ᠬᠤᠷᠢᠨᠭᠡᠷ ᠰᠢᠶᠠᠨ ᠤ ᠭᠠᠵᠠᠷ ᠬᠥᠳᠡᠯᠦᠯᠲᠡ ᠶᠢᠨ ᠲᠣᠪᠴᠢᠶ᠎ᠠ ᠪᠦᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠤᠨ ᠯᠠᠪᠯᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/25
     5 ᠰᠠᠷ᠎ᠠ ᠶᠢᠨ 12 ᠤᠨ ᠡᠳᠦᠷ᠂ ᠬᠤᠷᠢᠨᠭᠡᠷ ᠰᠢᠶᠠᠨ ᠤ ᠭᠠᠵᠠᠷ ᠬᠥᠳᠡᠯᠦᠯᠲᠡ ᠶᠢᠨ ᠲᠣᠪᠴᠢᠶ᠎ᠠ ᠱᠧᠩ ᠯᠧ ᠠᠭᠤᠳᠠᠮ ᠲᠠᠯᠠᠪᠠᠶ ᠳᠤ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠬᠤ - ᠳᠡᠷᠭᠡᠳᠡᠬᠢ ᠭᠠᠮᠰᠢᠭ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ︾ ᠭᠤᠤᠯ ᠰᠡᠳᠦᠪᠲᠦ ᠪᠥᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠤᠨ ᠯᠠᠪᠯᠠᠭ᠎ᠠ ᠶᠢᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠠᠵᠢᠯᠲᠠᠳ ᠠᠰᠠᠭᠤᠨ ᠯᠠᠪᠯᠠᠬᠤ ᠲᠠᠪᠴᠠᠩ ᠭᠠᠷᠭᠠᠬᠤ᠂ ᠤᠬᠠᠭᠤᠯᠭ᠎ᠠ ᠶᠢᠨ ᠰᠠᠮᠪᠠᠷ᠎ᠠ ᠲᠠᠯᠪᠢᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠨᠠᠰᠢ ᠴᠠᠰᠢ ᠥᠩᠭᠡᠷᠡᠬᠦ ᠣᠯᠠᠨ ᠲᠦᠮᠡᠨ ᠳᠤ ᠭᠠᠵᠠᠷ ᠬᠥᠳᠡᠯᠦᠯᠲᠡ ᠶᠢᠨ ᠭᠠᠮᠰᠢᠭ ᠤᠨ ᠬᠤᠤᠷ ᠬᠥᠨᠥᠭᠡᠯ᠂ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠵᠢᠴᠢ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠮᠡᠳᠡᠯᠭᠡ ᠶᠢ ᠤᠬᠠᠭᠤᠯᠪᠠ᠃ ᠣᠯᠠᠨ ᠲᠦᠮᠡᠨ ᠤ ᠳᠤᠷᠠᠳᠤᠭᠰᠠᠨ ᠠᠰᠠᠭᠤᠳᠠᠯ ᠳᠤ ᠴᠢᠭᠯᠡᠭᠦᠯᠦᠨ᠂ ᠠᠵᠢᠯᠲᠠᠳ ᠬᠦᠯᠢᠴᠡᠩᠭᠦᠶ ᠪᠠᠷ ᠨᠠᠷᠢᠨ ᠨᠢᠮᠪᠠᠶ ᠬᠠᠷᠢᠭᠤᠯᠲᠠ ᠥᠭᠪᠡ᠃ ᠲᠣᠰ ᠤᠳᠠᠭᠠᠨ ᠤ ᠠᠵᠢᠯᠯᠠᠭ᠎ᠠ ᠳᠤ ︽ᠪᠠᠴᠢᠮ ᠪᠠᠶᠢᠳᠠᠯ ᠢ ᠠᠷᠭᠠᠴᠠᠬᠤ ᠮᠡᠳᠡᠯᠭᠡ ᠶᠢᠨ ᠭᠠᠷ ᠳᠡᠪᠲᠡᠷ︾᠂ ︽ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠵᠤ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠶᠡᠷᠦ ᠶᠢᠨ ᠮᠡᠳᠡᠯᠭᠡ︾᠂ ︽ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠮᠡᠳᠡᠯᠭᠡ ᠶᠢᠨ ᠤᠬᠠᠭᠤᠯᠭ᠎ᠠ︾ ᠵᠡᠷᠭᠡ ᠤᠬᠠᠭᠤᠯᠭ᠎ᠠ ᠶᠢᠨ ᠭᠠᠷ ᠳᠡᠪᠲᠡᠷ 5 ᠵᠦᠢᠯ ᠤᠨ 800 ᠭᠠᠷᠤᠢ ᠳᠡᠪᠲᠡᠷ ᠲᠠᠷᠬᠠᠭᠠᠵᠤ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠮᠡᠳᠡᠯᠭᠡ ᠶᠢ ᠳᠠᠷᠤᠮᠠᠯᠯᠠᠭᠰᠠᠨ ᠭᠠᠷ ᠤᠭᠤᠲᠠ᠂ ᠬᠤᠷᠮᠦ᠋ᠢᠪᠴᠢ᠂ ᠠᠯᠴᠢᠭᠤᠷ ᠵᠡᠷᠭᠡ ᠤᠬᠠᠭᠤᠯᠭ᠎ᠠ ᠶᠢᠨ ᠡᠳ᠋ ᠢ 500 ᠬᠤᠪᠢ ᠲᠠᠷᠬᠠᠭᠠᠪᠠ᠃      ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠥᠷᠭᠡᠨ ᠣᠯᠠᠨ ᠲᠦᠮᠡᠨ ᠤ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠤᠨ ᠲᠤᠬᠠᠶ ᠲᠠᠨᠢᠯᠲᠠ ᠶᠢ ᠳᠡᠭᠡᠭᠰᠢᠯᠡᠭᠦᠯᠵᠦ᠂ ᠣᠯᠠᠨ ᠲᠦᠮᠡᠨ ᠤ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠦᠵᠡᠯ ᠤᠬᠠᠮᠰᠠᠷ ᠪᠠ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠨᠡᠮᠡᠭᠳᠡᠭᠦᠯᠵᠦ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠪᠦᠬᠦ ᠨᠡᠶᠢᠭᠡᠮ ᠢᠶᠠᠷ ᠢᠶᠠᠨ ᠠᠩᠬᠠᠷᠴᠤ᠂ ᠳᠡᠮᠵᠢᠵᠦ᠂ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ᠃ ᠳᠠᠷᠠᠭᠠᠴᠢ ᠶᠢᠨ ᠠᠯᠬᠤᠮ ᠳᠤ᠂ ᠬᠤᠷᠢᠨᠭᠡᠷ ᠰᠢᠶᠠᠨ ᠤ ᠭᠠᠵᠠᠷ ᠬᠥᠳᠡᠯᠦᠯᠲᠡ ᠶᠢᠨ ᠲᠣᠪᠴᠢᠶ᠎ᠠ ᠲᠤᠰ ᠤᠳᠠᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠤᠯᠠᠨ ᠬᠡᠯᠪᠡᠷᠢ ᠶᠢᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠦᠬᠦ ᠰᠢᠶᠠᠨ ᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠪᠣᠯᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠳᠤ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃    
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号