᠨ ᠤ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠵᠢᠱᠢᠶ᠎ᠡ ᠦᠵᠡᠭᠦᠯᠦᠨ ᠳᠠᠶᠢᠴᠢᠯᠠᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠯᠢ ᠯᠢᠦ ᠰᠢᠶᠤᠤ ᠬᠤᠷᠠᠯ ᠡᠷᠭᠢᠯᠡᠪᠡ᠃      ᠨᠣᠮ ᠤᠩᠰᠢᠬᠤ ᠠᠩᠭᠢ ᠶᠢ ᠲᠥᠪᠯᠡᠷᠡᠭᠦᠯᠦᠨ ᠰᠤᠷᠤᠯᠴᠠᠭᠤᠯᠵᠤ ᠥᠪᠡᠷ ᠢᠶᠠᠨ ᠰᠤᠷᠤᠯᠴᠠᠬᠤ ᠪᠠ ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠰᠤᠷᠭᠠᠭᠤᠯᠢ ᠶᠢᠨ ᠰᠦᠨ ᠶᠠ ᠵᠢᠶᠧ ᠫᠷᠤᠹᠧᠰᠰᠤᠷ ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠪᠠ᠃      ᠯᠢ ᠯᠢᠦ ᠥᠭᠦᠯᠡᠯᠭᠡ᠂ ᠲᠥᠪ ᠤᠨ ᠨᠠᠢᠮᠠᠨ ᠲᠣᠭᠲᠠᠭᠠᠯ ᠪᠣᠯ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠪᠦᠬᠦ ᠲᠠᠯ᠎ᠠ ᠶᠢᠨ ᠰᠢᠰᠲ᠋ᠧᠮ ᠲᠠᠢ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ᠂ ᠨᠠᠮ ᠤᠨ ᠲᠥᠪ ᠬᠤᠷᠢᠶ᠎ᠠ ᠠᠴᠠ ᠲᠣᠭᠲᠠᠭᠠᠭᠰᠠᠨ ᠬᠠᠲᠠᠭᠤ ᠳᠦᠷᠢᠮ ᠬᠠᠲᠠᠭᠤ ᠪᠠᠷᠢᠮᠵᠢᠶ᠎ᠠ ᠪᠣᠯᠤᠨ᠎ᠠ᠃ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠤᠭ ᠵᠣᠬᠢᠶᠠᠯ ᠢ ᠰᠤᠷᠤᠯᠴᠠᠵᠤ ᠤᠭ ᠶᠣᠰᠣ ᠶᠢ ᠣᠶᠢᠯᠠᠭᠠᠬᠤ ᠶᠢ ᠪᠠᠷᠢᠮᠲᠠᠯᠠᠵᠤ᠂ ᠦᠵᠡᠯ ᠰᠠᠨᠠᠭᠠᠨ ᠤ ᠰᠠᠭᠤᠷᠢ ᠪᠠᠨ ᠪᠠᠬᠢᠵᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠦᠨᠡᠨᠴᠢ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃      ᠯᠢ ᠯᠢᠦ ᠥᠭᠦᠯᠡᠯᠭᠡ᠂ ᠰᠤᠷᠤᠯᠴᠠᠬᠤ ᠶᠢᠨ ᠳᠠᠭᠠᠤ ᠪᠠᠢᠴᠠᠭᠠᠨ ᠳᠡᠯᠭᠡᠬᠦ ᠶᠢ ᠪᠠᠷᠢᠮᠲᠠᠯᠠᠵᠤ᠂ ᠡᠯ᠎ᠡ ᠵᠦᠢᠯ ᠤᠨ ᠲᠣᠭᠲᠠᠭᠠᠯ ᠪᠣᠯᠤᠨ ᠨᠠᠷᠢᠨ ᠳᠦᠷᠢᠮ ᠲᠠᠢ ᠴᠢᠩᠭ᠎ᠠ ᠬᠠᠷᠢᠴᠠᠭᠤᠯᠵᠤ᠂ ᠵᠦᠢᠯ ᠳᠠᠷᠠᠭᠠᠯᠠᠨ ᠨᠠᠷᠢᠨ ᠳᠠᠩᠰᠠ ᠭᠠᠷᠭᠠᠵᠤ᠂ ᠠᠷᠭ᠎ᠠ ᠬᠡᠮᠵᠢᠶ᠎ᠡ ᠲᠣᠭᠲᠠᠭᠠᠵᠤ᠂ ᠦᠨᠡᠨ ᠬᠦ ᠲᠤᠰᠠᠲᠠᠢ ᠠᠷᠭ᠎ᠠ ᠬᠡᠮᠵᠢᠶ᠎ᠡ ᠠᠪᠴᠤ᠂ ᠨᠢᠭᠡ ᠠᠰᠠᠭᠤᠳᠠᠯ ᠨᠢᠭᠡ ᠠᠰᠠᠭᠤᠳᠠᠯ ᠢᠶᠠᠷ ᠱᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ᠨᠢᠭᠡ ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠵᠡᠷᠭᠡ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠭᠦᠨᠵᠡᠭᠡᠢ ᠪᠣᠳᠣᠯᠬᠢᠯᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠪᠣᠳᠠᠲᠠᠢ ᠠᠷᠭ᠎ᠠ ᠬᠡᠮᠵᠢᠶ᠎ᠡ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠰᠢᠯᠢᠳᠡᠭ ᠰᠤᠷᠲᠠᠯ᠂ ᠬᠥᠭᠵᠢᠯᠲᠡ ᠪᠠᠨ ᠲᠦᠷᠭᠡᠳᠬᠡᠬᠦ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ᠃      ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠨᠥᠬᠦᠳ ᠵᠢᠴᠢ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶ᠎ᠠ᠂ ᠵᠡᠭᠡᠯᠢ ᠭᠤᠳᠤᠮᠵᠢ ᠶᠢᠨ ᠠᠯᠪᠠᠨ ᠭᠡᠷ ᠤᠨ ᠪᠡᠯᠡᠳᠬᠡᠯ ᠳᠤᠭᠤᠶᠢᠯᠠᠩ ᠤᠨ ᠱᠦᠵᠢ ᠨᠣᠮ ᠤᠩᠰᠢᠬᠤ ᠠᠩᠬᠢ ᠳᠤ ᠣᠷᠣᠯᠴᠠᠪᠠ᠃    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号