ᠯᠢ ᠯᠢᠦ ᠰᠢᠶᠤᠤ ᠲᠦ᠋ ᠴᠧᠩᠽᠢ ᠶᠢᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ᠂ ᠴᠧᠩ ᠭᠤᠸᠠᠨ ᠪᠠᠯᠭᠠᠰᠤ ᠠᠴᠠ ᠰᠢᠨ᠎ᠡ ᠨᠢᠰᠬᠡᠯ ᠤᠨ ᠪᠠᠭᠤᠳᠠᠯ ᠬᠦᠷᠬᠦ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠲᠠ ᠵᠢᠴᠢ ᠴᠣᠷᠵᠢ ᠶᠢᠨ ᠠᠶᠢᠯ ᠪᠠᠯᠭᠠᠰᠤᠨ ᠤ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/5/26
     5 ᠰᠠᠷ᠎ᠠ ᠶᠢᠨ 7 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠯᠢᠦ ᠰᠢᠶᠤᠤ ᠲᠦ᠋ ᠴᠧᠩ ᠽᠢ ᠶᠢᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ᠂ ᠴᠧᠩ ᠭᠤᠸᠠᠨ ᠪᠠᠯᠭᠠᠰᠤ ᠠᠴᠠ ᠰᠢᠨ᠎ᠡ ᠨᠢᠰᠬᠡᠯ ᠤᠨ ᠪᠠᠭᠤᠳᠠᠯ ᠬᠦᠷᠬᠦ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠵᠢᠴᠢ ᠴᠣᠷᠵᠢ ᠶᠢᠨ ᠠᠶᠢᠯ ᠪᠠᠯᠭᠠᠰᠤᠨ ᠤ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃      ᠲᠦ᠋ ᠴᠧᠩ ᠽᠢ ᠶᠢᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠲᠤ᠂ ᠯᠢ ᠯᠢᠦ ᠰᠢᠶᠤᠤ ᠤᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ ᠪᠣᠯᠤᠨ ᠣᠷᠴᠢᠨ ᠲᠣᠭᠤᠷᠢᠨ ᠤ ᠵᠠᠰᠠᠯᠲᠠ ᠵᠡᠷᠭᠡ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠢᠶᠠᠷ ᠫᠠᠶᠢᠰᠠ ᠡᠯᠭᠦᠬᠦ ᠪᠠᠷ ᠬᠠᠷᠠᠯᠲᠠ ᠪᠣᠯᠭᠠᠬᠤ ᠶᠢ ᠪᠠᠷᠢᠮᠲᠠᠯᠠᠵᠤ ᠂ ᠡᠭᠦᠳᠦᠨ ᠪᠠᠶᠢᠭᠤᠯᠬᠤ ᠱᠠᠭᠠᠷᠳᠠᠯᠭ᠎ᠠ ᠲᠠᠢ ᠬᠠᠷᠢᠴᠠᠭᠤᠯᠵᠤ᠂ ᠠᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠵᠦ᠂ ᠠᠵᠢᠯ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠫᠠᠶᠢᠰᠠ ᠡᠯᠭᠦᠨ ᠰᠢᠯᠭᠠᠨ ᠠᠪᠬᠤ ᠡᠯ᠎ᠡ ᠵᠦᠢᠯ ᠤᠨ ᠪᠡᠯᠡᠳᠬᠡᠯ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ᠃ ᠨᠠᠷᠢᠯᠢᠬᠵᠢᠭᠤᠯᠬᠤ ᠳᠡᠭᠡᠷ᠎ᠡ ᠬᠦᠴᠦ ᠲᠠᠯᠪᠢᠵᠤ᠂ ᠴᠡᠴᠡᠷᠯᠢᠭ ᠤᠨ ᠶᠠᠰᠤ ᠴᠢᠨᠠᠷ ᠢ ᠳᠡᠭᠡᠭᠰᠢᠯᠡᠭᠦᠯᠬᠦ ᠪᠠ ᠡᠷᠬᠢᠨ ᠲᠣᠭᠤᠷᠢᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠲᠦᠷᠭᠡᠳᠬᠡᠨ ᠠᠬᠢᠭᠤᠯᠵᠤ᠂ ᠴᠡᠴᠡᠷᠯᠢᠭ ᠤᠨ ᠲᠦᠷᠢ ᠲᠥᠷᠬᠦ ᠪᠠ ᠵᠤᠭᠠᠴᠠᠭᠰᠠᠳ ᠤᠨ ᠣᠶᠢᠯᠠᠭᠠᠯᠲᠠ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠰᠣᠶᠣᠯ ᠤᠨ ᠥᠪ ᠢ ᠰᠤᠳᠤᠯᠬᠤ᠂ ᠲᠠᠶᠢᠯᠪᠤᠷᠢᠯᠠᠬᠤ᠂ ᠳᠡᠯᠭᠡᠨ ᠦᠵᠡᠭᠦᠯᠬᠦ ᠶᠢ ᠴᠢᠩᠭᠠᠳᠬᠠᠵᠤ᠂ ᠲᠠᠷᠢᠶᠠᠯᠠᠩ ᠰᠣᠶᠣᠯ ᠵᠤᠭᠠᠴᠠᠯ᠂ ᠬᠤᠳᠠᠯᠳᠤᠭ᠎ᠠ ᠰᠣᠶᠣᠯ ᠵᠤᠭᠠᠴᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ᠂ ᠪᠠᠭᠤᠷᠢ ᠶᠢᠨ ᠴᠡᠴᠡᠷᠯᠢᠭ ᠤᠨ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠤᠯᠠᠨ ᠲᠦᠮᠡᠨ ᠳᠤ ᠨᠡᠩ ᠢᠯᠡᠭᠦᠦ ᠬᠦᠷᠲᠡᠭᠡᠬᠦ ᠬᠡᠷᠡᠭᠲᠡᠢ᠃      ᠴᠧᠩ ᠭᠤᠸᠠᠨ ᠪᠠᠯᠭᠠᠰᠤ ᠠᠴᠠ ᠰᠢᠨ᠎ᠡ ᠨᠢᠰᠬᠡᠯ ᠤᠨ ᠪᠠᠭᠤᠳᠠᠯ ᠬᠦᠷᠬᠦ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠬᠤ ᠳᠠᠭᠠᠨ᠂ ᠯᠢ ᠯᠢᠦ ᠰᠢᠶᠤᠤ ᠲᠦᠷᠦᠯ ᠵᠦᠢᠯ ᠤᠨ ᠠᠬᠢᠴᠠ᠂ ᠡᠯᠧᠮᠧᠨ᠋ᠲ ᠤᠨ ᠪᠠᠲᠤᠯᠠᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠲᠦᠷᠦᠯ ᠵᠦᠢᠯ ᠢ ᠬᠡᠷᠡᠭᠵᠢᠭᠦᠯᠬᠦ ᠠᠬᠢᠴᠠ ᠶᠢ ᠲᠦᠷᠭᠡᠳᠬᠡᠵᠦ᠂ ᠢᠨᠵᠧᠨᠧᠷᠢᠩ ᠢ ᠲᠣᠭᠲᠠᠭᠰᠠᠨ ᠬᠤᠭᠤᠴᠠᠭᠠᠨ ᠳᠤ ᠪᠠᠶᠢᠭᠤᠯᠵᠤ ᠳᠠᠭᠤᠰᠬᠠᠨ ᠲᠡᠷᠭᠡ ᠨᠡᠪᠲᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠬᠡᠯᠡᠪᠡ᠃     ᠴᠣᠷᠵᠢ ᠶᠢᠨ ᠠᠶᠢᠯ ᠪᠠᠯᠭᠠᠰᠤᠨ ᠳᠤ᠂ ᠯᠢ ᠯᠢᠦ ᠰᠢᠶᠤᠤ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠠᠵᠤ ᠦᠢᠯᠡᠰ ᠤᠨ ᠬᠥᠭᠵᠢᠯᠲᠡ ᠵᠡᠷᠭᠡ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ ᠲᠡᠷᠡ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠪᠦᠷᠢᠨᠰᠢᠬᠦᠯᠵᠦ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠢ ᠭᠡᠵᠦ ᠬᠡᠯᠡᠪᠡ᠃ ᠳᠠᠯᠳᠠ ᠬᠦᠴᠦᠨ ᠲᠠᠢ᠂ ᠠᠯᠤᠰ ᠢᠷᠡᠭᠡᠳᠦᠢ ᠲᠠᠢ ᠠᠵᠤ ᠠᠬᠤᠶᠢᠯᠠᠯ ᠢ ᠭᠤᠣᠯᠳᠠᠯᠭ᠎ᠠ ᠲᠠᠢ ᠲᠡᠳᠬᠦᠵᠦ᠂ ᠬᠡᠪᠴᠢᠶᠡᠵᠢᠭᠦᠯᠦᠨ ᠬᠥᠭᠵᠢᠭᠦᠯᠬᠦ᠂ ᠪᠠᠷᠢᠮᠵᠢᠶᠠᠵᠢᠭᠤᠯᠤᠨ ᠦᠢᠯᠡᠳᠪᠦᠷᠢᠯᠡᠬᠦ ᠪᠠ ᠲᠦᠷᠦᠯ ᠲᠡᠮᠳᠡᠭᠵᠢᠭᠦᠯᠦᠨ ᠳᠡᠯᠭᠡᠷᠡᠭᠦᠯᠬᠦ ᠶᠢ ᠪᠠᠷᠢᠮᠲᠠᠯᠠᠵᠤ᠂ ᠦᠢᠯᠡᠳᠬᠦᠨ ᠤ ᠨᠡᠮᠡᠯᠲᠡ ᠦᠷᠳᠡᠭ ᠪᠣᠯᠤᠨ ᠵᠠᠬ᠎ᠠ ᠳᠡᠯᠭᠡᠭᠦᠷ ᠤᠨ ᠦᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠭᠦᠢᠴᠡᠳ ᠪᠠᠳᠠᠷᠠᠭᠤᠯᠵᠤ᠂ ᠲᠣᠰᠬᠤᠨ ᠤ ᠠᠷᠠᠳ ᠢ ᠪᠦᠯᠬᠦᠮᠳᠡᠭᠦᠯᠦᠨ ᠳᠠᠭᠠᠭᠤᠯᠵᠤ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠠᠵᠤ ᠦᠢᠯᠡᠰ ᠤᠨ ᠬᠥᠭᠵᠢᠯᠲᠡ ᠳᠤ ᠣᠷᠣᠯᠴᠠᠭᠤᠯᠵᠤ᠂ ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠦᠷᠭᠦᠯᠵᠢᠯᠡᠨ ᠥᠷᠭᠡᠳᠬᠡᠬᠦ ᠬᠡᠷᠡᠭᠲᠡᠢ᠃    
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号