ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠢᠷᠡᠯᠳᠡ
ᠨᠡᠶᠢᠲᠡᠯᠡᠭᠰᠡᠨ ᠴᠠᠭ᠄
2025/5/26
      ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠪᠣᠯ ᠵᠢᠯ ᠪᠦᠷᠢ ᠶᠢᠨ ᠪᠢᠯᠢᠭ ᠤᠨ ᠤᠯᠠᠷᠢᠯ ᠤᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ᠂ ᠪᠠᠰᠠ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠭᠡᠳᠡᠭ᠂ ᠳᠤᠮᠳᠠᠳᠤ ᠤᠯᠤᠰ ᠤᠨ ᠳᠥᠷᠪᠡᠨ ᠶᠡᠭᠡ ᠤᠯᠠᠮᠵᠢᠯᠠᠯᠲᠤ ᠪᠠᠶᠠᠷ ᠤᠨ ᠡᠳᠦᠷ ᠤᠨ ᠨᠢᠭᠡ ᠪᠣᠯᠤᠨ᠎ᠠ᠂ ᠡᠨᠡ ᠡᠳᠦᠷ ᠬᠥᠮᠦᠰ ᠯᠤᠤᠲᠤ ᠣᠩᠭᠤᠴᠠ ᠤᠷᠤᠯᠳᠤᠬᠤ᠂ ᠽᠦᠩᠽᠢ ᠢᠳᠡᠬᠦ᠂ ᠰᠤᠶᠢᠬ᠎ᠠ ᠡᠪᠡᠰᠦ ᠵᠡᠭᠦᠬᠦ ᠵᠡᠷᠭᠡ ᠪᠣᠯᠤᠨ᠎ᠠ᠃ ᠬᠠᠪᠤᠷ ᠨᠠᠮᠤᠷ ᠠᠴᠠ ᠡᠮᠦᠨ᠎ᠡ᠂ ᠲᠠᠪᠤᠨ ᠰᠠᠷ᠎ᠠ ᠶᠢᠨ  ᠰᠢᠨ᠎ᠡ  ᠶᠢᠨ ᠲᠠᠪᠤᠨ ᠤ ᠪᠠᠶᠠᠷ ᠪᠣᠯ ᠡᠪᠡᠳᠴᠢᠨ ᠢ ᠠᠷᠢᠯᠭᠠᠵᠤ ᠬᠢᠵᠢᠭ ᠢ ᠰᠡᠷᠭᠡᠢᠯᠡᠬᠦ ᠪᠠᠶᠠᠷ ᠤᠨ ᠡᠳᠦᠷ ᠪᠣᠯᠤᠨ᠎ᠠ᠂ ᠰᠡᠭᠦᠯᠡᠷ ᠨᠢ ᠤᠯᠤᠰ ᠢᠶᠠᠨ ᠬᠠᠢᠷᠠᠯᠠᠬᠤ  ᠰᠢᠯᠦᠭᠴᠢᠨ ᠴᠢᠦᠢ ᠶᠤᠸᠠᠨ ᠤ ᠡᠨᠡ ᠡᠳᠦᠷ ᠤᠯᠤᠰ ᠢᠶᠠᠨ ᠬᠠᠢᠷᠠᠯᠠᠬᠤ  ᠡᠷᠴᠢ ᠵᠣᠷᠢᠭ ᠠᠴᠠ ᠪᠣᠯᠵᠤ ᠠᠷᠠᠳ ᠲᠦᠮᠡᠨ ᠤ ᠴᠢᠦᠢ ᠶᠤᠸᠠᠨ ᠢ ᠲᠠᠬᠢᠬᠤ ᠵᠢᠴᠢ ᠲᠤᠮᠳᠠᠳᠤ ᠶᠢᠨ ᠦᠨᠳᠦᠰᠦᠲᠡᠨ ᠤ ᠴᠢᠨᠠᠷ ᠰᠠᠢᠲᠠᠢ ᠬᠠᠢᠷ᠎ᠠ ᠰᠡᠳᠭᠢᠯᠭᠡ ᠶᠢ ᠮᠥᠷᠥᠭᠡᠳᠬᠦ ᠪᠠᠶᠠᠷ ᠤᠨ ᠡᠳᠦᠷ ᠪᠣᠯᠵᠤ᠂ ᠣᠳᠣ ᠪᠣᠯᠲᠠᠯ᠎ᠠ ᠴᠢᠦᠢ ᠶᠤᠸᠠᠨ ᠤ ᠨᠡᠷ᠎ᠡ ᠠᠯᠳᠠᠷ ᠵᠠᠭᠤᠨ ᠦᠶ᠎ᠡ ᠪᠣᠯᠵᠤ᠂ ᠤᠯᠤᠰ ᠢᠶᠠᠨ  ᠬᠠᠢᠷᠠᠯᠠᠬᠤ ᠵᠣᠷᠢᠭ ᠰᠠᠨᠠᠭ᠎ᠠ  ᠳᠤᠮᠳᠠᠳᠤ ᠤᠯᠤᠰ ᠤᠨ ᠡᠯ᠎ᠡ ᠭᠠᠵᠠᠷ ᠲᠤ ᠤᠯᠠᠮᠵᠢᠯᠠᠭᠳᠠᠵᠤ ᠪᠠᠢᠨ᠎ᠠ᠃ ︽ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ︾ ᠨᠢ ᠤᠯᠤᠰ ᠤᠨ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠨᠢᠭᠡ ᠪᠣᠯᠤᠨ᠎ᠠ᠃ ᠲᠠᠪᠤᠨ ᠰᠠᠷ᠎ᠠ ᠵᠢᠨ‌‍ᠰᠢᠨ᠎ᠡ ᠶᠢᠨ ᠲᠠᠪᠤᠨ ᠤ ᠰᠣᠶᠣᠯ ᠳᠡᠯᠡᠬᠡᠢ ᠳᠡᠭᠡᠷ᠎ᠡ ᠥᠷᠭᠡᠨ ᠳᠡᠯᠭᠡᠷ ᠨᠥᠯᠥᠭᠡ ᠲᠠᠢ ᠪᠠᠢᠵᠤ᠂ ᠳᠡᠯᠡᠬᠡᠢ ᠳᠡᠭᠡᠷᠡᠬᠢ ᠵᠠᠷᠢᠮ ᠤᠯᠤᠰ ᠪᠠ ᠭᠠᠵᠠᠷ ᠣᠷᠣᠨ ᠳᠤ ᠪᠠᠰᠠ ᠲᠠᠪᠤᠨ ᠰᠠᠷ᠎ᠠ ᠵᠢᠨ‌‍ᠰᠢᠨ᠎ᠡ‌‍ᠶᠢᠨ ᠲᠠᠪᠤᠨ ᠤ ᠪᠠᠶᠠᠷ ᠢ ᠪᠡᠯᠭᠡᠯᠡᠬᠦ ᠠᠵᠢᠯᠯᠠᠭ᠎ᠠ  ᠪᠠᠢᠵᠤ᠂ 2009 ᠣᠨ ᠤ 9 ᠰᠠᠷ᠎ᠠ ᠳᠤ᠂ ᠣᠯᠠᠨ ᠤᠯᠤᠰ ᠤᠨ ᠬᠤᠯᠪᠣᠭᠠᠲᠤ ᠪᠠᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠢᠭᠤᠯᠤᠯᠲᠠ ᠲᠡᠭᠦᠨ ᠢ ︽ᠬᠥᠮᠦᠨ ᠲᠥᠷᠥᠯᠬᠢᠲᠡᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠪᠦᠲᠦᠭᠡᠯ ᠤᠨ ᠨᠡᠷᠡᠰ ᠤᠨ ᠵᠢᠭᠰᠠᠭᠠᠯᠲᠠ︾ ᠪᠠᠷ ᠵᠢᠩᠬᠢᠨᠢ ᠪᠠᠷ  ᠵᠦᠪᠰᠢᠶᠡᠷᠡᠵᠦ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠢ ᠳᠤᠮᠳᠠᠳᠤ ᠤᠯᠤᠰ ᠤᠨ ᠠᠩᠬᠠᠳᠠᠭᠴᠢ ᠳᠡᠯᠡᠬᠡᠢ ᠶᠢᠨ ᠪᠣᠳᠠᠰ ᠤᠨ ᠪᠤᠰᠤ ᠰᠣᠶᠣᠯ ᠤᠨ ᠥᠪ ᠢᠶᠠᠷ ᠰᠣᠩᠭᠤᠭᠳᠠᠭᠰᠠᠨ ᠪᠠᠶᠠᠷ ᠤᠨ ᠡᠳᠦᠷ ᠪᠤᠯᠭᠠᠪᠠ᠃      ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠲᠤ ᠽᠦᠩᠽᠢ  ᠢᠳᠡᠬᠦ ᠪᠠ ᠯᠤᠤᠲᠤ ᠣᠩᠭᠤᠴᠠ ᠣᠷᠣᠯᠳᠣᠬᠤ ᠵᠠᠩ  ᠲᠠᠳᠭᠠᠯ ᠨᠢ ᠮᠠᠨ ᠤ ᠤᠯᠤᠰ ᠤᠨ ᠲᠡᠦᠬᠡᠨ ᠳᠡᠭᠡᠷᠡᠬᠢ ᠠᠭᠤᠤ ᠶᠡᠭᠡ ᠰᠢᠯᠦᠭᠴᠢᠨᠴᠢᠦᠢ ᠶᠤᠸᠠᠨ ᠢ ᠲᠤᠷᠠᠰᠬᠠᠬᠤ ᠶᠢᠨ ᠲᠥᠯᠥᠭᠡ ᠶᠤᠮ᠂ ᠶᠠᠭ  ᠡᠢᠮᠦ ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ ᠤ ᠳᠠᠷᠠᠭ᠎ᠠ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠢ ︽ᠰᠢᠯᠦᠭᠴᠢ ᠶᠢᠨ ᠪᠠᠶᠠᠷ︾ ᠭᠡᠵᠦ ᠨᠡᠷᠡᠯ ᠡᠭᠰᠡᠨ ᠶᠤᠮ᠃      ᠴᠢᠦᠶ ᠶᠤᠸᠠᠨ ᠪᠣᠯ ᠳᠤᠮᠳᠠᠳᠤ ᠤᠯᠤᠰ ᠤᠨ ᠬᠠᠮᠤᠭ ᠤᠨ ᠠᠭᠤᠤ ᠶᠡᠭᠡ ᠷᠣᠮᠠᠨᠲ᠋ᠢᠭ ᠦᠵᠡᠯ ᠤᠨ ᠰᠢᠯᠦᠭᠴᠢᠨ ᠤ ᠨᠢᠭᠡ ᠮᠥᠨ᠂ ᠪᠠᠰᠠ ᠴᠤ ᠮᠠᠨ ᠤ ᠤᠯᠤᠰ ᠤᠨ ᠨᠢᠭᠡᠨᠲᠡ ᠮᠡᠳᠡᠭᠰᠡᠨ ᠬᠠᠮᠤᠭ ᠤᠨ ᠡᠷᠲᠡ ᠠᠯᠳᠠᠷᠲᠤ ᠰᠢᠯᠦᠭᠴᠢ ᠮᠥᠨ᠂ ᠳᠡᠯᠡᠬᠡᠶ ᠶᠢᠨ ᠰᠣᠶᠣᠯ ᠤᠨ ᠨᠠᠷᠠᠲᠤ ᠬᠥᠮᠦᠨ ᠮᠥᠨ᠃ ᠲᠡᠷᠡ ︽ᠴᠦ᠋ ᠤᠯᠤᠰ ᠤᠨ ᠦᠭᠡᠨ︾ ᠬᠡᠮᠡᠬᠦ ᠰᠤᠶᠤᠯ ᠢᠷᠭᠡᠨᠰᠢᠯ ᠢ ᠪᠤᠢ ᠪᠣᠯᠭᠠᠭᠰᠠᠨ ᠪᠥᠭᠡᠳ ︽ᠠᠮᠲᠠᠲᠤ ᠡᠪᠡᠰᠦ ᠭᠤᠶᠣ ᠬᠦᠮᠦᠨ︾ ᠬᠡᠮᠡᠬᠦ ᠤᠯᠠᠮᠵᠢᠯᠠᠯ ᠢ ᠡᠭᠦᠳᠦᠭᠰᠡᠨ ᠪᠠᠶᠢᠨ᠎ᠠ᠃ ᠲᠥᠯᠥᠭᠡᠯᠡᠭᠴᠢ ᠶᠢᠨ ᠪᠦᠲᠦᠭᠡᠯ ᠳᠤ ︽ᠰᠠᠯᠤᠯᠲᠠ︾᠂ ︽ᠶᠢᠰᠦᠨ ᠳᠠᠭᠤᠤ ︾ ᠵᠡᠷᠭᠡ ᠪᠠᠶᠢᠳᠠᠭ᠃      ᠮᠠᠨ ᠤ ᠤᠯᠤᠰ ᠤᠨ ᠲᠡᠦᠬᠡᠨ ᠳᠡᠭᠡᠷ᠎ᠡ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠪᠣᠯ ᠴᠢᠦᠶ ᠶᠤᠸᠠᠨ ᠤ ᠬᠡᠯᠡᠭᠰᠡᠨ ᠡᠴᠡ ᠨᠢᠭᠡᠨᠲᠡ 1500 ᠭᠠᠷᠤᠶ ᠵᠢᠯ ᠤᠨ ᠲᠡᠦᠬᠡ ᠲᠠᠢ ᠪᠣᠯᠤᠭᠰᠠᠨ ᠢ ᠳᠤᠷᠠᠰᠬᠠᠬᠤ ᠶᠢᠨ ᠲᠥᠯᠥᠭᠡ ᠶᠤᠮ᠃ ᠲᠡᠭᠡᠭᠡᠳ ᠴᠢᠦᠶ ᠶᠤᠸᠠᠨ  ᠯᠥᠸᠧ ᠵᠢᠶᠠᠩ ᠳᠤ ᠣᠷᠣᠭᠰᠠᠨ ᠤ ᠳᠠᠷᠠᠭ᠎ᠠ᠂ ᠲᠤᠬᠠᠶ ᠶᠢᠨ ᠭᠠᠵᠠᠷ ᠤᠨ ᠠᠷᠠᠳ ᠢᠷᠭᠡᠳ ᠳᠠᠷᠤᠶ ᠲᠦᠷᠭᠡᠨ ᠣᠩᠭᠤᠴᠠ ᠰᠡᠯᠢᠵᠦ ᠠᠪᠤᠷᠠᠨ᠂ ᠳ᠋ᠦᠩ ᠲᠢᠩ ᠨᠠᠭᠤᠷ ᠲᠤ ᠬᠦᠷᠴᠦ ᠂ ᠴᠢᠦᠶ ᠶᠤᠸᠠᠨ ᠤ ᠦᠬᠦᠳᠡᠯ ᠢ ᠶᠡᠷᠦ ᠣᠯᠵᠤ ᠦᠵᠡᠬᠦ ᠦᠭᠡᠶ ᠪᠠᠶᠢᠵᠠᠢ᠃ ᠲᠡᠷᠡ ᠦᠶ᠎ᠡ ᠳᠤ᠂ ᠶᠠᠭ ᠪᠣᠷᠣᠭᠠᠨ ᠲᠠᠢ ᠡᠳᠦᠷ᠂ ᠨᠠᠭᠤᠷ ᠳᠡᠭᠡᠷᠡᠬᠢ ᠪᠢᠴᠢᠬᠠᠨ ᠵᠠᠪᠢ ᠬᠠᠮᠲᠤ ᠳᠠᠯᠠᠢ ᠶᠢᠨ ᠬᠥᠪᠡᠭᠡᠨ ᠳᠠᠬᠢ ᠲᠢᠩᠰᠠ ᠶᠢᠨ ᠬᠠᠵᠠᠭᠤ ᠳᠤ ᠴᠤᠭᠯᠠᠵᠠᠢ᠃ ᠡᠷᠳᠡᠮᠲᠡᠨ ᠮᠡᠷᠭᠡᠳ ᠢ ᠱᠦᠭᠦᠬᠦ ᠶᠢᠨ ᠲᠥᠯᠥᠭᠡ ᠳᠠᠬᠢᠨ ᠨᠢᠭᠡ ᠤᠳᠠᠭ᠎ᠠ ᠪᠣᠷᠣᠭᠠᠨ ᠳᠤᠮᠳᠠᠭᠤᠷ ᠳ᠋ᠦᠩ ᠲᠢᠩ ᠨᠠᠭᠤᠷ ᠢ   ᠵᠤᠷᠢᠵᠠᠢ᠃ ᠭᠠᠰᠢᠭᠤᠳᠠᠯ ᠢᠶᠠᠨ ᠢᠯᠡᠳᠬᠡᠬᠦ ᠶᠢᠨ ᠲᠥᠯᠥᠭᠡ ᠬᠥᠮᠦᠰ ᠣᠩᠭᠤᠴᠠ ᠰᠡᠯᠢᠵᠦ ᠮᠥᠷᠡᠨ ᠳᠡᠭᠡᠭᠦᠷ ᠶᠠᠪᠤᠬᠤ  ᠳᠠᠭᠠᠨ ᠰᠠᠶ᠋ᠢ ᠯᠤᠤᠲᠤ ᠣᠩᠭᠤᠴᠠᠨ ᠤ ᠤᠷᠤᠯᠳᠤᠭᠠᠨ ᠪᠣᠯᠵᠤ ᠬᠥᠭᠵᠢᠭᠰᠡᠨ ᠪᠠᠶᠢᠨ᠎ᠠ᠃ ᠠᠷᠠᠳ ᠢᠷᠭᠡᠳ ᠪᠠᠰᠠ ᠭᠤᠣᠯ  ᠮᠦᠷᠡᠨ ᠤ ᠵᠢᠭᠠᠰᠤ ᠲᠡᠭᠦᠨ ᠤ ᠪᠡᠶ᠎ᠡ ᠶᠢ ᠢᠳᠡᠬᠦ ᠠᠴᠠ ᠠᠶᠤᠭᠠᠳ ᠭᠡᠷ ᠲᠤ ᠪᠠᠨ ᠬᠠᠷᠢᠵᠤ ᠪᠤᠳᠠᠭ᠎ᠠ ᠠᠪᠴᠤ ᠮᠥᠷᠡᠨ ᠳᠤ ᠣᠷᠣᠵᠤ᠂ ᠵᠢᠭᠠᠰᠤ ᠰᠠᠮ ᠬᠤᠷᠣᠬᠠᠢ ᠶᠢ ᠡᠪᠳᠡᠵᠦ᠂ ᠰᠡᠭᠦᠯᠡᠷ ᠨᠢ ᠽᠦᠩᠽᠢ ᠢᠳᠡᠬᠦ  ᠵᠠᠭᠰᠢᠯ ᠪᠣᠯᠤᠭᠰᠠᠨ ᠪᠠᠢᠨ᠎ᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号