5 ᠰᠠᠷ᠎ᠠ ᠶᠢᠨ 27 ᠤ ᠡᠳᠦᠷ᠂ ᠬᠤᠷᠢᠨᠭᠡᠷ ᠰᠢᠶᠠᠨ ᠰᠢᠨ᠎ᠡ ᠶᠢ ᠡᠭᠦᠳᠬᠦ ᠪᠠᠶᠡᠴᠢ ᠴᠣᠭᠴᠠ ᠱᠠᠲᠣᠯᠠᠨ | ᠪᠤᠶᠢᠵᠢᠭᠤᠯᠬᠤ ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠵᠢᠴᠢ ᠵᠢᠭᠠᠨ ᠵᠢᠯᠣᠭᠤᠳᠬᠤ ᠲᠤᠰᠬᠠᠢ ᠰᠡᠳᠦᠪᠲᠦ | ᠪᠣᠯᠪᠠᠰᠤᠷᠠᠯ ᠤᠨ ᠬᠤᠷᠠᠯ ᠢ ᠡᠷᠬᠢᠯᠡᠵᠤ ᠭᠤᠶᠣᠴᠢᠯᠠᠨ ᠮᠡᠳᠡᠭᠦᠯᠪᠠ᠃ ᠬᠤᠷᠢᠨᠭᠡᠷ ᠰᠢᠶᠠᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠪᠣᠯᠤᠨ ᠬᠤᠷᠢᠨᠭᠡᠷ | ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠬᠠᠮᠲᠤᠷᠠᠨ ᠡᠷᠭᠢᠯᠡᠵᠦ᠂ ᠰᠢᠶᠠᠨ ᠤ ᠬᠡᠪᠴᠢᠶᠡᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠪᠣᠯᠪᠠᠰᠤᠷᠠᠭᠤᠯᠤᠯ ᠳᠤ ᠣᠷᠣᠯᠴᠠᠵᠠᠶ᠃ | ᠬᠤᠷᠠᠯ ᠨᠢ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠱᠠᠲᠤᠯᠠᠨ | ᠪᠤᠶᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠪ ᠳᠠᠭᠤᠷᠢᠶᠠᠯ ᠤᠨ | ᠠᠵᠤ ᠠᠬᠤᠶᠢᠯᠠᠯ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ | ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠢ ᠲᠣᠭᠲᠠᠭᠠᠬᠤ᠂ ᠲᠦᠷᠦ ᠶᠢᠨ ᠪᠤᠳᠤᠯᠭ᠎ᠠ ᠶᠢᠨ ᠳᠡᠮᠵᠢᠯᠭᠡ᠂ | ᠰᠢᠨᠵᠢᠯᠡᠬᠦ ᠤᠬᠠᠭᠠᠨ ᠮᠡᠷᠭᠡᠵᠢᠯ ᠤᠨ ᠮᠦᠩᠭᠦᠨ ᠭᠦᠢᠯᠭᠡᠭᠡ᠂ ᠭᠠᠶᠢᠯᠢ ᠶᠢᠨ ᠶᠠᠪᠤᠳᠠᠯ ᠤᠨᠬᠠᠮᠢᠶᠠᠷᠤᠯᠲᠠ ᠵᠡᠷᠭᠡ | ᠠᠭᠤᠯᠭ᠎ᠠ ᠶᠢᠨ ᠲᠣᠭᠤᠷᠢᠨ ᠳᠤ ᠲᠤᠰᠬᠠᠢ ᠰᠡᠳᠦᠪᠲᠦ ᠲᠠᠶᠢᠯᠤᠮᠵᠢ ᠬᠢᠵᠦ᠂ ᠠᠵᠤ ᠠᠬᠤᠶᠢᠯᠠᠯ ᠢ ᠬᠠᠪᠰᠤᠷᠤᠨ | ᠲᠦᠷᠦ ᠶᠢᠨ ᠪᠤᠳᠤᠯᠭ᠎ᠠ ᠶᠢᠨ ᠭᠤᠣᠯᠳᠠᠯᠭ᠎ᠠ ᠶᠢ ᠣᠨᠣᠪᠴᠢᠲᠠᠢ ᠡᠵᠡᠮᠰᠢᠭᠦᠯᠵᠦ᠂ ᠰᠢᠨ᠎ᠡ ᠶᠢ ᠡᠭᠦᠳᠬᠦ ᠴᠢᠳᠠᠪᠤᠷᠢ | ᠪᠣᠯᠤᠨ ᠵᠠᠬ᠎ᠠ ᠳᠡᠯᠭᠡᠭᠦᠷ ᠤᠨ ᠦᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠶᠢᠨ ᠲᠥᠯᠥᠭᠡ ᠶᠤᠮ᠃ | ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠲᠤᠰᠬᠠᠶ ᠮᠡᠷᠭᠡᠵᠢᠯᠲᠡᠨ ᠤ ᠪᠦᠯᠬᠦᠮ ᠤᠨ ᠬᠢᠨ ︽ᠥᠪᠥᠷ | ᠮᠣᠩᠭᠤᠯ ᠤᠨ ᠰᠢᠨᠵᠢᠯᠡᠬᠦ ᠤᠬᠠᠭᠠᠨ ᠤ ᠴᠤᠭᠯᠠᠷᠠᠯ︾ ᠤᠨ ᠬᠤᠪᠢ ᠬᠤᠷᠠᠮᠳᠤᠭᠤᠯᠬᠤ ᠲᠥᠷᠥ ᠶᠢᠨ ᠪᠣᠳᠣᠯᠭ᠎ᠠ᠂ | ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡᠨ ᠤ ᠦᠢᠯᠡᠳᠬᠦᠨ᠂ ᠭᠠᠶᠢᠯᠢ ᠲᠤᠰᠢᠶᠠᠬᠤ ᠢᠲᠡᠭᠡᠮᠵᠢ ᠶᠢᠨ | ᠬᠠᠮᠢᠶᠠᠷᠤᠯᠲᠠ᠂ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢ ᠬᠤᠷᠢᠶᠠᠩᠭᠤᠶᠢᠯᠠᠨ ᠪᠤᠳᠤᠬᠤ᠂ ᠳᠡᠭᠡᠳᠦ | ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠵᠡᠷᠭᠡ ᠭᠤᠤᠯ ᠰᠡᠳᠦᠪ ᠤᠨ | ᠲᠤᠬᠠᠶ ᠲᠣᠰ ᠲᠣᠰ ᠨᠠᠷᠢᠨ ᠲᠠᠶᠢᠯᠤᠮᠵᠢ ᠬᠢᠭᠰᠡᠨ ᠪᠥᠭᠡᠳ ᠪᠣᠳᠠᠲᠤ ᠬᠡᠷᠡᠭ ᠤᠨ ᠵᠢᠱᠢᠶ᠎ᠡ ᠲᠠᠢ ᠪᠠᠨ ᠤᠶᠠᠯᠳᠤᠭᠤᠯᠤᠨ | ᠠᠵᠤ ᠠᠬᠤᠶᠢᠯᠠᠯ ᠳᠤ ᠭᠤᠶᠤᠴᠢᠯᠠᠨ ᠮᠡᠳᠡᠭᠦᠯᠬᠦ ᠵᠢᠯᠣᠭᠤᠳᠣᠯᠭ᠎ᠠ ᠬᠠᠩᠭᠠᠭᠰᠠᠨ ᠪᠠᠶᠢᠨ᠎ᠠ᠃ | ᠲᠣᠰ ᠤᠳᠠᠭᠠᠨ ᠤ ᠪᠣᠯᠪᠠᠰᠤᠷᠠᠭᠤᠯᠤᠯ ᠤᠨ ᠬᠤᠷᠠᠯ ᠢ ᠡᠷᠭᠢᠯᠡᠭᠰᠡᠨ ᠨᠢ ᠠᠵᠤ ᠠᠬᠤᠶᠢᠯᠠᠯ ᠤᠨ ᠰᠢᠨ᠎ᠡ ᠶᠢ | ᠡᠭᠦᠳᠬᠦ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ᠂ ᠰᠢᠶᠠᠨ ᠤ ᠬᠡᠪᠴᠢᠶᠡᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠱᠠᠲᠤᠯᠵᠢᠨ ᠦᠰᠦᠨ ᠪᠤᠶᠢᠵᠢᠬᠤ ᠳᠤ ᠬᠦᠴᠦᠨ ᠨᠡᠮᠡᠷᠢᠯᠡᠵᠦ᠂ ᠠᠵᠤ | ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠪᠣᠯᠤᠨ᠎ᠠ᠃ |