ᠬᠥᠳᠡᠯᠮᠦᠷᠢ ᠶᠢ ᠬᠦᠨᠳᠦᠳᠬᠡᠬᠦ᠂ ᠬᠥᠳᠡᠯᠮᠦᠷᠢ ᠶᠢ ᠡᠷᠬᠢᠮᠯᠡᠬᠦ᠂ ᠬᠥᠳᠡᠯᠮᠦᠷᠢ ᠶᠢ ᠬᠠᠶᠢᠷᠠᠯᠠᠬᠤ ᠰᠠᠶᠢᠨ ᠰᠠᠶᠢᠬᠠᠨ | ᠬᠡᠪ ᠰᠤᠷᠲᠠᠯ ᠢ ᠪᠣᠶ ᠪᠣᠯᠭᠠᠬᠤ ᠶᠢᠨ ᠲᠥᠯᠥᠭᠡ᠂ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠵᠤ᠂ 5 | ᠰᠠᠷ᠎ᠠ ᠶᠢᠨ 28 ᠤ ᠡᠳᠦᠷ᠂ ᠬᠤᠷᠢᠨᠭᠡᠷ ᠰᠢᠶᠠᠨ ᠤ ᠠᠵᠢᠯᠴᠢᠨ ᠤ ᠶᠡᠷᠦᠩᠬᠡᠶ ᠡᠪᠯᠡᠯ ︽︿ᠽᠦᠩᠽᠢ ᠶᠢᠨ ᠬᠠᠶᠢᠷ᠎ᠠ | ᠰᠡᠳᠬᠢᠯᠭᠡ ᠶᠢᠨ ᠰᠢᠨ᠎ᠡ ᠡᠵᠡᠩᠨᠡᠯᠲᠡ ᠶᠢᠨ ᠬᠡᠯᠪᠡᠷᠢ﹀᠂ ︿ᠰᠢᠨ᠎ᠡ ᠠᠮᠢᠳᠤᠷᠠᠯ﹀ ᠢᠶᠠᠷ ᠭᠤᠤᠯ ᠰᠡᠳᠦᠪ ᠪᠣᠯᠭᠠᠭᠰᠠᠨ | ᠪᠣᠳᠠᠰ ᠤᠨ ᠪᠤᠰᠤ ᠰᠣᠶᠣᠯ ᠤᠨ ᠥᠪ ᠤᠨ ᠴᠠᠭᠠᠰᠤᠨ ᠬᠠᠶᠢᠴᠢᠯᠠᠮᠠᠯ ᠢ ᠪᠡᠶᠡᠴᠢᠯᠡᠨ ᠣᠶᠢᠯᠠᠭᠠᠬᠤ ᠠᠵᠢᠯᠯᠠᠭ᠎ᠠ | ᠥᠷᠨᠢᠭᠦᠯᠵᠦ᠂ ᠬᠡᠷ ᠤᠨ ᠭᠠᠳᠠᠨᠠᠬᠢ ᠠᠵᠢᠯ ᠢ ᠬᠢᠵᠦ ᠪᠠᠶᠢᠭ᠎ᠠ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ | ᠬᠥᠳᠡᠯᠮᠦᠷᠢᠴᠢᠳ ᠲᠤ ᠪᠠᠶᠠᠷ ᠤᠨ ᠡᠳᠦᠷ ᠤᠨ ᠵᠥᠩᠨᠡᠯ ᠳᠡᠪᠰᠢᠭᠦᠯᠪᠡ᠃ | ᠠᠩᠬᠢᠯᠤᠮ᠎ᠠ ᠦᠨᠦᠷᠲᠦ ᠽᠦᠩᠽᠢ ᠨᠢ ᠠᠭᠠᠭᠢᠮ᠎ᠠ ᠬᠠᠯᠠᠭᠤᠨ ᠵᠤᠨ ᠤ ᠤᠯᠠᠷᠢᠯ ᠳᠤ ᠠᠩᠬᠢᠯᠤᠮ᠎ᠠ ᠦᠨᠦᠷ | ᠬᠠᠩᠬᠢᠭᠤᠯᠤᠨᠠ᠂ ᠠᠵᠢᠯᠲᠠᠳ ᠬᠤᠪᠢᠶᠠᠨ ᠰᠠᠪᠠᠯᠠᠭᠰᠠᠨ ᠽᠦᠩᠽᠢ ᠵᠡᠷᠭᠡ ᠲᠣᠬᠤᠨᠢᠭᠤᠯᠬᠤ ᠡᠳ᠋ ᠢ ᠱᠢᠨ᠎ᠡ ᠠᠵᠢᠯ | ᠣᠯᠭᠤᠬᠤ ᠬᠡᠯᠪᠡᠷᠢ ᠶᠢᠨ ᠬᠥᠳᠡᠯᠮᠦᠷᠢᠴᠢᠳ ᠤᠨ ᠭᠠᠷ ᠲᠤ ᠬᠦᠷᠭᠡᠬᠦ ᠦᠶᠡᠰ᠂ ᠭᠠᠳᠠᠭᠰᠢ ᠬᠤᠭᠤᠯᠠ ᠬᠦᠷᠭᠡᠬᠦ ᠠᠬ᠎ᠠ | ᠂ ᠲᠦᠷᠭᠡᠨ ᠬᠦᠷᠭᠡᠭᠴᠢ᠂ ᠪᠠᠷᠠᠭᠠᠨ ᠤ ᠲᠡᠷᠭᠡᠨ ᠵᠢᠯᠣᠭᠤᠴᠢ ᠨᠠᠷ ᠲᠠᠯᠠᠷᠬᠠᠵᠤ ᠪᠠᠢᠬᠤ ᠪᠠᠨ ᠢᠯᠡᠳᠭᠡᠪᠡ᠃ | ᠳᠠᠷᠠᠭ᠎ᠠ ᠨᠢ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠨ ᠢ ᠵᠣᠬᠢᠶᠠᠨ ᠪᠠᠶᠢᠭᠤᠯᠵᠤ ᠱᠧᠩ ᠯᠧ | ᠮᠦᠽᠧᠢ ᠶᠢ ᠲᠣᠭᠤᠷᠢᠨ ᠦᠵᠡᠭᠦᠯᠦᠭᠰᠡᠨ ᠪᠥᠭᠡᠳ ᠬᠤᠷᠢᠨᠭᠡᠷ ᠴᠠᠭᠠᠰᠤᠨ ᠬᠠᠶᠢᠴᠢᠯᠠᠮᠠᠯ ᠤᠨ ᠦᠵᠡᠭᠦᠯᠦᠯᠭᠡ ᠶᠢᠨ | ᠣᠷᠳᠣᠨ ᠳᠤ ᠴᠠᠭᠠᠰᠤᠨ ᠬᠠᠶᠢᠴᠢᠯᠠᠮᠠᠯ ᠢ ᠣᠶᠢᠯᠠᠭᠠᠬᠤ ᠠᠵᠢᠯᠯᠠᠭ᠎ᠠ ᠥᠷᠨᠢᠭᠦᠯᠪᠡ᠃ ᠮᠠᠰᠢ ᠣᠯᠠᠨ ᠠᠵᠢᠯᠲᠠᠨ | ᠡᠩ ᠤᠨ ᠦᠶ᠎ᠡ ᠳᠤ ᠴᠠᠭᠠᠰᠤᠨ ᠬᠠᠶᠢᠴᠢᠯᠠᠮᠠᠯ ᠲᠠᠢ ᠣᠶᠢᠷᠠᠲᠤᠭᠰᠠᠨ ᠦᠭᠡᠢ᠂ ᠣᠯᠠᠨ ᠢᠶᠠᠷ ᠢᠶᠠᠨ ᠪᠠᠶᠠᠷ ᠬᠥᠷ ᠲᠠᠢ | ᠪᠠᠶᠢᠵᠤ᠂ ᠢᠳᠡᠪᠬᠢᠲᠡᠶ ᠪᠠᠷ ︽ᠬᠠᠶᠢᠴᠢᠯᠠᠬᠤ︾ ᠨᠡᠭᠡᠭᠡᠵᠡᠶ᠃ | ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠠᠭᠠᠭᠢᠮ᠎ᠠ ᠬᠠᠯᠠᠭᠤᠨ ᠵᠤᠨ ᠤ ᠡᠳᠦᠷ ᠲᠤ ᠦᠭᠡ | ᠳᠠᠭᠤᠨ ᠦᠭᠡᠢ ᠪᠠᠷ ᠵᠣᠷᠢᠭᠤᠯᠵᠤ᠂ ᠰᠢᠷᠭᠠᠭᠤ ᠠᠵᠢᠯᠯᠠᠵᠤ ᠪᠠᠶᠢᠭ᠎ᠠ ᠬᠡᠷ ᠤᠨ ᠭᠠᠳᠠᠨᠠᠬᠢ ᠬᠥᠳᠡᠯᠮᠦᠷᠢᠴᠢᠳ ᠤᠨ | ᠬᠥᠮᠦᠰ ᠲᠤ ᠪᠠᠶᠠᠷ ᠤᠨ ᠡᠳᠦᠷ ᠤᠨ ᠲᠣᠬᠤᠨᠢᠭᠤᠯᠤᠯ ᠪᠠ ᠵᠣᠨ ᠤ ᠡᠳᠦᠷ ᠤᠨ ᠰᠡᠷᠢᠭᠦᠨ ᠬᠦᠷᠭᠡᠵᠦ᠂ ᠠᠵᠢᠯᠴᠢᠨ ᠤ | ᠶᠡᠷᠦᠩᠬᠡᠶ ᠡᠪᠯᠡᠯ ᠢ ᠠᠵᠢᠯᠲᠠᠨᠲ᠋ᠠᠢ ᠨᠠᠩ ᠣᠶᠢᠷᠠᠲᠤᠭᠤᠯᠵᠠᠶ᠃ ᠬᠤᠶᠢᠰᠢᠳᠠ ᠶᠢᠨ ᠠᠵᠢᠯ ᠤᠨ ᠳᠤᠮᠳᠠ᠂ ᠮᠠᠨ ᠤ | ᠰᠢᠶᠠᠨ ᠥᠷᠭᠡᠨ ᠤᠯᠠᠨ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠬᠥᠳᠡᠯᠮᠦᠷᠢᠴᠢᠳ ᠲᠤ ᠦᠢᠯᠡᠴᠢᠯᠡᠬᠦ ᠰᠢᠨ᠎ᠡ ᠠᠷᠭ᠎ᠠ | ᠵᠠᠮ᠂ ᠰᠢᠨ᠎ᠡ ᠠᠷᠭ᠎ᠠ ᠶᠢ ᠦᠷᠭᠦᠯᠵᠢᠯᠡᠨ ᠰᠦᠪᠡᠭᠴᠢᠯᠡᠵᠦ᠂ ᠨᠡᠩ ᠶᠡᠭᠡ ᠬᠡᠪᠴᠢᠶᠡᠨ ᠤ ᠦᠢᠯᠡᠴᠢᠯᠡᠭᠡ ᠶᠢ | ᠪᠦᠷᠬᠦᠬᠦᠯᠬᠦ ᠶᠢ ᠪᠡᠶᠡᠯᠡᠭᠦᠯᠵᠦ᠂ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠬᠥᠳᠡᠯᠮᠦᠷᠢᠴᠢᠳ ᠲᠤ ︽ᠲᠥᠷᠬᠦᠮ ᠤᠨ | ᠬᠥᠮᠦᠰ︾ ᠤᠨ ᠬᠠᠶᠢᠷ᠎ᠠ ᠬᠠᠯᠠᠮᠵᠢ ᠶᠢ ᠦᠨᠡᠨᠬᠦ ᠮᠡᠳᠡᠷᠡᠭᠦᠯᠦᠨ᠎ᠡ᠃ | |