ᠥᠷᠢᠰᠦᠯᠳᠦᠭᠡᠨ ᠡᠬᠢᠯᠡᠯ᠎ᠡ︕ ᠬᠤᠷᠢᠨᠬᠡᠷ ᠤᠨ ᠮᠢᠩᠭᠠᠨ ᠮᠤ᠋ ᠴᠠᠨ᠎ᠠ ᠴᠡᠴᠡᠭ  ᠳᠡᠯᠭᠡᠷᠡᠯ᠎ᠡ
ᠨᠡᠶᠢᠲᠡᠯᠡᠭᠰᠡᠨ ᠴᠠᠭ᠄
2025/5/25
     ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠨᠭᠡᠷ  ᠴᠠᠨ᠎ᠠ ᠴᠡᠴᠡᠭ ᠤᠨ ᠰᠣᠶᠣᠯ ᠵᠢᠭᠤᠯᠴᠢᠯᠠᠯ ᠤᠨ ᠰᠢᠷᠢᠰ ᠠᠵᠢᠯᠯᠠᠭ᠎ᠠ ᠡᠬᠢᠯᠡᠪᠡ᠃ ᠡᠭᠦᠨ ᠤ ᠳᠣᠲᠣᠷ᠎ᠠ᠂ ᠴᠤᠤᠷᠢᠶ᠎ᠠ ᠤᠲᠠᠰᠤᠨ ᠳᠡᠭᠡᠷ᠎ᠡ ︽ᠬᠤᠸᠠ ᠱᠢᠶᠠᠨ ᠽᠢ ᠶᠢᠨ ᠥᠷᠢᠰᠦᠯᠳᠦᠭᠡᠨ ᠤ ᠤᠷᠤᠯᠳᠤᠭᠠᠨ︾ ᠭᠡᠬᠦ ᠶᠠᠷᠢᠶᠠᠨ ᠤ ᠰᠡᠳᠦᠪ ᠤᠨ ᠬᠠᠷᠠᠭᠠᠨ ᠳᠠᠪᠲᠠᠮᠵᠢ ᠴᠤᠭᠯᠠᠭᠤᠯᠬᠤ ᠠᠵᠢᠯᠯᠠᠭ᠎ᠠ ᠥᠷᠭᠡᠨ ᠣᠯᠠᠨ ᠣᠬᠤᠷ ᠸᠢᠳᠢᠣ ᠬᠡᠷᠡᠭᠯᠡᠭᠴᠢᠳ ᠲᠤ ᠬᠠᠨᠳᠤᠵᠤ  ᠬᠠᠯᠠᠭᠤᠮᠰᠤᠭ ᠢᠶᠠᠷ ᠤᠷᠢᠵᠤ ᠪᠠᠢᠨ᠎ᠠ᠃      ᠣᠷᠣᠯᠴᠠᠬᠤ ᠴᠠᠭ᠄ 5 ᠰᠠᠷ᠎ᠠ ᠶᠢᠨ 20 ᠤ ᠡᠳᠦᠷ ᠠᠴᠠ 6 ᠰᠠᠷ᠎ᠠ ᠶᠢᠨ 20 ᠤ ᠡᠳᠦᠷ ᠪᠣᠯᠲᠠᠯ᠎ᠠ ᠦᠷᠭᠦᠯᠵᠢᠯᠡᠨ᠎ᠡ᠃      ᠣᠷᠣᠯᠴᠠᠬᠤ ᠠᠷᠭ᠎ᠠ ᠮᠠᠶ᠋ᠢᠭ᠄ ᠣᠷᠣᠯᠴᠠᠭᠴᠢ ᠵᠥᠪᠬᠡᠨ ︽ᠴᠡᠴᠡᠭ ᠤᠨ ᠳᠠᠭᠢᠨᠢ ᠶᠢᠨ ᠥᠷᠢᠰᠦᠯᠳᠦᠭᠡᠨ ᠤ ᠤᠷᠤᠯᠳᠤᠭᠠᠨ︾ ᠤ ᠵᠠᠭᠪᠤᠷ ᠤᠨ ᠬᠡᠪᠯᠡᠯ ᠤᠨ ᠸᠢᠳᠢᠤ᠋ ᠨᠢ ᠠᠳᠠᠯᠢ ᠪᠤᠰᠤ ︽ᠴᠡᠴᠡᠭ ᠪᠠᠷᠢᠵᠤ ᠡᠷᠭᠢᠴᠡᠭᠦᠯᠬᠦ︾ ᠪᠤᠶᠤ ᠴᠠᠨ᠎ᠠ ᠴᠡᠴᠡᠭ ᠤᠨ ᠰᠣᠶᠣᠯ ᠵᠢᠭᠤᠯᠴᠢᠯᠠᠯ ᠤᠨ ᠰᠢᠷᠢᠰ ᠠᠵᠢᠯᠯᠠᠭ᠎ᠠ ᠶᠢ ᠳᠠᠭᠤᠷᠢᠶᠠᠬᠤ ᠪᠤᠶᠤ ᠰᠢᠨ᠎ᠡ ᠶᠢ ᠡᠭᠦᠳᠬᠦ ᠸᠢᠳᠢᠣ᠋ ᠶᠢ ᠰᠡᠭᠦᠳᠡᠷᠯᠡᠵᠦ᠂ ᠨᠡᠶᠢᠲᠡᠯᠡᠬᠦ ᠦᠶ᠎ᠡ ᠳᠤ ᠲᠣᠭᠲᠠᠭᠰᠠᠨ ᠶᠠᠷᠢᠶᠠᠨ ᠤ ᠰᠡᠳᠦᠪ ᠲᠠᠢ ᠪᠠᠶᠢᠬᠤ ᠬᠡᠷᠡᠭᠲᠡᠢ᠃      ᠤᠷᠤᠯᠳᠤᠭᠠᠨ ᠢ ᠪᠠᠭᠠᠴᠤᠳ ᠤᠨ ᠳᠤᠭᠤᠶᠢᠯᠠᠩ᠂ ᠵᠠᠯᠠᠭᠤᠴᠤᠳ ᠤᠨ ᠳᠤᠭᠤᠶᠢᠯᠠᠩ᠂ ᠨᠠᠰᠤᠳᠠᠨ  ᠤ ᠳᠤᠭᠤᠶᠢᠯᠠᠩ ᠭᠡᠵᠦ ᠬᠤᠪᠢᠶᠠᠵᠤ᠂ ᠡᠴᠦᠰ ᠲᠡᠭᠡᠨ ᠸᠢᠳᠢᠣ᠋ ᠶᠢᠨ ᠮᠠᠭᠲᠠᠭᠠᠯ ᠰᠠᠶᠢᠰᠢᠶᠠᠯ ᠢ ᠦᠨᠳᠦᠰᠦᠯᠡᠨ ᠨᠡᠷᠡᠰ ᠤᠨ ᠵᠢᠭᠰᠠᠭᠠᠯᠲᠠ ᠬᠢᠵᠦ᠂ ᠳᠤᠭᠤᠶᠢᠯᠠᠩ ᠪᠦᠷᠢ ᠶᠢᠨ ᠮᠠᠭᠲᠠᠭᠠᠯ ᠰᠠᠶᠢᠰᠢᠶᠠᠯ ᠢ ᠦᠨᠳᠦᠰᠦᠯᠡᠨ ᠲᠦᠷᠦᠭᠦᠤ ᠳᠥᠷᠪᠡᠨ ᠨᠡᠷᠡᠰ ᠲᠤ ᠵᠢᠭᠰᠠᠭᠠᠭᠳᠠᠭᠰᠠᠨ ᠬᠠᠷᠠᠭᠠᠨ ᠳᠠᠪᠲᠠᠮᠵᠢ ᠶᠢᠨ ᠵᠣᠬᠢᠶᠠᠨ ᠪᠦᠲᠦᠭᠡᠭᠴᠢᠳ ᠠᠮᠵᠢᠯᠲᠠ ᠲᠠᠢ ᠪᠠᠷ ᠰᠣᠩᠭᠤᠭᠳᠠᠪᠠ᠃ ᠡᠨᠡ ᠠᠷᠪᠠᠨ ᠬᠤᠶᠠᠷ ᠵᠤᠯ ᠲᠠᠢ ︽ᠴᠡᠴᠡᠭ ᠤᠨ ᠰᠠᠬᠢᠭᠤᠯᠰᠤᠨ︾ ᠨᠢ ᠪᠠᠰᠠ ᠲᠡᠳᠡᠨ ᠤ ᠦᠩᠭᠡ ᠭᠡᠷᠡᠯᠲᠦ ᠴᠠᠭ ᠮᠥᠴᠡ ᠶᠢ ᠤᠭᠲᠤᠨ ᠠᠪᠴᠢᠷᠠᠬᠤ ᠪᠣᠯᠣᠨ᠎ᠠ —  ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠨᠭᠡᠷ ᠴᠠᠨ᠎ᠠ ᠴᠡᠴᠡᠭ ᠤᠨ ᠰᠣᠶᠣᠯ ᠵᠢᠭᠤᠯᠴᠢᠯᠠᠯ ᠤᠨ ᠰᠢᠷᠢᠰ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠤᠨ ᠲᠠᠪᠴᠠᠩ ᠳᠡᠭᠡᠷ᠎ᠡ ᠥᠩᠭᠡ ᠢᠯᠭᠠᠷᠠᠵᠤ᠂ ᠡᠯ᠎ᠡ ᠭᠠᠵᠠᠷ ᠠᠴᠠ ᠢᠷᠡᠭᠰᠡᠨ ᠵᠢᠭᠤᠯᠴᠢᠯᠠᠭᠴᠢᠳ ᠲᠤ ᠥᠪᠡᠷᠮᠢᠴᠡ ᠷᠢᠳᠢ ᠰᠢᠳᠢ ᠶᠢ ᠳᠡᠯᠭᠡᠨ ᠦᠵᠡᠭᠦᠯᠬᠦ ᠶᠢᠨ ᠬᠠᠮᠲᠤ ᠵᠣᠬᠢᠬᠤ ᠱᠠᠩᠨᠠᠯ ᠭᠥᠷᠳᠡᠭᠰᠡᠨ ᠪᠠᠶᠢᠨ᠎ᠠ᠃      ᠬᠤᠷᠢᠨᠭᠡᠷ ᠴᠠᠨ᠎ᠠ ᠴᠡᠴᠡᠭ ᠤᠨ ᠰᠣᠶᠣᠯ ᠵᠢᠭᠤᠯᠴᠢᠯᠠᠯ ᠤᠨ ᠰᠢᠷᠢᠰ ᠠᠵᠢᠯᠯᠠᠭ᠎ᠠ ᠥᠨᠢ ᠤᠳᠠᠭᠠᠨ ᠲᠡᠦᠬᠡ ᠲᠠᠢ ᠂ ᠵᠢᠯ ᠪᠦᠷᠢ ᠶᠢᠨ 5 ᠰᠠᠷ᠎ᠠ ᠶᠢᠨ ᠰᠡᠭᠦᠯᠴᠢ ᠠᠴᠠ 6 ᠰᠠᠷ᠎ᠠ ᠶᠢᠨ ᠡᠬᠢ ᠪᠣᠯᠲᠠᠯ᠎ᠠ᠂ ᠬᠤᠷᠢᠨᠭᠡᠷ ᠡᠮᠦᠨ᠎ᠡ ᠠᠭᠤᠯᠠᠨ ᠤ ᠵᠢᠭᠤᠯᠴᠢᠯᠠᠯ ᠤᠨ ᠦᠵᠡᠮᠵᠢ ᠶᠢᠨ ᠣᠷᠣᠨ ᠤ ᠮᠢᠩᠭᠠᠨ ᠮᠦ ᠴᠠᠨ᠎ᠠ ᠴᠡᠴᠡᠭ ᠥᠷᠢᠰᠥᠯᠳᠦᠨ ᠳᠡᠯᠭᠡᠷᠡᠵᠦ᠂ 30 ᠭᠠᠷᠤᠢ ᠬᠤᠪᠣᠷ ᠨᠠᠨᠳᠢᠨ ᠲᠦᠷᠦᠯ ᠵᠦᠢᠯ ᠤᠨ ᠴᠠᠨ᠎ᠠ ᠴᠡᠴᠡᠭ ᠦᠵᠡᠮᠵᠢ ᠶᠢᠨ ᠣᠷᠣᠨ ᠢ ᠴᠡᠴᠡᠭ ᠤᠨ ᠳᠠᠯᠠᠢ  ᠪᠣᠯᠭᠠᠵᠤ᠂ ᠲᠤᠭ᠎ᠠ ᠲᠣᠮᠰᠢ ᠦᠭᠡᠢ ᠵᠢᠭᠤᠯᠴᠢᠯᠠᠭᠴᠢᠳ ᠤᠨ ᠠᠩᠬᠠᠷᠤᠯ ᠢ ᠲᠠᠲᠠᠵᠤ ᠪᠠᠶᠢᠨ᠎ᠠ᠃ ᠲᠣᠰ ᠬᠤᠭᠤᠴᠠᠭᠠᠨ ᠤ ᠴᠠᠨ᠎ᠠ ᠴᠡᠴᠡᠭ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠨᠢ ᠨᠠᠩ ᠴᠤ ᠴᠡᠴᠡᠭ ᠢᠶᠠᠷ ᠵᠠᠭᠤᠴᠢ ᠪᠣᠯᠭᠠᠵᠤ᠂ ᠪᠠᠶᠠᠯᠢᠭ ᠰᠠᠶᠢᠬᠠᠨ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠬᠤᠷᠢᠨᠭᠡᠷ ᠤᠨ ᠥᠪᠡᠷᠮᠢᠴᠡ ᠪᠠᠶᠢᠭᠠᠯᠢ ᠶᠢᠨ ᠥᠩᠭᠡ ᠦᠵᠡᠮᠵᠢ᠂ ᠭᠦᠨ ᠵᠤᠵᠠᠭᠠᠨ ᠰᠣᠶᠣᠯ ᠤᠨ ᠠᠭᠤᠯᠬᠤᠨ ᠵᠢᠴᠢ ᠬᠠᠯᠠᠭᠤᠮᠰᠤᠭ ᠵᠣᠴᠢᠨᠰᠠᠭ ᠵᠠᠩ ᠴᠢᠨᠠᠷ ᠢ ᠭᠦᠢᠴᠡᠳ ᠳᠡᠯᠭᠡᠨ ᠦᠵᠡᠭᠦᠯᠵᠦ ᠪᠠᠶᠢᠨ᠎ᠠ᠃ ᠲᠣᠰ ᠤᠳᠠᠭᠠᠨ ᠤ ᠳ᠋ᠸᠦ ᠶᠢᠨ ᠶᠠᠷᠢᠶᠠᠨ ᠤ ᠰᠡᠳᠦᠪ ᠤᠨ ᠸᠢᠳᠢᠣ᠋ ᠶᠢ ᠴᠤᠭᠯᠠᠭᠤᠯᠬᠤ ᠠᠵᠢᠯᠯᠠᠭ᠎ᠠ ᠨᠢ ᠥᠷᠭᠡᠨ ᠣᠯᠠᠨ ᠴᠤᠤᠷᠢᠶ᠎ᠠ ᠲᠡᠪᠴᠡᠩ ᠳᠤ ᠥᠪᠡᠷ ᠢ ᠪᠠᠨ ᠳᠡᠯᠭᠡᠨ ᠦᠵᠡᠭᠦᠯᠬᠦ ᠲᠠᠪᠴᠠᠩ ᠬᠠᠩᠭᠠᠭᠰᠠᠨ ᠢᠶᠠᠷ ᠪᠠᠷᠠᠬᠤ ᠥᠬᠡᠶ᠂ ᠨᠠᠩ ᠴᠤ ᠰᠡᠭᠦᠳᠡᠷᠯᠡᠬᠦ ᠮᠠᠰᠢᠨ ᠢ ᠠᠰᠢᠭᠯᠠᠨ᠂ ᠠᠳᠠᠯᠢ ᠪᠤᠰᠤ ᠬᠠᠷᠠᠭᠠᠰᠤ ᠠᠴᠠ ᠴᠠᠨ᠎ᠠ ᠴᠡᠴᠡᠭ ᠤᠨ ᠪᠠᠶᠠᠷ ᠢ ᠲᠡᠮᠳᠡᠭᠯᠡᠵᠦ᠂ ᠬᠤᠷᠢᠨᠭᠡᠷ ᠴᠠᠨ᠎ᠠ ᠴᠡᠴᠡᠭ ᠤᠨ ᠰᠣᠶᠣᠯ ᠵᠢᠭᠤᠯᠴᠢᠯᠠᠯ ᠤᠨ ᠰᠢᠷᠢᠰ ᠠᠵᠢᠯᠯᠠᠭ᠎ᠠ ᠶᠢᠨ ᠠᠯᠳᠠᠷᠰᠢᠯ ᠪᠠ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ᠃       ︽ᠴᠡᠴᠡᠭ ᠤᠨ ᠠᠷᠱᠢ︾ ᠠᠳᠠᠯᠢ ᠲᠥᠷᠥᠯ ᠤᠨ ︽ᠴᠡᠴᠡᠭ ᠪᠠᠷᠢᠵᠤ ᠡᠷᠭᠢᠴᠡᠭᠦᠯᠦᠯ ᠬᠢᠬᠦ︾ ᠣᠬᠤᠷ ᠸᠢᠳᠢᠣ᠂ ᠡᠰᠡᠬᠦᠯ᠎ᠡ ᠡᠷᠲᠡᠨ ᠤ ᠬᠤᠪᠴᠠᠰᠤ ᠡᠮᠦᠰᠴᠦ᠂ ᠴᠠᠨ᠎ᠠ ᠴᠡᠴᠡᠭ ᠤᠨ ᠳᠠᠯᠠᠢ ᠳᠤ ᠪᠥᠵᠢᠭᠯᠡᠵᠦ᠂ ᠶᠠᠭ ᠯᠠ ᠴᠡᠴᠡᠭ ᠳᠣᠲᠣᠷᠠᠬᠢ ᠠᠷᠱᠢ ᠶᠢᠨ ᠭᠤᠶᠣ ᠵᠢᠷᠤᠭ ᠮᠡᠲᠦ  ᠰᠠᠢᠬᠠᠨ ᠦᠵᠡᠭᠳᠡᠯ  ᠦᠦ ᠡᠰᠡᠬᠦᠯ᠎ᠡ ᠭᠡᠷ ᠤᠨ ᠬᠥᠮᠦᠰ᠂ ᠨᠠᠢᠵᠠ ᠨᠠᠷ ᠲᠠᠢ ᠪᠠᠨ ᠬᠠᠮᠲᠤ ᠴᠠᠨ᠎ᠠ ᠴᠡᠴᠡᠭ ᠤᠨ  ᠨᠠᠢᠷ ᠲᠤ ᠵᠤᠭᠠᠴᠠᠬᠤ ᠪᠠᠶᠠᠷ ᠬᠥᠷ ᠲᠤ ᠭᠱᠠᠨ ᠵᠠᠭᠤᠷ᠎ᠠ ᠂ ᠪᠠᠰᠠ ᠡᠰᠡᠬᠦᠯ᠎ᠡ ᠰᠡᠭᠦᠳᠡᠷᠯᠡᠬᠦ ᠮᠠᠰᠢᠨ ᠢᠶᠠᠷ ᠴᠠᠨ᠎ᠠ ᠴᠡᠴᠡᠭ ᠤᠨ ᠡᠷᠬᠢᠮᠰᠦᠭ ᠰᠠᠢᠬᠠᠨ ᠪᠠᠢᠳᠠᠯ ᠢ ᠢᠯᠡᠷᠡᠭᠦᠯᠵᠦ᠂ ᠶᠡᠭᠡ ᠪᠠᠢᠭᠠᠯᠢ ᠶᠢᠨ ᠭᠤᠶᠤ ᠵᠢᠷᠤᠭ ᠢ ᠢᠯᠡᠷᠡᠭᠦᠯᠬᠦ ᠠᠵᠢᠯ ᠪᠣᠯᠤᠨ᠎ᠠ᠂ ᠵᠥᠪᠬᠡᠨ ᠴᠢᠨᠦ ᠬᠠᠷᠠᠭᠠᠨ ᠳᠠᠪᠲᠠᠮᠵᠢ ᠪᠦᠲᠦᠭᠡᠯᠴᠢ ᠰᠡᠳᠭᠢᠯᠭᠡ ᠪᠠ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠃ ᠬᠤᠷᠳᠤᠨ ᠢᠷᠡᠵᠦ 2025 ᠶᠢᠨ ᠴᠠᠨ᠎ᠠ ᠴᠡᠴᠡᠭ ᠤᠨ ᠰᠣᠶᠣᠯ ᠵᠢᠭᠤᠯᠴᠢᠯᠠᠯ ᠤᠨ ᠰᠢᠷᠢᠰ ᠠᠵᠢᠯᠯᠠᠭ᠎ᠠ ᠳᠤ ᠣᠷᠣᠯᠴᠠᠵᠤ᠂  ᠴᠠᠨ᠎ᠠ ᠴᠡᠴᠡᠭ ᠤᠨ ᠠᠷᠰᠢ ᠶᠢᠨ ᠥᠷᠢᠰᠦᠯᠳᠦᠭᠡᠨ ᠤ ᠤᠷᠤᠯᠳᠤᠭᠠᠨ ᠳᠤ ᠣᠷᠣᠯᠴᠠᠵᠤ᠂ ᠴᠢᠨᠦ ᠸᠢᠳᠢᠤ᠋ ᠪᠠᠷ ᠴᠠᠨ᠎ᠠ ᠴᠡᠴᠡᠭ ᠤᠨ ᠲᠤᠭ ᠲᠤ ᠥᠭᠡᠷ᠎ᠡ ᠨᠢᠭᠡ ᠵᠦᠢᠯ ᠤᠨ ᠥᠩᠭᠡ ᠪᠤᠳᠤᠭ ᠨᠡᠮᠡᠷᠢᠯᠡᠵᠦ᠂ ᠪᠢᠳᠡ ᠬᠠᠮᠲᠤ ᠪᠠᠷ ᠡᠨᠡ ᠬᠦ ᠴᠠᠨ᠎ᠠ ᠴᠡᠴᠡᠭ ᠤᠨ ᠪᠠᠳᠠᠷᠠᠭᠰᠠᠨ ᠤᠯᠠᠷᠢᠯ ᠳᠤ ᠥᠪᠡᠷ ᠤᠨ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠬᠠᠮᠲᠤ ᠪᠠᠷ ᠡᠨᠡ ᠤᠳᠠᠭᠠᠨ ᠤ ᠷᠣᠮᠠᠨᠲ᠋ᠢᠭ ᠴᠠᠨ᠎ᠠ ᠴᠡᠴᠡᠭ ᠤᠨ ᠲᠠᠪᠴᠠᠩ ᠳᠤ ᠣᠴᠢᠨ᠎ᠠ︕      ᠲᠣᠰ ᠤᠳᠠᠭᠠᠨ ᠤ ᠠᠵᠢᠯᠯᠠᠭ᠎ᠠ ᠶᠢ ᠬᠥᠬᠡᠬᠤᠲᠠ ᠶᠢᠨ ᠬᠠᠮ ᠵᠠᠭᠤᠴᠢᠯᠠᠭᠤᠷ ᠤᠨ ᠲᠥᠪ᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠥᠬᠡᠬᠤᠲᠠ ᠶᠢᠨ ᠬᠤᠷᠢᠶ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠨᠭᠡᠷ ᠰᠢᠶᠠᠨ ᠤ ᠬᠤᠷᠢᠶᠠᠨ ᠤ ᠤᠬᠠᠭᠤᠯᠬᠤ ᠬᠡᠯᠲᠡᠰ ᠬᠠᠮᠲᠤᠷᠠᠨ ᠡᠬᠢᠯᠡᠭᠦᠯᠪᠡ᠃    
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号