5 ᠰᠠᠷ᠎ᠠ ᠶᠢᠨ 28 ᠤ ᠡᠳᠦᠷ᠂ ᠬᠤᠷᠢᠨᠭᠡᠷ ᠰᠢᠶᠠᠨ ︽ᠳᠤᠮᠳᠠᠳᠤ ᠶᠢᠨ ᠰᠣᠶᠣᠯ ᠢ ᠭᠡᠶᠢᠭᠦᠯᠵᠦ᠂ | ᠰᠣᠶᠣᠯ ᠤᠨ ᠰᠤᠳᠠᠰᠤ ᠶᠢ ᠦᠷᠭᠦᠯᠵᠢᠯᠡᠭᠦᠯᠬᠦ︾ ᠳᠣᠯᠣᠳᠤᠭᠠᠷ ᠬᠤᠭᠤᠴᠠᠭᠠᠨ ᠤ ᠳᠤᠮᠳᠠᠳᠤ ᠶᠢᠨ ᠰᠣᠩᠭᠤᠳᠠᠭ | ᠵᠣᠬᠢᠶᠠᠯ ᠢ ᠤᠩᠰᠢᠬᠤ ᠤᠷᠤᠯᠳᠤᠭᠠᠨ ᠶᠠᠪᠤᠭᠤᠯᠵᠤ᠂ ᠰᠣᠩᠭᠤᠳᠠᠭ ᠵᠣᠬᠢᠶᠠᠯ ᠢ ᠤᠩᠰᠢᠬᠤ᠂ ᠬᠠᠮᠲᠤ ᠪᠠᠷ | ᠥᠷᠢᠰᠥᠯᠳᠦᠬᠦ ᠪᠠᠷ ᠳᠠᠮᠵᠢᠭᠤᠯᠤᠨ᠂ ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ ᠪᠠᠶᠢᠭᠠᠳ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠤᠶᠤᠨ ᠤᠬᠠᠭᠠᠨ ᠪᠠ ᠬᠦᠴᠦᠨ ᠴᠢᠳᠠᠯ ᠢ ᠰᠢᠩᠭᠡᠭᠡᠨ | ᠠᠪᠤᠭᠤᠯᠪᠠ᠃ | ᠲᠣᠰ ᠤᠳᠠᠭᠠᠨ ᠤ ᠰᠣᠩᠭᠤᠳᠠᠭ ᠪᠦᠲᠦᠭᠡᠯ ᠢ ᠤᠩᠰᠢᠬᠤ ᠤᠷᠤᠯᠳᠤᠭᠠᠨ ᠳᠤ ᠲᠣᠰ ᠰᠢᠶᠠᠨ ᠤ ᠡᠯ᠎ᠡ | ᠳᠤᠮᠳᠠᠳᠤ ᠪᠠᠭ᠎ᠠ ᠰᠤᠷᠭᠠᠭᠤᠯᠢ ᠶᠢᠨ 21 ᠲᠥᠯᠥᠭᠡᠯᠡᠭᠴᠢᠳ ᠤᠨ ᠠᠩᠭᠢ ᠣᠷᠣᠯᠴᠠᠵᠤ᠂ ᠤᠷᠤᠯᠳᠤᠭᠠᠨ ᠤ ᠠᠬᠤᠶ | ᠲᠠᠯᠠᠪᠠᠶ ᠶᠢᠨ ᠠᠭᠤᠷ ᠠᠮᠢᠰᠬᠤᠯ ᠬᠥᠷ ᠬᠥᠭᠵᠢᠶᠡᠨ ᠲᠠᠢ ᠪᠥᠭᠡᠳ ᠲᠥᠪ ᠶᠡᠬᠡᠮᠰᠦᠭ ᠪᠠᠶᠢᠯ᠎ᠠ᠃ ᠲᠠᠶᠢᠰᠠᠨ ᠳᠡᠭᠡᠷ᠎ᠡ᠂ | ᠪᠠᠭᠰᠢ ᠰᠤᠷᠤᠭᠴᠢᠳ ᠡᠯ᠎ᠡ ᠵᠦᠢᠯ ᠤᠨ ᠬᠤᠪᠴᠠᠰᠤ ᠬᠤᠨᠠᠷ ᠢᠶᠠᠨ ᠡᠮᠦᠰᠴᠦ᠂ ᠨᠢᠳᠦᠨ ᠳᠤᠨᠢ ᠢᠲᠡᠭᠡᠯ ᠤᠨ ᠭᠡᠷᠡᠯ | ᠭᠢᠯᠪᠠᠭ᠎ᠠ ᠪᠠᠨ ᠰᠠᠴᠤᠷᠠᠭᠤᠯᠵᠤ ᠪᠠᠶᠢᠯ᠎ᠠ᠃ ᠲᠡᠳᠡ ᠴᠢᠩ ᠦᠨᠡᠨᠴᠢ ᠣᠷᠭᠢᠯᠤᠮ᠎ᠠ ᠬᠠᠯᠠᠭᠤᠨ ᠰᠡᠳᠬᠢᠯᠭᠡ ᠪᠠᠷ ᠨᠢᠭᠡ | ᠪᠠᠳᠠᠭ ᠰᠣᠩᠭᠤᠳᠠᠭ ᠰᠠᠶᠢᠬᠠᠨ ᠪᠦᠲᠦᠭᠡᠯ ᠢ ᠳᠡᠯᠭᠡᠷᠡᠭᠦᠯᠵᠦ ᠬᠥᠮᠦᠰ ᠤᠨ ᠰᠡᠳᠬᠢᠯ ᠢ ᠬᠥᠳᠡᠯᠭᠡᠨ᠎ᠡ᠃ ︽ᠨᠢᠭᠡ | ᠰᠡᠳᠭᠢᠯ ᠢᠶᠠᠷ ᠳᠤᠮᠳᠠᠳᠤ ᠶᠢᠨ ᠰᠦᠭ ᠰᠦᠨᠡᠰᠦ ᠶᠢ ᠬᠠᠮᠲᠤ ᠪᠠᠷ ᠴᠣᠭᠴᠠᠯᠠᠶ᠎ᠠ︾ ᠭᠡᠬᠦ ᠴᠢᠩ ᠦᠨᠡᠨᠴᠢ ᠤᠯᠤᠰ | ᠭᠡᠷ ᠤᠨ ᠰᠡᠳᠭᠢᠯ ᠠᠴᠠ ︽ᠠᠷᠢᠬᠢᠨ ᠳᠤ ᠣᠷᠣᠨ᠎ᠠ︾ ᠭᠡᠬᠦ ᠰᠣᠶᠣᠯ ᠤᠨ ᠦᠨᠦᠷ ᠠᠮᠲᠠ᠂ ︽ᠰᠠᠷᠠᠨ ᠤ ᠭᠡᠷᠡᠯ | ᠳᠣᠲᠣᠷᠠᠬᠢ ᠳᠤᠮᠳᠠᠳᠤ ᠤᠯᠤᠰ︾ ᠭᠡᠬᠦ ᠠᠭᠤᠯᠠᠨ ᠭᠤᠣᠯ ᠤᠨ ᠵᠢᠷᠤᠭ ᠠᠴᠠ ︽ᠰᠢᠯᠦᠭ ᠤᠩᠰᠢᠭᠤᠯᠭᠠ ᠶᠢᠨ ᠴᠤᠭ | ᠵᠢᠪᠬᠤᠭ᠎ᠠ︾ ᠶᠢᠨ ᠴᠠᠭ ᠦᠶ᠎ᠡ ᠬᠦᠷᠲᠡᠯ᠎ᠡ᠂ ᠤᠳᠠᠭ᠎ᠠ ᠪᠦᠷᠢ ᠶᠢᠨ ᠤᠩᠰᠢᠯᠭ᠎ᠠ ᠪᠣᠯ ᠴᠥᠮ ᠰᠣᠩᠭᠤᠳᠠᠭ | ᠪᠦᠲᠦᠭᠡᠯ ᠳᠤ ᠬᠦᠨᠳᠦᠳᠬᠡᠯ ᠳᠡᠪᠰᠢᠭᠦᠯᠵᠦ᠂ ᠳᠤᠮᠳᠠᠳᠤ ᠶᠢᠨ ᠦᠰᠦᠭ ᠪᠢᠴᠢᠭ ᠤᠨ ᠰᠦᠷ ᠳᠠᠯᠠᠶᠢᠴᠠᠲᠠᠢ ᠬᠦᠴᠦᠨ | ᠴᠢᠳᠠᠯ ᠪᠠ ᠨᠠᠷᠢᠯᠢᠭ ᠬᠠᠶᠢᠷ᠎ᠠ ᠰᠡᠳᠬᠢᠯᠭᠡ ᠶᠢ ᠭᠦᠢᠴᠡᠳ ᠢᠯᠡᠷᠡᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ | ᠰᠣᠶᠣᠯ ᠤᠨ ᠬᠢᠵᠠᠭᠠᠯᠠᠰᠢ ᠦᠭᠡᠢ ᠷᠢᠳᠢ ᠰᠢᠳᠢ ᠶᠢ ᠲᠠᠬᠢᠨ ᠢᠯᠡᠷᠡᠭᠦᠯᠬᠦ ᠶᠠᠪᠤᠳᠠᠯ ᠪᠣᠯᠤᠨ᠎ᠠ᠃ | ᠲᠤᠰ ᠤᠳᠠᠭᠠᠨ ᠤ ᠤᠷᠤᠯᠳᠤᠭᠠᠨ ᠨᠢ ᠮᠢᠩᠭᠠᠨ ᠵᠢᠯ ᠤᠨ ᠪᠣᠯᠪᠠᠰᠤᠨ ᠤ ᠭᠠᠯ ᠶᠢ ᠵᠠᠯᠠᠭᠤᠴᠤᠳ | ᠪᠠᠭᠠᠴᠤᠳ ᠤᠨ ᠰᠡᠳᠬᠢᠯ ᠳᠤ ᠳᠦᠷᠡᠯᠵᠡᠬᠦᠯᠪᠡ︔ ᠳᠤᠮᠳᠠᠳᠤ ᠶᠢᠨ ᠰᠣᠩᠭᠤᠳᠠᠭ ᠪᠦᠲᠦᠭᠡᠯ ᠢ ᠤᠩᠰᠢᠵᠤ᠂ | ᠤᠯᠠᠮᠵᠢᠯᠠᠯᠲᠤ ᠰᠣᠶᠣᠯ ᠤᠨ ᠭᠧᠨ ᠢ ᠰᠢᠨ᠎ᠡ ᠨᠢᠭᠡ ᠦᠶ᠎ᠡ ᠶᠢᠨ ᠤᠶᠤᠨ ᠰᠠᠨᠠᠭᠠᠨ ᠤ ᠴᠢᠰᠤᠨ ᠰᠤᠳᠠᠰᠤ ᠶᠢ | ᠠᠭᠤᠰᠬᠠᠪᠠ᠃ ᠬᠤᠶᠢᠰᠢᠳᠠ ᠶᠢᠨ ᠠᠵᠢᠯ ᠤᠨ ᠳᠤᠮᠳᠠ᠂ ᠬᠤᠷᠢᠨᠭᠡᠷ ᠰᠢᠶᠠᠨ ᠤ ᠬᠢᠨ ᠰᠣᠩᠭᠤᠳᠠᠭ ᠪᠦᠲᠦᠭᠡᠯ ᠢ | ᠦᠷᠭᠦᠯᠵᠢᠯᠡᠨ ᠤᠩᠰᠢᠬᠤ ᠪᠠᠷ ᠬᠤᠯᠪᠣᠭᠠᠰᠤ ᠪᠣᠯᠭᠠᠵᠤ᠂ ᠰᠡᠳᠬᠢᠯ ᠵᠢᠷᠦᠬᠡ ᠶᠢ ᠤᠮᠳᠠᠯᠠᠬᠤ ᠰᠣᠶᠣᠯ ᠤᠨ ᠦᠪᠡᠳᠡᠭᠰᠢ | ᠨᠠᠶᠢᠷ ᠢ ᠡᠭᠦᠳᠴᠦ᠂ ᠪᠦᠬᠦ ᠰᠢᠶᠠᠨ ᠤ ᠪᠠᠭᠰᠢ ᠰᠤᠷᠤᠭᠴᠢᠳ ᠢ ᠬᠥᠲᠥᠯᠥᠨ ᠳᠠᠭᠠᠭᠤᠯᠵᠤ ᠬᠠᠮᠲᠤ ᠪᠠᠷ ᠪᠣᠯᠪᠠᠰᠤᠨ ᠤ | ᠦᠨᠳᠦᠰᠦ ᠰᠤᠷᠪᠤᠯᠵᠢ ᠶᠢ ᠬᠠᠶᠢᠨ ᠰᠦᠪᠡᠭᠴᠢᠯᠡᠵᠦ᠂ ᠦᠰᠦᠭ ᠪᠢᠴᠢᠭ ᠤᠨ ᠳᠤᠮᠳᠠ ᠡᠷᠡᠯᠬᠡᠭᠯᠡᠨ ᠤᠷᠤᠭᠰᠢᠯᠠᠬᠤ | ᠬᠦᠴᠦᠨ ᠢ ᠰᠢᠩᠭᠡᠭᠡᠨ ᠠᠪᠴᠤ᠂ ᠨᠣᠮ ᠤᠨ ᠦᠨᠦᠷ ᠢ ᠰᠤᠷᠭᠠᠭᠤᠯᠢ ᠶᠢᠨ ᠬᠦᠷᠢᠶᠡᠨ ᠳᠤ ᠪᠢᠯᠬᠠᠵᠤ᠂ ᠰᠣᠩᠭᠤᠳᠠᠭ | ᠪᠦᠲᠦᠭᠡᠯ ᠢ ᠬᠥᠮᠦᠨ ᠤ ᠠᠮᠢᠳᠤᠷᠠᠯ ᠢ ᠭᠡᠷᠡᠯᠲᠦᠭᠦᠯᠵᠦ᠂ ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ ᠡᠭᠦᠳᠬᠦ | ᠳᠤᠮᠳᠠ ᠳᠤᠮᠳᠠᠳᠤ ᠶᠢᠨ ᠰᠣᠶᠣᠯ ᠤᠨ ᠰᠤᠳᠠᠰᠦᠨ ᠤ ᠭᠡᠷᠡᠯ ᠰᠠᠴᠤᠷᠠᠩᠭᠤᠢ ᠰᠢᠨ᠎ᠡ ᠬᠠᠭᠤᠳᠠᠰᠤ ᠶᠢ ᠦᠷᠭᠦᠯᠵᠢᠯᠡᠨ | ᠪᠢᠴᠢᠭᠯᠡᠬᠦ ᠪᠣᠯᠤᠨ᠎ᠠ᠃ | ᠲᠣᠰ ᠤᠳᠠᠭᠠᠨ ᠤ ᠠᠵᠢᠯᠯᠠᠭ᠎ᠠ ᠶᠢ ᠬᠤᠷᠢᠨᠭᠡᠷ ᠰᠢᠶᠠᠨ ᠤ ᠦᠭᠡ ᠬᠡᠯᠡ ᠦᠰᠦᠭ ᠪᠢᠴᠢᠭ ᠤᠨ ᠠᠵᠢᠯ ᠤᠨ | ᠵᠥᠪᠯᠡᠯ᠂ ᠬᠤᠷᠢᠨᠭᠡᠷ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ᠂ ᠬᠤᠷᠢᠨᠭᠡᠷ ᠰᠢᠶᠠᠨ ᠤ ᠣᠶᠤᠨ ᠤ | ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠬᠡᠷ᠂ ᠬᠤᠷᠢᠨᠭᠡᠷ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠲᠥᠪ ᠵᠢᠴᠢ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠷᠢᠨᠭᠡᠷ ᠰᠢᠶᠠᠨ ᠤ ᠬᠤᠷᠢᠶ᠎ᠠ ᠠᠴᠠ | ᠬᠠᠮᠲᠤᠷᠠᠨ ᠡᠷᠭᠢᠯᠡᠪᠡ᠃ |