ᠬᠤᠷᠢᠨᠭᠡᠷ ᠰᠢᠶᠠᠨ᠄ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠢ ᠬᠥᠳᠡᠭᠡ ᠲᠣᠰᠬᠤᠨ ᠳᠤ ᠬᠦᠷᠭᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2025/5/27
     5 ᠰᠠᠷ᠎ᠠ ᠶᠢᠨ 25 ᠤ ᠡᠳᠦᠷ᠂ ᠬᠤᠷᠢᠨᠭᠡᠷ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠲᠤᠰᠬᠠᠶ ᠮᠡᠷᠭᠡᠵᠢᠯᠲᠡᠨ ᠪᠠᠭᠰᠢ ᠲᠠᠢ ᠬᠠᠮᠲᠤᠷᠠᠨ ᠴᠣᠷᠵᠢ ᠶᠢᠨ ᠠᠶᠢᠯ ᠪᠠᠯᠭᠠᠰᠤᠨ ᠳᠤ ᠭᠦᠨᠵᠡᠭᠡᠶᠢᠷᠡᠨ ᠰᠢᠨᠵᠢᠯᠡᠬᠦ ᠤᠬᠠᠭᠠᠨ ᠮᠡᠷᠭᠡᠵᠢᠯ ᠢ ᠬᠥᠳᠡᠭᠡ ᠪᠠᠭᠤᠯᠭᠠᠬᠤ ᠲᠠᠷᠢᠶᠠᠯᠠᠩ ᠤᠨ ᠮᠡᠳᠡᠯᠭᠡ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠲᠣᠰᠬᠤᠨ ᠤ ᠠᠷᠠᠳ ᠪᠣᠯᠤᠨ ᠲᠠᠷᠢᠮᠠᠯ ᠤᠨ ᠡᠷᠦᠬᠡ ᠳᠤ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠮ᠎ᠡ ᠲᠡᠵᠢᠭᠡᠯ︾ ᠢ ᠠᠪᠴᠢᠷᠠᠵᠤ ᠥᠭᠪᠡ᠃      ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ ᠠᠵᠢᠯᠲᠠᠳ ᠠᠰᠠᠭᠤᠨ ᠯᠠᠪᠯᠠᠬᠤ ᠲᠠᠪᠴᠠᠩ ᠭᠠᠷᠭᠠᠵᠤ᠂ ᠤᠬᠠᠭᠤᠯᠭ᠎ᠠ ᠶᠢᠨ ᠰᠠᠮᠪᠠᠷ᠎ᠠ ᠶᠢ ᠳᠡᠯᠭᠡᠵᠦ᠂ ᠨᠠᠰᠢ ᠴᠠᠰᠢ ᠥᠩᠭᠡᠷᠡᠬᠦ ᠲᠣᠰᠬᠤᠨ ᠤ ᠠᠷᠠᠳ ᠲᠤ ᠲᠠᠷᠢᠶᠠᠯᠠᠩ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠠᠲ᠋ᠧᠷᠢᠶᠠᠯ ᠢ ᠲᠠᠷᠬᠠᠭᠠᠵᠤ᠂ ᠲᠠᠷᠢᠮᠠᠯ ᠪᠤᠶᠢᠵᠢᠭᠤᠯᠬᠤ᠂ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠬᠥᠷᠥᠰᠥ ᠰᠢᠷᠣᠶ ᠶᠢ ᠰᠠᠶᠢᠵᠢᠷᠠᠭᠤᠯᠬᠤ ᠵᠡᠷᠭᠡ ᠣᠯᠠᠨ ᠲᠠᠯ᠎ᠠ ᠶᠢᠨ ᠠᠭᠤᠯᠭ᠎ᠠ ᠶᠢ ᠬᠠᠮᠤᠷᠴᠠᠶ᠃ ᠲᠣᠰᠬᠤᠨ ᠤ ᠠᠷᠠᠳ ᠤᠨ ᠳᠤᠷᠠᠳᠤᠭᠰᠠᠨ ᠠᠰᠠᠭᠤᠳᠠᠯ ᠤᠨ ᠡᠮᠦᠨ᠎ᠡ᠂ ᠠᠵᠢᠯᠲᠠᠳ ᠲᠤᠰᠬᠠᠢ ᠮᠡᠷᠭᠡᠵᠢᠯᠲᠡᠨ ᠲᠠᠢ ᠬᠦᠯᠢᠴᠡᠩᠭᠦᠢ ᠪᠠᠷ ᠬᠠᠷᠢᠭᠤᠯᠲᠠ ᠥᠭᠴᠦ᠂ ᠳᠥᠭᠦᠮ ᠣᠶᠢᠯᠠᠭᠠᠮᠵᠢᠲᠠᠢ ᠦᠭᠡ ᠬᠡᠯᠡ ᠪᠠᠷ ᠲᠤᠰᠬᠠᠢ ᠮᠡᠷᠭᠡᠵᠢᠯ ᠤᠨ ᠮᠡᠳᠡᠯᠭᠡ ᠶᠢ ᠲᠠᠶᠢᠯᠪᠤᠷᠢᠯᠠᠪᠠ᠃      ᠳᠠᠷᠠᠭ᠎ᠠ ᠨᠢ᠂ ᠲᠤᠰᠬᠠᠶ ᠮᠡᠷᠭᠡᠵᠢᠯᠲᠡᠨ ᠪᠠᠭᠰᠢ ᠨᠠᠷ ᠲᠠᠷᠢᠮᠠᠯ ᠤᠨ ᠡᠷᠦᠬᠡ ᠳᠤ ᠣᠷᠣᠵᠤ᠂ ︽ᠨᠢᠭᠡ ᠳᠤ ᠨᠢᠭᠡ ︾ ᠶᠢᠨ ᠨᠠᠷᠢᠯᠢᠭ ᠣᠨᠣᠴᠠᠲᠠᠶ ᠪᠠᠷ ᠵᠢᠯᠣᠭᠤᠳᠴᠤ᠂ ᠲᠠᠷᠢᠶᠠᠴᠢᠨ ᠡᠷᠦᠬᠡ ᠪᠣᠯᠤᠨ ᠲᠠᠷᠢᠮᠠᠯ ᠤᠨ ᠡᠷᠦᠬᠡ ᠳᠤ ᠲᠤᠯᠭᠠᠷᠠᠭᠰᠠᠨ ᠪᠣᠳᠠᠲᠠᠶ ᠠᠰᠠᠭᠤᠳᠠᠯ ᠳᠤ ᠴᠢᠭᠯᠡᠭᠦᠯᠦᠨ᠂ ᠠᠳᠠᠯᠢ ᠪᠤᠰᠤ ᠳᠠᠷᠢᠵᠤ ᠲᠡᠵᠢᠭᠡᠬᠦ ᠪᠠᠶᠢᠳᠠᠯ ᠳᠤ ᠴᠢᠭᠯᠡᠭᠦᠯᠦᠨ ︽ᠰᠤᠳᠠᠯ ᠪᠠᠷᠢᠵᠤ ᠣᠨᠣᠰᠢᠯᠠᠬᠤ︾ ᠵᠢᠴᠢ ᠲᠠᠷᠢᠮᠠᠯ ᠤᠨ ᠤᠷᠭᠤᠴᠠ ᠤᠳᠠᠭᠠᠨ᠂ ᠡᠪᠡᠳᠴᠢᠨ ᠬᠤᠷᠣᠬᠠᠶ ᠶᠢᠨ ᠭᠠᠮᠰᠢᠭ ᠪᠠᠶᠢᠨ ᠳᠠᠬᠢᠨ ᠭᠠᠷᠴᠤ ᠪᠠᠶᠢᠭ᠎ᠠ ᠵᠡᠷᠭᠡ ᠳᠤ ᠴᠢᠭᠯᠡᠭᠦᠯᠦᠨ ᠪᠣᠳᠠᠲᠠᠶ ᠰᠢᠢᠳᠪᠦᠷᠢᠯᠡᠬᠦ ᠲᠥᠰᠦᠯ ᠭᠠᠷᠭᠠᠵᠤ᠂ ᠲᠤᠬᠠᠶ ᠶᠢᠨ ᠲᠠᠯᠠᠪᠤᠷ ᠲᠤ ᠫᠷᠤᠹᠧᠰᠰᠤᠷ ᠤᠨ ᠲᠠᠷᠢᠶᠠᠨ ᠭᠠᠵᠠᠷ ᠤᠨ ᠬᠠᠮᠢᠶᠠᠷᠤᠯᠲᠠ ᠶᠢᠨ ᠤᠷ᠎ᠠ ᠮᠡᠷᠭᠡᠵᠢᠯ ᠢ ᠵᠢᠭᠠᠵᠤ ᠥᠭᠪᠡ᠃ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠠᠭᠰᠢ ᠪᠠᠰᠠ ᠲᠣᠰ ᠭᠠᠵᠠᠷ ᠤᠨ ᠬᠥᠷᠥᠰᠥ ᠰᠢᠷᠣᠶ᠂ ᠠᠭᠤᠷ ᠠᠮᠢᠰᠬᠤᠯ ᠤᠨ ᠨᠥᠬᠦᠴᠡᠯ ᠲᠠᠢ ᠤᠶᠠᠯᠳᠤᠭᠤᠯᠤᠨ᠂ ᠳᠠᠷᠢᠬᠤ ᠳᠤ ᠳᠣᠭᠢᠷᠠᠬᠤ ᠲᠠᠷᠢᠮᠠᠯ ᠤᠨ ᠰᠢᠨ᠎ᠡ ᠡᠭᠦᠯᠳᠡᠷ ᠵᠢᠴᠢ ᠳᠠᠷᠢᠬᠤ ᠮᠡᠷᠭᠡᠵᠢᠯ ᠢ ᠬᠤᠪᠢᠶᠠᠯᠴᠠᠪᠠ᠃      ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ︽ᠡᠴᠦᠰ ᠤᠨ ᠨᠢᠭᠡ ᠺᠢᠯᠣᠮᠧᠳ᠋ᠷ︾ ᠢ ᠨᠡᠪᠲᠡᠷᠡᠭᠦᠯᠵᠦ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶᠠᠴᠢᠨ ᠡᠷᠦᠬᠡ ᠳᠤ ᠦᠨᠡᠨ ᠬᠦ ᠠᠰᠢᠭ ᠬᠦᠷᠲᠡᠭᠡᠪᠡ᠃ ᠳᠠᠷᠠᠭᠠᠴᠢ ᠶᠢᠨ ᠠᠯᠬᠤᠮ ᠳᠤ ᠂ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠥᠳᠡᠭᠡ ᠲᠣᠰᠬᠤᠨ ᠤ ᠤᠨᠴᠠᠯᠢᠭᠳᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃    
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号